ᠠᠽᠢᠶ᠎ᠡ ᠲᠢᠪ ᠤᠨ ᠵᠡᠮᠳᠡᠭᠴᠤᠳ ᠤᠨ ᠲᠠᠮᠢᠷ ᠤᠨ ᠴᠤᠭᠯᠠᠭᠠᠨ ᠳᠤ ᠮᠠᠨ ᠤ ᠤᠷᠤᠨ ᠤ 4 ᠲᠠᠮᠢᠷᠴᠢᠨ 3 ᠠᠯᠳᠠᠨ ᠮᠧᠳᠡᠯ 2 ᠬᠦᠷᠡᠯ ᠮᠧᠳᠡᠯ ᠤᠯᠪᠠ
ᠨᠡᠶᠢᠲᠡᠯᠡᠭᠰᠡᠨ ᠴᠠᠭ᠄
2023/10/30
     ᠬᠠᠩᠵᠸᠦ ᠶᠢᠨ 4 ᠳ᠋ᠤᠭᠡᠷ ᠬᠤᠭᠤᠴᠠᠭᠠᠨ ᠤ ᠠᠽᠢᠶ᠎ᠡ ᠲᠢᠪ ᠤᠨ ᠵᠡᠮᠳᠡᠭᠴᠤᠳ ᠤᠨ ᠲᠠᠮᠢᠷ ᠤᠨ ᠴᠤᠭᠯᠠᠭᠠᠨ 10 ᠰᠠᠷ᠎ᠠ ᠶᠢᠨ 28 ᠤ ᠤᠷᠤᠢ ᠲᠡᠭᠦᠰᠪᠡ᠃ ᠲᠤᠰ ᠬᠤᠭᠤᠴᠠᠭᠠᠨ ᠤ ᠠᠽᠢᠶ᠎ᠡ ᠲᠢᠪ ᠤᠨ ᠵᠡᠮᠳᠡᠭᠴᠤᠳ ᠤᠨ ᠲᠠᠮᠢᠷ  ᠤᠨ ᠴᠤᠭᠯᠠᠭᠠᠨ ᠳᠤ᠂ ᠦᠪᠦᠷ ᠮᠤᠩᠭᠤᠯ ᠠᠴᠠ ᠢᠷᠡᠭᠰᠡᠨ 4 ᠵᠡᠮᠳᠡᠭ ᠲᠠᠮᠢᠷᠴᠢᠨ ᠲᠤᠮᠳᠠᠳᠦ ᠤᠯᠤᠰ ᠤᠨ ᠠᠩᠭᠢ  ᠶᠢ ᠲᠦᠯᠦᠭᠡᠯᠡᠨ ᠤᠷᠤᠯᠴᠠᠵᠦ᠂ 3 ᠠᠯᠳᠠᠨ ᠮᠧᠳᠡᠯ᠂ 2 ᠬᠦᠷᠡᠯ ᠮᠧᠳᠡᠯ ᠤᠯᠵᠠᠢ᠃
      ᠲᠠᠮᠢᠷᠴᠢᠨ ᠰᠦᠨ ᠫᠧᠩ ᠰᠢᠶᠠᠩ 48.46 ᠮᠧᠲᠷ ᠤᠨ ᠬᠢᠷᠢ ᠪᠦᠳᠦᠮᠵᠢ ᠪᠠᠷ ᠡᠷᠡᠭᠳᠡᠢ ᠶᠢᠨ ᠰᠢᠳᠡᠭᠦᠷ ᠵᠢᠳᠠ ᠶᠢᠨF41 ᠲᠡᠰ ᠤᠨ ᠤᠷᠤᠯᠳᠤᠭᠠᠨ ᠤ ᠠᠯᠳᠠᠨ ᠮᠧᠳᠡᠯ ᠢ ᠠᠪᠤᠭᠰᠠᠨ ᠪᠦᠭᠡᠳ ᠲᠡᠯᠡᠬᠡᠢ ᠶᠢᠨ ᠲᠡᠮᠳᠡᠭᠯᠡᠯ ᠢ ᠡᠭᠦᠳᠴᠦ᠂ ᠡᠷᠡᠭᠳᠡᠢ ᠶᠢᠨ ᠰᠢᠷᠡᠮᠤᠨ ᠪᠦᠮᠪᠦᠭᠡ ᠶᠢᠨ F41 ᠲᠡᠰ ᠤᠨ ᠤᠷᠤᠯᠳᠤᠭᠠᠨ ᠳᠤ ᠬᠦᠷᠡᠯ ᠮᠧᠳᠡᠯ ᠤᠯᠵᠠᠢ᠃
     ᠰᠢᠤᠢ ᠯᠢ ᠯᠢ ᠬᠦᠨᠳᠦ ᠡᠷᠭᠦᠯᠳᠡ ᠶᠢᠨ ᠡᠮᠡᠭᠳᠡᠢ ᠶᠢᠨ 73 ᠺᠢᠯᠤᠭ᠍ᠷᠡᠮ ᠤᠨ ᠲᠡᠰ ᠤᠨ ᠰᠢᠢᠳᠪᠦᠷᠢᠳᠦ ᠤᠷᠤᠯᠳᠤᠭᠠᠨ ᠳᠤ 135 ᠺᠢᠯᠦᠭᠷᠡᠮ ᠤᠨ ᠬᠢᠷᠢ ᠪᠦᠳᠦᠮᠵᠢ ᠪᠠᠷ ᠠᠯᠳᠠᠨ ᠮᠧᠳᠡᠯ ᠤᠯᠤᠭᠰᠠᠨ ᠪᠦᠭᠡᠳ ᠠᠽᠢᠶ᠎ᠡ ᠲᠢᠪ  ᠤᠨ ᠵᠡᠮᠳᠡᠭᠴᠤᠳ ᠤᠨ ᠲᠠᠮᠢᠷ ᠤᠨ ᠴᠤᠭᠯᠠᠭᠠᠨ ᠤ ᠲᠡᠮᠳᠡᠭᠯᠡᠯ ᠢ ᠡᠭᠦᠳᠪᠡ᠃
      ᠸᠠᠩ ᠶᠤᠸᠠᠢ ᠭᠤᠷᠪᠠᠨ ᠲᠠᠯᠠᠪᠠᠢ ᠤᠷᠤᠯᠳᠤᠭᠠᠨ ᠤ ᠪᠦᠷᠢᠨ ᠢᠯᠠᠯᠳᠠ ᠶᠢᠨ ᠬᠢᠷᠢ ᠪᠦᠳᠦᠮᠵᠢ ᠪᠠᠷ ᠵᠢᠤᠳᠤᠤ ᠪᠦᠬᠡ ᠶᠢᠨ ᠡᠮᠡᠭᠳᠡᠢ ᠶᠢᠨ 70 ᠺᠢᠯᠦᠭᠷᠡᠮ ᠤᠨ ᠲᠡᠰ ᠤᠨ J 2 ᠤᠷᠤᠯᠳᠤᠭᠠᠨ ᠳᠤ ᠠᠯᠳᠠᠨ ᠮᠧᠳᠡᠯ ᠭᠠᠷᠳᠠᠪᠠ᠃
      ᠠᠽᠢᠶ᠎ᠡ ᠲᠢᠪ ᠤᠨ ᠵᠡᠮᠳᠡᠭᠴᠤᠳ ᠤᠨ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠤᠷᠤᠯᠴᠠᠵᠦ ᠪᠠᠶᠢᠭ᠎ᠠ ᠮᠧᠩ ᠶᠠᠨ ᠵᠢᠤᠳᠤᠤ ᠪᠦᠬᠡ ᠶᠢᠨ ᠡᠮᠡᠭᠳᠡᠢ ᠶᠢᠨ 70 ᠺᠢᠯᠦᠭᠷᠡᠮ ᠤᠨ ᠲᠡᠰ ᠤᠨ J1 ᠤᠷᠤᠯᠳᠤᠭᠠᠨ ᠳᠤ ᠬᠦᠷᠡᠯ ᠮᠧᠳᠡᠯ ᠤᠯᠵᠠᠢ᠃      ︽ᠬᠤᠶᠢᠰᠢᠳᠠ ᠪᠢᠳᠡ ᠨᠡᠩ ᠰᠢᠷᠭᠠᠭᠤ ᠬᠠᠳᠠᠭᠤᠵᠢᠯᠳᠠᠢ ᠪᠠᠷ ᠪᠤᠯᠪᠠᠰᠤᠷᠠᠵᠦ᠂ ᠬᠢᠷᠢ ᠪᠦᠳᠦᠮᠵᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠤᠯᠤᠰ ᠤᠷᠤᠨ ᠳᠠᠭᠠᠨ ᠨᠡᠩ ᠶᠡᠭᠡ ᠢᠷᠠᠭᠤ ᠠᠯᠳᠠᠷ ᠠᠪᠴᠢᠷᠠᠬᠤ ᠪᠠᠷ ᠴᠢᠷᠮᠠᠶᠢᠨ᠎ᠠ︾ ᠭᠡᠵᠦ ᠰᠢᠤᠢ ᠯᠢ ᠯᠢ ᠶᠠᠷᠢᠯ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号