2023 ᠣᠨ ᠤ ᠠᠷᠪᠠᠨ ᠳᠣᠯᠣᠳᠤᠭᠠᠷ ᠬᠤᠭᠤᠴᠠᠭᠠᠨ ᠤ ᠣᠷᠳᠣᠰ ᠬᠤᠲᠠ ᠶᠢᠨ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/10/13
    2023 ᠣᠨ ᠤ 10 ᠰᠠᠷ᠎ᠠ ᠶᠢᠨ 11 ᠤ ᠡᠳᠦᠷ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠲᠠᠭᠠᠭᠠᠴᠢᠯᠠᠨ ᠡᠷᠭᠢᠯᠡᠵᠦ᠂ ᠳ᠋ᠦᠩᠱᠧᠩ ᠲᠣᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠠᠴᠠ ᠬᠠᠮᠵᠢᠯᠴᠠᠨ ᠡᠷᠭᠢᠯᠡᠭᠰᠡᠨ 2023 ᠣᠨ ᠤ ᠠᠷᠪᠠᠨ ᠳᠣᠯᠣᠳᠤᠭᠠᠷ ᠬᠤᠭᠤᠴᠠᠭᠠᠨ ᠤ ᠣᠷᠳᠣᠰ ᠬᠤᠲᠠ ᠶᠢᠨ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠳ᠋ᠦᠩᠱᠧᠩ ᠲᠣᠭᠤᠷᠢᠭ ᠲᠤ ᠡᠬᠢᠯᠡᠪᠡ᠃     4 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠲᠤᠰ ᠤᠳᠠᠭᠠᠨ ᠤ ᠤᠷᠤᠯᠳᠤᠭᠠᠨ ᠳᠤ ᠡᠷᠡᠭᠲᠡᠢ ᠶᠢᠨ ᠲᠠᠪᠤᠨ ᠬᠥᠮᠥᠨ ᠤ ᠳᠦᠷᠢᠮᠲᠦ ᠰᠠᠭᠰᠤᠨ ᠪᠥᠮᠪᠦᠭᠡ ᠶᠢᠨ ᠤᠷᠤᠯᠳᠤᠭᠠᠨ ᠲᠤᠬᠢᠷᠠᠭᠤᠯᠵᠦ᠂ 27 ᠲᠥᠯᠥᠭᠡᠯᠡᠭᠴᠢᠳ ᠤᠨ ᠠᠩᠭᠢ ᠶᠢᠨ 400 ᠭᠠᠷᠤᠢ ᠬᠥᠮᠥᠨ ᠤᠷᠤᠯᠳᠤᠭᠠᠨ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号