2023 ᠣᠨ ᠤ ᠡᠷᠢᠶᠡᠨ ᠬᠤᠲᠠ ᠶᠢᠨ ᠳᠤᠮᠳᠠᠳᠤ ᠮᠣᠩᠭᠤᠯ ᠣᠷᠣᠰ ᠤᠨ ᠮᠤᠷᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/10/27
   10 ᠰᠠᠷ᠎ᠠ ᠶᠢᠨ 22 ᠤ ᠡᠳᠦᠷ᠂ 3 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠭᠰᠠᠨ ᠡᠷᠢᠶᠡᠨ ᠬᠤᠲᠠ ᠶᠢᠨ ᠮᠣᠩᠭᠤᠯ ᠮᠣᠷᠢ᠂ ᠳᠤᠮᠳᠠᠳᠤ ᠮᠣᠩᠭᠤᠯ ᠣᠷᠣᠰ ᠤᠨ ᠮᠣᠷᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ 1000 ᠮᠧᠲᠷ᠂ 2000 ᠮᠧᠲᠷ᠂ 3600 ᠮᠧᠲᠷ᠂ 5400 ᠮᠧᠲᠷ᠂ 8000 ᠮᠧᠲᠷ᠂ 10000 ᠮᠧᠲᠷ ᠤᠨ ᠶᠡᠷᠦᠩᠬᠡᠶ ᠰᠢᠢᠳᠪᠦᠷᠢᠲᠦ ᠤᠷᠤᠯᠳᠤᠭᠠᠨ ᠤ ᠲᠦᠷᠦᠭᠦᠤ ᠭᠤᠷᠪᠠᠨ ᠨᠡᠷᠡᠰ ᠢ ᠰᠢᠯᠭᠠᠷᠠᠭᠤᠯᠪᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠪᠣᠭᠤᠮᠲᠠ ᠶᠢᠨ ᠬᠤᠲᠠ ᠶᠢᠨ ᠣᠨᠴᠠᠯᠢᠭ ᠢ ᠭᠦᠢᠴᠡᠳ ᠳᠡᠯᠭᠡᠨ ᠦᠵᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠣᠭᠤᠮᠲᠠ ᠶᠢᠨ ︽ᠪᠡᠶ᠎ᠡ ᠶᠢᠨ ᠲᠠᠮᠢᠷ︾ ᠤᠨ ᠡᠨᠧᠷᠭᠢ ᠶᠢ ᠪᠠᠳᠠᠷᠠᠭᠤᠯᠬᠤ ᠶᠢ ᠠᠬᠢᠭᠤᠯᠵᠤ᠂ ᠡᠷᠢᠶᠡᠨ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠡᠭᠦᠨ ᠤ ᠬᠠᠮᠲᠤ᠂ ᠡᠨᠡ ᠪᠣᠯ ᠪᠠᠰᠠ ᠴᠤ ᠡᠷᠢᠶᠡᠨ ᠬᠤᠲᠠ ᠶᠢᠨ ᠮᠣᠷᠢ ᠪᠠᠷ ᠵᠠᠭᠤᠴᠢ ᠪᠣᠯᠭᠠᠵᠤ᠂ ᠤᠷᠤᠯᠳᠤᠭᠠᠨ ᠢᠶᠠᠷ ᠬᠤᠯᠪᠣᠭᠠᠰᠤ ᠪᠣᠯᠭᠠᠵᠤ᠂ ᠠᠳᠤᠭᠤᠨ ᠰᠣᠶᠣᠯ ᠢᠶᠠᠷ ᠬᠤᠯᠪᠣᠭᠠᠰᠤ ᠪᠣᠯᠭᠠᠵᠤ᠂ ᠠᠳᠤᠭᠤᠨ ᠤ ᠠᠵᠤ ᠦᠢᠯᠡᠰ ᠢᠶᠠᠷ ᠬᠥᠳᠡᠯᠭᠡᠬᠦ ᠬᠦᠴᠦᠨ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号