100 ᠡᠳᠦᠷ ᠤᠨ ᠲᠠᠷᠠᠭ᠎ᠠ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ | ᠤᠨ ᠲᠠᠮᠢᠷ ᠤᠨ ᠴᠤᠭᠯᠠᠭᠠᠨ ᠦᠪᠦᠷ ᠮᠤᠩᠭᠤᠯ ᠳᠤ ᠵᠢᠩᠭᠢᠨᠢ ᠪᠠᠷ ᠡᠬᠢᠯᠡᠬᠦ ᠪᠤᠯᠤᠨ᠎ᠡ᠃ ᠠᠷᠪᠠᠨ ᠲᠦᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠤᠯ ᠪᠡᠭᠡᠵᠢᠩ ᠤᠨ ᠡᠪᠦᠯ | ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠲᠠᠷᠠᠭ᠎ᠠ ᠠᠩᠬ᠎ᠠ ᠤᠳᠠᠭ᠎ᠠ ᠡᠷᠬᠢᠯᠡᠵᠦ ᠪᠠᠶᠢᠭ᠎ᠠ ᠪᠦᠬᠦ | ᠤᠯᠤᠰ ᠤᠨ ᠡᠪᠦᠯ ᠤᠨ ᠤᠯᠠᠷᠢᠯ ᠤᠨ ᠲᠦᠷᠦᠯ ᠵᠦᠢᠯ ᠤᠨ ᠲᠤᠮᠤ ᠬᠡᠯᠪᠡᠷᠢ ᠶᠢᠨ ᠪᠡᠶ᠎ᠡ ᠶᠢᠨ ᠲᠠᠮᠢᠷ ᠤᠨ | ᠤᠷᠤᠯᠳᠤᠭᠠᠨ ᠪᠤᠯᠤᠨ᠎ᠡ᠃ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ | ᠤᠨ ᠲᠠᠮᠢᠷ ᠤᠨ ᠴᠤᠭᠯᠠᠭᠠᠨ︾ ᠢ ᠪᠦᠬᠦ ᠬᠦᠴᠦᠨ ᠢᠶᠠᠷ ᠢᠶᠠᠨ ᠪᠡᠯᠡᠳᠬᠡᠭᠰᠡᠨ ᠠᠴᠠ ᠨᠠᠭᠠᠰᠢ᠂ ᠦᠪᠦᠷ ᠮᠤᠩᠭᠤᠯ | ᠡᠯ᠎ᠡ ᠵᠦᠢᠯ ᠤᠨ ᠠᠵᠢᠯ ᠢᠶᠠᠨ ᠴᠢᠨᠠᠷ ᠰᠠᠶᠢᠳᠠᠢ ᠦᠨᠳᠦᠷ ᠪᠦᠳᠦᠮᠵᠢᠳᠡᠢ ᠠᠬᠢᠭᠤᠯᠵᠦ᠂ ᠲᠡᠷᠢᠭᠦᠨ ᠲᠡᠰ ᠤᠨ | ᠲᠦᠭᠦᠭᠡᠷᠦᠮᠵᠢᠳᠦ ᠲᠠᠯᠠᠪᠠᠢ ᠤᠷᠳᠤᠨ ᠢ ᠪᠠᠶᠢᠭᠤᠯᠵᠦ᠂ ᠡᠯᠪᠡᠭ ᠪᠠᠶᠠᠯᠢᠭ ᠠᠭᠤᠯᠭ᠎ᠠ ᠪᠦᠬᠦ ᠰᠤᠶᠤᠯ ᠪᠡᠶ᠎ᠡ ᠶᠢᠨ ᠲᠠᠮᠢᠷ | ᠤᠨ ᠠᠵᠢᠯᠯᠠᠭ᠎ᠠ ᠪᠠᠷ ᠠᠷᠠᠳ ᠲᠤ ᠠᠰᠢᠭ ᠬᠦᠷᠳᠡᠭᠡᠵᠦ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ | ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠭᠤᠷ ᠠᠮᠢᠰᠬᠤᠯ ᠢ ᠤᠯᠠᠮ ᠦᠳᠬᠡᠨ ᠵᠤᠵᠠᠭᠠᠨ | ᠪᠤᠯᠭᠠᠵᠠᠢ᠃ | | ᠨᠠᠷᠢᠨ ᠨᠢᠮᠪᠡᠢ ᠪᠡᠯᠡᠳᠬᠡᠵᠦ ᠪᠦᠬᠦ ᠬᠦᠴᠦᠨ ᠢᠶᠠᠷ ᠢᠶᠠᠨ ᠰᠢᠪᠳᠤᠯᠤᠯᠳᠠ ᠬᠢᠨ᠎ᠡ | ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠤᠳ ᠤᠨ ᠤᠯᠢᠮᠫᠢᠺ ᠤᠨ ᠲᠠᠮᠢᠷ ᠤᠨ ᠴᠤᠭᠯᠠᠭᠠᠨ ᠨᠢ ᠮᠠᠨ ᠤ ᠤᠯᠤᠰ ᠤᠨ ᠴᠠᠰᠦ ᠮᠦᠰᠦᠨ ᠤ ᠪᠡᠶ᠎ᠡ ᠶᠢᠨ | ᠲᠠᠮᠢᠷ ᠤᠨ ᠲᠡᠪᠡᠯᠳᠡᠳᠦ ᠮᠠᠶ᠋ᠢᠭ ᠤᠨ ᠬᠦᠭᠵᠢᠯᠳᠡ ᠶᠢ ᠠᠬᠢᠭᠤᠯᠵᠦ᠂ ᠤᠯᠠᠨ ᠲᠦᠮᠡᠨᠴᠢ ᠴᠠᠰᠦ ᠮᠦᠰᠦᠨ ᠤ | ᠬᠦᠳᠡᠯᠭᠡᠭᠡᠨ᠂ ᠴᠠᠰᠦ ᠮᠦᠰᠦᠨ ᠤ ᠠᠵᠦ ᠦᠢᠯᠡᠰ ᠨᠢ ᠬᠦᠮᠦᠰ ᠤᠨ ᠠᠩᠬᠠᠷᠤᠯ ᠢ ᠲᠠᠳᠠᠭᠰᠠᠨ ᠲᠤᠪᠤᠶᠢᠮ᠎ᠡ | ᠠᠮᠵᠢᠯᠳᠠ ᠤᠯᠪᠠ᠃ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ | ᠤᠨ ᠴᠤᠭᠯᠠᠭᠠᠨ ᠨᠢ ᠮᠠᠨ ᠤ ᠤᠯᠤᠰ ᠤᠨ ᠦᠷᠢᠰᠦᠯᠳᠦᠭᠡᠨᠳᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠤᠯᠠᠨ | ᠤᠯᠤᠰ ᠤᠨ ᠦᠷᠢᠰᠦᠯᠳᠦᠬᠦ ᠬᠦᠴᠦᠨ ᠢ ᠤᠯᠠᠮ ᠴᠢᠨᠠᠭᠰᠢᠳᠠ ᠲᠡᠭᠡᠭᠰᠢᠯᠡᠭᠦᠯᠵᠦ᠂ ᠴᠠᠰᠦ ᠮᠦᠰᠦᠨ ᠤ ᠲᠠᠮᠢᠷ ᠤᠨ | ᠬᠦᠳᠡᠯᠭᠡᠭᠡᠨ ᠤ ᠦᠷᠭᠦᠯᠵᠢᠯᠡᠬᠦ ᠬᠦᠭᠵᠢᠯᠳᠡ ᠶᠢ ᠠᠬᠢᠭᠤᠯᠬᠤ ᠵᠢᠴᠢ ᠦᠪᠦᠷ ᠮᠤᠩᠭᠤᠯ ᠤᠨ ᠰᠢᠨ᠎ᠡ ᠴᠠᠭ ᠦᠶ᠎ᠡ ᠶᠢᠨ | ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠠᠮᠵᠢᠯᠳᠠ ᠶᠢ ᠢᠯᠡᠷᠡᠭᠦᠯᠬᠦ ᠢᠷᠠᠭᠤ ᠠᠯᠳᠠᠷᠳᠦ ᠡᠭᠦᠷᠭᠡ | ᠪᠤᠯᠤᠨ ᠴᠢᠬᠤᠯᠠ ᠡᠭᠦᠷᠭᠡ ᠶᠢ ᠠᠴᠢᠶᠠᠯᠠᠵᠦ ᠪᠠᠶᠢᠨ᠎ᠡ᠃ ᠴᠤᠭᠯᠠᠭᠠᠨ ᠨᠢ ᠨᠡᠶᠢᠳᠡ 8 ᠶᠡᠭᠡ ᠲᠦᠷᠦᠯ᠂ 16 | ᠬᠤᠪᠢᠶᠠᠷᠢ ᠲᠦᠷᠦᠯ᠂ 176 ᠵᠢᠵᠢᠭ ᠲᠦᠷᠦᠯ ᠭᠠᠷᠭᠠᠵᠦ᠂ ᠤᠯᠠᠨ ᠤᠯᠤᠰ ᠯᠤᠭ᠎ᠠ ᠵᠤᠯᠭᠠᠭᠤᠯᠵᠦ᠂ ᠡᠪᠦᠯ ᠤᠨ | ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠢᠶᠠᠷ ᠪᠡᠷᠢᠮᠵᠢᠶ᠎ᠡ ᠪᠤᠯᠭᠠᠭᠰᠠᠨ ᠪᠠᠶᠢᠨ᠎ᠡ᠃ ᠮᠠᠨ ᠤ ᠤᠷᠤᠨ ᠤ | ᠲᠦᠯᠦᠭᠡᠯᠡᠭᠴᠢᠳ ᠤᠨ ᠪᠦᠯᠬᠦᠮ ᠢᠯᠠ ᠤᠷᠤᠯᠳᠤᠬᠤ ᠲᠤᠭᠤᠶᠢᠯᠠᠩ ᠤᠨ 8 ᠶᠡᠭᠡ ᠲᠦᠷᠦᠯ ᠤᠨ 13 ᠬᠤᠪᠢᠶᠠᠷᠢ | ᠲᠦᠷᠦᠯ ᠤᠨ ᠨᠠᠶᠠᠭᠠᠳ ᠪᠠᠭ᠎ᠠ ᠲᠦᠷᠦᠯ ᠳᠤ ᠤᠷᠤᠯᠴᠠᠵᠦ᠂ ᠵᠠᠯᠠᠭᠤᠴᠤᠳ ᠤᠨ ᠲᠤᠭᠤᠶᠢᠯᠠᠩ ᠤᠨ 4 ᠶᠡᠭᠡ | ᠲᠦᠷᠦᠯ ᠤᠨ 8 ᠬᠤᠪᠢᠶᠠᠷᠢ ᠲᠦᠷᠦᠯ ᠤᠨ 40 ᠭᠠᠷᠤᠢ ᠪᠠᠭ᠎ᠠ ᠲᠦᠷᠦᠯ ᠳᠤ ᠤᠷᠤᠯᠴᠠᠬᠤ ᠪᠤᠯᠤᠨ᠎ᠡ᠃ | ︽ᠪᠤᠬᠢᠷᠳᠤᠯ ᠦᠭᠡᠢ᠂ ᠬᠠᠮᠳᠦ ᠪᠠᠷ ᠡᠳ᠋ᠯᠡᠬᠦ᠂ ᠨᠡᠭᠡᠭᠡᠯᠳᠡ ᠲᠠᠢ᠂ ᠠᠷᠢᠭᠤᠨ ᠴᠢᠭᠡᠴᠢ︾ ᠤᠷᠤᠯᠳᠤᠭᠠᠨ ᠡᠷᠬᠢᠯᠡᠬᠦ | ᠤᠶᠢᠯᠠᠭᠠᠭᠳᠠᠬᠤᠨ ᠢᠶᠠᠷ ᠠᠯᠢ ᠴᠢᠳᠠᠬᠤ ᠪᠠᠷ ᠠᠷᠪᠢᠯᠠᠨ ᠭᠠᠮᠨᠠᠬᠤ ᠶᠢ ᠪᠠᠷᠢᠮᠳᠠᠯᠠᠵᠦ᠂ ᠠᠷᠪᠠᠨ ᠲᠦᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ᠤᠳᠤ ᠶᠢᠨ ᠪᠠᠶᠢᠭ᠎ᠠ | ᠲᠠᠯᠠᠪᠤᠷ ᠲᠦᠬᠦᠭᠡᠷᠦᠮᠵᠢ ᠶᠢ ᠭᠦᠢᠴᠡᠳ ᠠᠰᠢᠭᠯᠠᠵᠦ᠂ ᠬᠦᠯᠦᠨ ᠪᠤᠶᠢᠷ᠂ ᠤᠯᠠᠭᠠᠨᠬᠠᠳᠠ᠂ ᠤᠯᠠᠭᠠᠨᠴᠠᠪ ᠵᠡᠷᠭᠡ | ᠭᠠᠵᠠᠷ ᠲᠤ ᠵᠤᠩᠭᠢᠯᠠᠬᠤ ᠤᠯᠠᠨ ᠲᠤᠭᠠᠨ ᠤ ᠲᠦᠷᠦᠯ ᠵᠦᠢᠯ ᠢ ᠲᠠᠭᠠᠭᠠᠴᠢᠯᠠᠨ ᠡᠷᠬᠢᠯᠡᠬᠦ ᠪᠠᠷ ᠪᠤᠢ᠃ | | | | ᠤᠳᠤᠬᠠᠨ ᠳᠤ᠂ ᠦᠪᠡᠷᠳᠡᠭᠡᠨ ᠵᠠᠰᠠᠬᠤ ᠤᠷᠤᠨ ᠤ ᠮᠦᠰᠦᠨ ᠲᠡᠭᠡᠷᠡᠭᠢ ᠬᠦᠳᠡᠯᠭᠡᠭᠡᠨ ᠤ ᠪᠤᠯᠪᠠᠰᠤᠷᠠᠯ ᠤᠨ | ᠲᠦᠪ ᠨᠢᠭᠡᠨᠳᠡ ᠤᠶᠢᠷ᠎ᠠ ᠵᠠᠮ ᠤᠨ ᠲᠦᠷᠭᠡᠨ ᠲᠠᠰᠢᠯᠳᠠ ᠶᠢᠨ ᠤᠷᠳᠤᠨ᠂ ᠮᠦᠰᠦᠨ ᠪᠦᠮᠪᠦᠭᠡ ᠮᠦᠰᠦᠨ ᠲᠠᠪᠤᠷ᠎ᠠ | ᠶᠢᠨ ᠤᠷᠳᠤᠨ᠂ ᠲᠦᠷᠭᠡᠨ ᠲᠠᠰᠢᠯᠳᠠ ᠶᠢᠨ ᠤᠷᠳᠤᠨ᠂ ᠭᠡᠷ ᠤᠨ ᠭᠠᠳᠠᠨᠠᠬᠢ ᠲᠦᠭᠦᠭᠡᠷᠦᠮᠵᠢ ᠵᠢᠴᠢ ᠪᠤᠰᠤᠳ | ᠶᠠᠷᠦᠩᠬᠡᠶᠢᠯᠡᠭᠰᠡᠨ ᠴᠢᠨᠠᠷᠳᠠᠢ ᠲᠡᠰ ᠲᠠᠪᠰᠢᠭᠦᠯᠬᠦ ᠦᠭᠡᠷᠡᠴᠢᠯᠠᠯᠳᠠ ᠶᠢ ᠪᠡᠶᠡᠯᠡᠭᠦᠯᠪᠡ᠃ ᠠᠷᠪᠠᠨ ᠲᠦᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠯᠢᠶᠠᠩᠴᠧᠩ ᠳᠠᠬᠢ | ᠤᠷᠤᠯᠳᠤᠭᠠᠨ ᠤ ᠲᠤᠭᠤᠷᠢᠭ ᠤᠨ ᠯᠢᠶᠠᠩᠴᠧᠩ ᠴᠡᠨᠡᠯᠡᠯᠳᠡ ᠶᠢᠨ ᠲᠠᠯᠠᠪᠠᠢ ᠨᠢ ᠰᠠᠭᠤᠷᠢ ᠪᠦᠳᠦᠭᠡᠨ ᠪᠠᠶᠢᠭᠤᠯᠤᠯᠳᠠ | ᠶᠢ ᠰᠢᠯᠢᠳᠡᠭᠵᠢᠭᠦᠯᠦᠨ ᠦᠭᠡᠷᠡᠴᠢᠯᠡᠬᠦ ᠠᠵᠢᠯ ᠢ ᠪᠠᠶᠠᠯᠠᠭᠦᠯᠬᠦ ᠶᠢᠨ ᠬᠠᠮᠳᠦ ᠪᠠᠰᠠ ᠦᠪᠦᠷ ᠮᠤᠩᠭᠤᠯ᠂ ᠯᠢᠶᠤᠤᠨᠢᠩ᠂ | ᠬᠠᠷᠠᠮᠦ᠋ᠷᠡᠨ ᠵᠡᠷᠭᠡ ᠭᠠᠵᠠᠷ ᠤᠨ ᠡᠪᠦᠯ ᠤᠨ ᠤᠯᠠᠷᠢᠯ ᠤᠨ ᠬᠤᠶᠠᠷ ᠲᠦᠷᠦᠯ ᠤᠨ ᠤᠷᠤᠯᠳᠤᠭᠠᠨ ᠤ ᠠᠩᠭᠢ᠂ | ᠭᠡᠭᠡᠷᠡᠯᠡᠨ ᠴᠡᠨᠡᠯᠡᠬᠤ ᠠᠩᠭᠢ ᠶᠢᠨ ᠪᠤᠯᠪᠠᠰᠤᠷᠠᠯ ᠪᠠ ᠤᠷᠤᠯᠳᠤᠭᠠᠨ ᠳᠤ ᠪᠡᠯᠡᠳᠬᠡᠬᠦ ᠶᠢ ᠪᠠᠳᠤᠯᠠᠵᠦ ᠪᠤᠢ᠃ ᠴᠢᠬᠤᠯᠠ | ᠶᠡᠭᠡ ᠠᠵᠢᠯᠯᠠᠭ᠎ᠠ᠂ ᠲᠠᠯᠠᠪᠤᠷ ᠲᠦᠭᠦᠭᠡᠷᠦᠮᠵᠢ᠂ ᠤᠷᠤᠯᠳᠤᠭᠠᠨ ᠤ ᠪᠤᠯᠪᠠᠰᠤᠷᠠᠯ᠂ ᠤᠷᠤᠯᠳᠤᠭᠠᠨ ᠤ ᠤᠶᠢᠯᠠᠴᠢᠯᠡᠭᠡᠨ | ᠤ ᠠᠮᠤᠷ ᠲᠦᠪᠰᠢᠨ ᠢ ᠪᠠᠳᠤᠯᠠᠬᠤ ᠪᠠᠷ ᠭᠤᠤᠯ ᠰᠢᠵᠢᠮ ᠪᠤᠯᠭᠠᠵᠦ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠦᠢᠯᠡᠴᠢᠯᠡᠭᠡ ᠪᠠᠳᠤᠯᠠᠭ᠎ᠠ ᠶᠢᠨ ᠠᠵᠢᠯ ᠢ | ᠯᠠᠪᠳᠠᠭᠤᠨ ᠪᠠᠳᠤᠳᠠᠢ ᠦᠷᠨᠢᠭᠦᠯᠵᠦ ᠪᠤᠢ᠃ ᠲᠠᠮᠢᠷᠴᠢᠳ ᠤᠨ ᠡᠮ ᠤᠨ ᠵᠦᠢᠯ ᠢ ᠪᠤᠯᠭᠤᠮᠵᠢᠳᠠᠢ ᠬᠡᠷᠡᠭᠯᠡᠬᠦ ᠬᠢᠨᠠᠯᠳᠠ | ᠬᠠᠮᠢᠶᠠᠷᠤᠯᠳᠠ ᠶᠢᠨ ᠠᠵᠢᠯ ᠤᠨ ᠡᠷᠴᠢᠮ ᠢ ᠴᠢᠩᠭᠠᠷᠠᠭᠤᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠳᠤᠯᠠᠭ᠎ᠠ ᠶᠢᠨ | ᠠᠵᠢᠯ ᠤᠨ ᠲᠦᠰᠦᠯ ᠢ ᠲᠤᠭᠳᠠᠭᠠᠨ᠂ 19 ᠡᠮᠨᠡᠯᠭᠡ ᠶᠢᠨ ᠬᠤᠷᠢᠶ᠎ᠡ ᠶᠢ ᠴᠡᠭ ᠲᠤᠭᠳᠠᠭᠠᠭᠰᠠᠨ ᠡᠮᠨᠡᠯᠭᠡ ᠶᠢᠨ | ᠬᠤᠷᠢᠶ᠎ᠡ ᠪᠤᠯᠭᠠᠵᠦ᠂ ᠦᠪᠡᠷᠳᠡᠭᠡᠨ ᠵᠠᠰᠠᠬᠤ ᠤᠷᠤᠨ ᠤ ᠲᠡᠰ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ 8 ᠡᠩᠨᠡᠭᠡ ᠶᠢ ᠲᠡᠭᠦᠯᠳᠡᠷᠵᠢᠭᠦᠯᠪᠡ᠃ | ᠴᠤᠭᠯᠠᠭᠠᠨ ᠤ ᠦᠷ᠎ᠡ ᠪᠦᠳᠦᠭᠡᠯ ᠢ ᠤᠯᠠᠨ ᠲᠦᠮᠡᠨ ᠳᠤ ᠬᠠᠮᠳᠦ ᠪᠠᠷ ᠡᠳ᠋ᠯᠡᠭᠦᠯᠦᠨ᠎ᠡ | ᠪᠡᠶ᠎ᠡ ᠶᠢᠨ ᠲᠠᠮᠢᠷ ᠨᠢ ᠬᠦᠮᠦᠰ ᠤᠨ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠵᠦ᠂ ᠨᠡᠩ ᠲᠦᠬᠦᠮ | ᠲᠦᠳᠡ ᠲᠠᠯᠠᠪᠤᠷ ᠤᠷᠳᠤᠨ ᠪᠠ ᠦᠢᠯᠡᠴᠢᠯᠡᠭᠡ ᠨᠢ ᠠᠷᠠᠳ ᠤᠯᠠᠨ ᠤ ᠭᠡᠷ ᠤᠨ ᠡᠭᠦᠳᠡᠨ ᠳᠡᠭᠡᠨ ᠲᠠᠮᠢᠷ ᠤᠨ | ᠬᠦᠳᠡᠯᠭᠡᠭᠡᠨ ᠬᠢᠵᠦ ᠪᠡᠶ᠎ᠡ ᠶᠢᠨ ᠲᠠᠮᠢᠷ ᠤᠨ ᠬᠠᠪᠤ ᠴᠡᠩᠬᠡᠯ ᠢ ᠡᠳ᠋ᠯᠡᠬᠦ ᠨᠦᠬᠦᠴᠡᠯ ᠪᠤᠯᠤᠮᠵᠢ ᠶᠢ ᠪᠦᠷᠢᠯᠳᠦᠭᠦᠯᠵᠦ | ᠦᠭᠴᠠᠢ᠃ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠭᠤᠤᠯ ᠤᠷᠤᠯᠳᠤᠭᠠᠨ ᠤ ᠲᠤᠭᠤᠷᠢᠭ ᠪᠤᠯᠬᠤ ᠬᠠᠶᠢᠯᠠᠷ ᠲᠤᠭᠤᠷᠢᠭ᠂ ᠦᠪᠡᠷᠳᠡᠭᠡᠨ ᠵᠠᠰᠠᠬᠤ ᠤᠷᠤᠨ | ᠤ ᠮᠦᠰᠦᠨ ᠲᠡᠭᠡᠷᠡᠬᠢ ᠲᠠᠮᠢᠷ ᠤᠨ ᠬᠦᠳᠡᠯᠭᠡᠭᠡᠨ ᠤ ᠪᠤᠯᠪᠠᠰᠤᠷᠠᠯ ᠤᠨ ᠲᠦᠪ ᠤᠨ ᠲᠠᠯᠠᠪᠠᠢ ᠤᠷᠳᠤᠨ ᠨᠢ | ᠤᠷᠤᠯᠳᠤᠭᠠᠨ ᠤ ᠬᠤᠭᠤᠴᠠᠭᠠᠨ ᠤ ᠡᠭᠦᠷᠭᠡ᠂ ᠲᠤᠰᠬᠠᠢ ᠮᠡᠷᠭᠡᠵᠢᠯ ᠤᠨ ᠠᠩᠭᠢ ᠶᠢᠨ ᠪᠤᠯᠪᠠᠰᠤᠷᠠᠯ ᠤᠨ ᠪᠡᠯᠡᠳᠬᠡᠯ | ᠠᠵᠢᠯ ᠢ ᠡᠭᠦᠷᠭᠡᠯᠡᠭᠰᠡᠨ ᠠᠴᠠ ᠭᠠᠳᠠᠨ᠎ᠠ᠂ ᠬᠤᠳᠠ ᠶᠢᠨ ᠠᠷᠠᠳ ᠤᠨ ᠪᠡᠶ᠎ᠡ ᠴᠢᠬᠢᠷᠠᠭᠵᠢᠭᠤᠯᠬᠤ ᠴᠢᠬᠤᠯᠠ ᠲᠠᠯᠠᠪᠤᠷ | ᠪᠤᠯᠵᠠᠢ᠃ | ᠦᠪᠡᠷᠳᠡᠭᠡᠨ ᠵᠠᠰᠠᠬᠤ ᠤᠷᠤᠨ ᠤ ᠮᠦᠰᠦᠨ ᠲᠡᠭᠡᠷᠡᠬᠢ ᠲᠠᠮᠢᠷ ᠤᠨ ᠬᠦᠳᠡᠯᠭᠡᠭᠡᠨ ᠤ ᠪᠤᠯᠪᠠᠰᠤᠷᠠᠯ ᠤᠨ | ᠤᠶᠢᠷ᠎ᠠ ᠵᠠᠮ ᠤᠨ ᠲᠦᠷᠭᠡᠨ ᠲᠠᠰᠢᠯᠳᠠ ᠶᠢᠨ ᠤᠷᠳᠤᠨ ᠤ ᠲᠠᠷᠤᠭ᠎ᠠ ᠢᠤᠢ ᠶᠠᠩ᠄ ︽ᠲᠠᠯᠠᠪᠠᠢ ᠤᠷᠳᠤᠨ ᠢ | ᠪᠠᠶᠢᠭᠤᠯᠤᠭᠰᠠᠨ ᠤ ᠲᠠᠷᠠᠭ᠎ᠠ᠂ ᠤᠷᠤᠯᠳᠤᠭᠠᠨ ᠦᠭᠡᠢ ᠪᠠᠶᠢᠳᠠᠯ ᠲᠤᠤᠷ᠎ᠠ᠂ ᠲᠦᠯᠤᠪᠤᠷᠢ ᠦᠭᠡᠢ ᠴᠢᠯᠦᠭᠡᠳᠡᠢ | ᠨᠡᠭᠡᠭᠡᠯᠳᠡ ᠬᠢᠬᠦ ᠶᠢᠨ ᠬᠠᠮᠳᠦ᠂ ᠬᠡᠦᠬᠡᠳ ᠪᠠᠭᠠᠴᠤᠳ ᠲᠤ ᠦᠨ᠎ᠡ ᠲᠦᠯᠦᠪᠤᠷᠢ ᠦᠭᠡᠢ ᠪᠠᠷ ᠮᠦᠰᠦᠨ ᠲᠡᠭᠡᠷᠡᠬᠢ | ᠬᠦᠳᠡᠯᠭᠡᠭᠡᠨ ᠤ ᠬᠠᠮᠠᠭᠠᠯᠠᠯᠳᠠ ᠶᠢᠨ ᠪᠠᠭᠠᠵᠢ ᠬᠠᠩᠭᠠᠵᠦ᠂ ᠲᠠᠰᠬᠠᠯᠵᠢᠭᠤᠯᠤᠭᠴᠢ ᠪᠠᠷ ᠬᠡᠦᠬᠡᠳ ᠤᠳ ᠢ ᠲᠠᠭᠠᠭᠤᠯᠤᠨ | ᠪᠤᠯᠪᠠᠰᠤᠷᠠᠭᠤᠯᠵᠦ᠂ ᠴᠠᠰᠦ ᠮᠦᠰᠦᠨ ᠤ ᠲᠠᠮᠢᠷ ᠤᠨ ᠬᠦᠳᠡᠯᠭᠡᠭᠡᠨ ᠢ ᠤᠯᠠᠨ ᠨᠢᠭᠡ ᠠᠯᠬᠤᠮ ᠲᠦᠭᠡᠮᠡᠯᠵᠢᠭᠦᠯᠵᠦ | ᠪᠠᠶᠢᠨ᠎ᠡ︾ ᠭᠡᠵᠦ ᠶᠠᠷᠢᠵᠦ ᠪᠠᠶᠢᠯ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠠᠯᠠᠪᠤᠷ ᠤᠨ ᠲᠦᠭᠦᠭᠡᠷᠦᠮᠵᠢ | ᠶᠢᠨ ᠬᠠᠩᠭᠠᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠬᠤ ᠶᠢᠨ ᠲᠦᠯᠦᠭᠡ᠂ 2023 ᠤᠨ ᠳᠤ᠂ ᠮᠠᠨ ᠤ | ᠤᠷᠤᠨ 36 ᠪᠡᠶ᠎ᠡ ᠶᠢᠨ ᠲᠠᠮᠢᠷ ᠤᠨ ᠴᠡᠴᠡᠷᠯᠢᠭ᠂ 32 ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ᠂ 33 | ᠮᠦᠰᠦ ᠲᠡᠰᠢᠬᠦ ᠲᠠᠯᠠᠪᠠᠢ᠂ 103 ᠤᠯᠠᠨ ᠴᠢᠳᠠᠪᠬᠢᠳᠦ ᠲᠠᠮᠢᠷ ᠤᠨ ᠲᠠᠯᠠᠪᠠᠢ᠂ 335 ᠺᠢᠯᠤᠮᠧᠲᠷ ᠤᠨ ᠪᠡᠶ᠎ᠡ | ᠴᠢᠬᠢᠷᠠᠭᠵᠢᠭᠤᠯᠬᠤ ᠶᠠᠪᠠᠭᠠᠨ ᠵᠠᠮ ᠢ ᠵᠠᠯᠭᠠᠭ᠎ᠠ ᠪᠠᠷ ᠰᠢᠨ᠎ᠡ ᠪᠠᠷ ᠪᠠᠶᠢᠭᠤᠯᠤᠭᠰᠠᠨ ᠪᠤᠶᠤ ᠦᠭᠡᠷᠡᠴᠢᠯᠠᠨ ᠦᠷᠭᠡᠳᠬᠡᠨ | ᠪᠠᠶᠢᠭᠤᠯᠪᠠ᠃ 2022 ᠤᠨ ᠤ ᠡᠴᠦᠰ ᠪᠤᠯᠳᠠᠯ᠎ᠠ᠂ ᠮᠠᠨ ᠤ ᠤᠷᠤᠨ ᠤ ᠬᠤᠰᠢᠭᠤ ᠰᠢᠶᠠᠨ ︵ᠬᠤᠳᠠ᠂ | ᠲᠤᠭᠤᠷᠢᠭ︶ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠤᠨ ᠪᠦᠷᠭᠦᠴᠠ ᠶᠢᠨ ᠨᠤᠷᠮ᠎ᠠ 96% ᠳᠤ | ᠬᠦᠷᠴᠦ᠂ ᠰᠤᠮᠤ ᠰᠢᠶᠠᠩ ᠪᠠᠯᠭᠠᠰᠦ ︵ᠵᠡᠭᠡᠯᠢ ᠭᠤᠳᠤᠮᠵᠢ︶ ᠶᠢᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ | ᠲᠠᠯᠠᠪᠤᠷ ᠤᠨ ᠲᠦᠭᠦᠭᠡᠷᠦᠮᠵᠢ ᠶᠢᠨ ᠪᠦᠷᠬᠦᠴᠠ ᠶᠢᠨ ᠨᠤᠷᠮ᠎ᠠ ᠪᠠᠷᠤᠭ 98% ᠳᠤ ᠬᠦᠷᠴᠠᠢ᠃ | | | ᠲᠦᠷᠦᠭᠦᠭᠡᠨ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ | ᠬᠦᠷᠳᠦᠳᠦ ᠲᠡᠰᠢᠭᠦᠷ᠂ ᠴᠠᠰᠦᠨ ᠲᠡᠭᠡᠷᠡᠬᠢ ᠬᠦᠯ ᠪᠦᠮᠪᠦᠭᠡ ᠵᠡᠷᠭᠡ ᠵᠠᠯᠠᠭᠤᠴᠤᠳ ᠪᠠᠭᠠᠴᠤᠳ ᠤᠨ ᠴᠠᠰᠦ ᠮᠦᠰᠦᠨ | ᠤ ᠤᠷᠤᠯᠳᠤᠭᠠᠨ ᠤ ᠠᠵᠢᠯᠯᠠᠭ᠎ᠠ᠂ ᠴᠠᠰᠦ ᠮᠦᠰᠦᠨ ᠤ ᠨᠠᠶᠢᠷ᠂ ᠲᠦᠷᠪᠡᠨ ᠤᠯᠠᠷᠢᠯ ᠤᠨ ᠴᠠᠰᠦ ᠮᠦᠰᠦᠨ ᠤ | ᠤᠷᠤᠯᠳᠤᠭᠠᠨ ᠵᠡᠷᠭᠡ ᠤᠯᠠᠨ ᠨᠡᠶᠢᠳᠡ ᠶᠢᠨ ᠴᠠᠰᠦ ᠮᠦᠰᠦᠨ ᠤ ᠰᠢᠷᠢᠰ ᠠᠵᠢᠯᠯᠠᠭ᠎ᠠ᠂ ᠴᠠᠰᠦ ᠮᠦᠰᠦᠨ ᠤ ᠨᠠᠭᠠᠳᠤᠮ | ᠵᠡᠷᠭᠡ ᠤᠯᠠᠮᠵᠢᠯᠠᠯᠳᠦ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ᠂ ᠡᠪᠦᠯ ᠤᠨᠤᠯᠠᠷᠢᠯ ᠤᠨ | ᠪᠠᠭᠠᠳᠤᠷᠴᠤᠳ ᠤᠨ ᠴᠤᠭᠯᠠᠭᠠᠨ᠂ ᠲᠤᠮᠳᠠᠳᠦ ᠤᠯᠤᠰ ᠤᠨ ᠭᠦᠢᠳᠡᠨ ᠤ ᠲᠤᠶᠢᠯ ᠤᠨ ᠮᠠᠷᠠᠽᠤᠨ ᠤᠷᠤᠯᠳᠤᠭᠠᠨ | ᠵᠡᠷᠭᠡ ᠴᠠᠰᠦ ᠮᠦᠰᠦᠨ ᠤ ᠨᠡᠷᠡᠳᠦ ᠲᠦᠷᠦᠯ ᠲᠡᠮᠳᠡᠭᠳᠦ ᠶᠢᠨ ᠤᠷᠤᠯᠳᠤᠭᠠᠨ ᠤ ᠠᠵᠢᠯᠯᠠᠭ᠎ᠠ᠂ ᠴᠠᠰᠦ ᠮᠦᠰᠦᠨ ᠤ | ᠨᠡᠶᠢᠭᠡᠮ ᠤ ᠪᠡᠶ᠎ᠡ ᠶᠢᠨ ᠲᠠᠮᠢᠷ ᠤᠨ ᠵᠢᠭᠠᠨ ᠵᠢᠯᠤᠭᠤᠳᠤᠭᠴᠢ ᠶᠢᠨ ᠪᠤᠯᠪᠠᠰᠤᠷᠠᠯ ᠵᠡᠷᠭᠡ ᠨᠡᠶᠢᠳᠡ ᠶᠢᠨ ᠠᠰᠠᠷᠠᠮᠵᠢ ᠶᠢᠨ | ᠪᠤᠯᠪᠠᠰᠤᠷᠠᠯ ᠤᠨ ᠠᠵᠢᠯᠯᠠᠭ᠎ᠠ ᠶᠢ ᠪᠠᠭᠳᠠᠭᠠᠭᠰᠠᠨ ᠵᠠᠭᠤᠨ ᠲᠠᠯᠠᠪᠤᠷ ᠠᠵᠢᠯᠯᠠᠭ᠎ᠠ ᠨᠡᠶᠢᠳᠡᠯᠡᠨ ᠭᠠᠷᠭᠠᠪᠠ᠃ | ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠲᠡᠳ᠋ ᠲᠠᠷᠤᠭ᠎ᠠ ᠵᠠᠩ ᡁᠢ ᠢᠯᠡᠷᠬᠡᠶᠢᠯᠡᠬᠦ | ᠳᠡᠭᠡᠨ᠂ ᠮᠠᠨ ᠤ ᠤᠷᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠰᠠᠶᠢᠳᠤᠷ ᠬᠢᠵᠦ᠂ ᠴᠠᠰᠦ ᠮᠦᠰᠦᠨ ᠤ ᠡᠯᠧᠮᠧᠨ᠋ᠲ ᠢ ᠲᠤᠪᠤᠶᠢᠯᠭᠠᠨ᠂ | ᠤᠨᠴᠠᠯᠢᠭᠳᠦ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠨᠠᠷᠢᠨ ᠨᠢᠮᠪᠡᠢ ᠲᠦᠰᠦᠪᠯᠡᠨ ᠭᠠᠷᠭᠠᠪᠠ᠂ | ᠡᠭᠦᠨ ᠳᠤ ᠦᠪᠡᠷᠳᠡᠭᠡᠨ ᠵᠠᠰᠠᠬᠤ ᠤᠷᠤᠨ ᠤ ᠲᠡᠰ ᠤᠨ ᠠᠵᠢᠯᠯᠠᠭ᠎ᠠ 34 ᠲᠠᠯᠠᠪᠠᠢ ᠤᠳᠠᠭ᠎ᠠ᠂ ᠡᠯ᠎ᠡ ᠠᠶᠢᠮᠠᠭ | ᠬᠤᠳᠠ ᠶᠢᠨ ᠠᠵᠢᠯᠯᠠᠭ᠎ᠠ 66 ᠲᠠᠯᠠᠪᠠᠢ ᠤᠳᠠᠭ᠎ᠠ ᠪᠠᠶᠢᠵᠦ᠂ ᠠᠵᠢᠯᠯᠠᠭ᠎ᠠ 2024 ᠤᠨ ᠤ 3 ᠰᠠᠷ᠎ᠠ ᠪᠤᠯᠳᠠᠯ᠎ᠠ | ᠦᠷᠭᠦᠯᠵᠢᠯᠡᠨ᠎ᠡ ᠭᠡᠵᠡᠢ᠃ | ᠡᠬᠢ ᠪᠠᠶᠠᠯᠢᠭ ᠢ ᠬᠦᠨᠵᠡᠭᠡᠢ ᠠᠭᠤᠳᠠᠯᠵᠦ ︽ᠴᠠᠰᠦ ᠮᠦᠰᠦ +︾ ᠶᠢ ᠠᠬᠢᠭᠤᠯᠤᠨ᠎ᠡ | 10 ᠰᠠᠷ᠎ᠠ ᠶᠢᠨ 18 ᠤ ᠡᠳᠦᠷ᠂ ᠮᠤᠩᠭᠤᠯ ᠤᠯᠤᠰ ᠤᠨ 30 ᠭᠠᠷᠤᠢ ᠵᠢᠭᠤᠯᠴᠢᠯᠠᠯ ᠤᠨ ᠦᠢᠯᠡᠴᠢᠯᠡᠭᠡᠨ ᠤ | ᠭᠠᠵᠠᠷ ᠤᠨ ᠲᠦᠯᠦᠭᠡᠯᠡᠭᠴᠢᠳ ᠤᠨ ᠪᠦᠯᠬᠦᠮ᠂ ᠬᠠᠶᠢᠯᠠᠷ ᠲᠤᠭᠤᠷᠢᠭ ᠲᠤ ᠬᠦᠷᠴᠦ ᠰᠤᠯᠢᠯᠴᠠᠨ ᠰᠢᠨᠵᠢᠯᠡᠨ | ᠪᠠᠶᠢᠴᠠᠭᠠᠵᠦ᠂ ᠬᠤᠶᠠᠷ ᠭᠠᠵᠠᠷ ᠤᠨ ᠵᠢᠭᠤᠯᠴᠢᠯᠠᠯ ᠤᠨ ᠬᠠᠮᠳᠤᠷᠠᠭᠰᠠᠨ ᠡᠵᠡᠩᠨᠡᠯᠳᠡ ᠪᠤᠷᠤᠯᠠᠭᠤᠯᠭ᠎ᠠ᠂ ᠤᠨᠴᠠᠯᠢᠭᠳᠦ | ᠵᠠᠮ ᠱᠤᠭᠤᠮ ᠢ ᠨᠡᠭᠡᠭᠡᠨ ᠬᠦᠭᠵᠢᠭᠦᠯᠬᠦ᠂ ᠦᠢᠯᠡᠳᠬᠦᠨ ᠢ ᠬᠠᠷᠢᠯᠴᠠᠨ ᠲᠠᠨᠢᠯᠴᠠᠭᠤᠯᠬᠤ ᠵᠡᠷᠭᠡ ᠲᠤᠬᠠᠶᠢᠯᠠᠭᠰᠠᠨ | ᠠᠵᠢᠯ ᠤᠨ ᠬᠠᠮᠳᠤᠷᠠᠯᠴᠠᠭ᠎ᠠ ᠶᠢ ᠰᠦᠪᠡᠭᠴᠢᠯᠡᠨ ᠲᠦᠯᠦᠪᠵᠢᠭᠦᠯᠪᠡ᠃ ᠤᠳᠤᠬᠠᠨ ᠬᠠᠶᠢᠯᠠᠷ ᠲᠤᠭᠤᠷᠢᠭ ᠠᠷᠪᠠᠨ | ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢᠶᠠᠷ ᠠᠵᠠ | ᠲᠤᠬᠢᠶᠠᠯ ᠪᠤᠯᠭᠠᠨ ᠤᠷᠤᠰ ᠮᠤᠩᠭᠤᠯ ᠤᠨ ᠬᠦᠷᠰᠢ ᠵᠡᠷᠭᠡᠯᠡᠳᠡᠭᠡ ᠶᠢᠨ ᠲᠠᠪᠠᠭᠤᠯᠢᠭ ᠢᠶᠠᠨ ᠠᠰᠢᠭᠯᠠᠨ ᠮᠦᠰᠦ ᠴᠠᠰᠤᠨ | ᠤ ᠵᠢᠭᠤᠯᠴᠢᠯᠠᠯ ᠤᠨ ᠠᠭᠤᠯᠭ᠎ᠠ ᠶᠢ ᠤᠯᠠᠨ ᠲᠠᠯ᠎ᠠ ᠪᠠᠷ ᠦᠷᠭᠡᠳᠬᠡᠵᠦ᠂ ᠤᠯᠤᠰ ᠤᠨ ᠲᠤᠳᠤᠭᠠᠳᠦ ᠭᠠᠳᠠᠭᠠᠳᠦ ᠶᠢᠨ | ᠵᠢᠭᠤᠯᠴᠢᠯᠠᠭᠰᠠᠳ ᠢ ᠲᠡᠳᠡᠵᠦ ᠪᠤᠢ᠃ | 11 ᠰᠠᠷ᠎ᠠ ᠶᠢᠨ 1 ᠤ ᠡᠳᠦᠷ᠂ 2023 — 2024 ᠤᠨ ᠤ ᠤᠷᠤᠯᠳᠤᠭᠠᠨ ᠤ ᠤᠯᠠᠷᠢᠯ ᠤᠨ ᠲᠤᠮᠳᠠᠳᠦ | ᠤᠯᠤᠰ ᠬᠤᠨᠳᠠᠭᠠᠳᠦ ᠤᠶᠢᠷ᠎ᠠ ᠵᠠᠮ ᠤᠨ ᠲᠦᠷᠭᠡᠨ ᠲᠠᠰᠢᠯᠳᠠ ᠶᠢᠨ ᠰᠤᠳᠤᠴᠤᠤᠯ ᠤᠨ ᠬᠤᠯᠪᠤᠭᠠᠳᠦ ᠤᠷᠤᠯᠳᠤᠭᠠᠨ | ︵ᠬᠦᠯᠤᠨ ᠪᠤᠶᠢᠷ ᠦᠷᠳᠡᠭᠡ︶ ᠵᠢᠴᠢ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠤ ᠬᠢᠷᠢ ᠬᠡᠮ ᠤᠨ ᠤᠷᠤᠯᠳᠤᠭᠠᠨ ᠶᠠᠪᠤᠭᠳᠠᠵᠦ᠂ ᠤᠷᠤᠰ ᠤᠨ 230 ᠭᠠᠷᠤᠢ | ᠪᠠᠭᠰᠢ ᠰᠤᠷᠤᠭᠴᠢᠳ ᠠᠬᠤᠢ ᠲᠠᠯᠠᠪᠠᠢ ᠳᠤ ᠮᠤᠷᠢᠯᠠᠨ ᠰᠠᠭᠠᠳᠠᠵᠦ ᠤᠷᠤᠯᠳᠤᠭᠠᠨ ᠳᠤ ᠬᠦᠭ ᠨᠡᠮᠡᠭᠰᠡᠨ ᠪᠠᠶᠢᠨ᠎ᠡ᠃ | ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ | ᠮᠠᠨ ᠤ ᠤᠷᠤᠨ ᠤ ᠴᠠᠰᠦ ᠮᠦᠰᠦᠨ ᠤ ᠵᠢᠭᠤᠯᠴᠢᠯᠠᠯ ᠤᠨ ᠲᠦᠷᠦᠯ ᠲᠡᠮᠳᠡᠭ ᠤᠨ ᠨᠦᠯᠦᠭᠡᠯᠡᠬᠦ ᠬᠦᠴᠦᠨ ᠢ | ᠲᠠᠰᠤᠷᠠᠯᠳᠠ ᠦᠭᠡᠢ ᠲᠡᠭᠡᠭᠰᠢᠯᠡᠭᠦᠯᠪᠡ᠃ | | | ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ | ᠨᠢ ᠴᠠᠰᠦ ᠮᠦᠰᠦᠨ ᠤ ᠲᠠᠮᠢᠷ ᠤᠨ ᠬᠦᠳᠡᠯᠭᠡᠭᠡᠨ ᠤ ᠦᠪᠡᠳᠡᠭᠰᠢ ᠴᠤᠭᠯᠠᠭᠠᠨ ᠪᠤᠯᠬᠤ ᠪᠠᠷ ᠪᠠᠷᠠᠬᠤ ᠦᠭᠡᠢ᠂ ᠨᠡᠩ | ᠴᠦ ᠮᠠᠨ ᠤ ᠤᠷᠤᠨ ᠳᠤ ᠴᠠᠰᠦ ᠮᠦᠰᠦᠨ ᠤ ᠠᠵᠦ ᠠᠬᠤᠢ ᠶᠢ ᠬᠦᠭᠵᠢᠭᠦᠯᠬᠦ ᠶᠡᠭᠡ ᠰᠠᠶᠢᠨ ᠠᠵᠠ ᠲᠤᠬᠢᠶᠠᠯ ᠢ | ᠤᠯᠭᠤᠪᠠ᠃ ᠴᠠᠰᠦ ᠮᠦᠰᠦᠨ ᠤ ᠬᠦᠳᠡᠯᠭᠡᠭᠡᠨ ᠳᠤ ᠤᠷᠤᠯᠴᠠᠬᠤ ᠠᠴᠠ ᠴᠠᠰᠦ ᠮᠦᠰᠦ ᠶᠢ ᠠᠰᠢᠭᠯᠠᠬᠤ᠂ ᠲᠠᠬᠢᠨ | ᠴᠠᠰᠦ ᠮᠦᠰᠦᠨ ᠤ ᠠᠵᠦ ᠦᠢᠯᠡᠰ ᠢ ᠬᠦᠭᠵᠢᠭᠦᠯᠬᠦ ᠬᠦᠷᠳᠡᠯ᠎ᠡ᠂ ᠦᠪᠦᠷ ᠮᠤᠩᠭᠤᠯ ᠨᠡᠩ ᠤᠯᠠᠨ ︽ᠴᠠᠰᠦ ᠮᠦᠰᠦ | +︾ ᠲᠦᠷᠦᠯ ᠲᠡᠮᠳᠡᠭ ᠢ ᠡᠭᠦᠳᠦᠨ᠎ᠡ᠃ | 2024 ᠤᠨ ᠤ 2 ᠰᠠᠷ᠎ᠠ ᠶᠢᠨ 17 ᠤ ᠡᠳᠦᠷ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ | ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠦᠪᠡᠷᠳᠡᠭᠡᠨ ᠵᠠᠰᠠᠬᠤ ᠤᠷᠤᠨ ᠤ | ᠮᠦᠰᠦᠨ ᠲᠡᠭᠡᠷᠡᠬᠢ ᠬᠦᠳᠡᠯᠭᠡᠭᠡᠨ ᠤ ᠪᠤᠯᠪᠠᠰᠤᠷᠠᠯ ᠤᠨ ᠲᠦᠪ ᠤᠨ ᠭᠠᠯ ᠪᠡᠮᠪᠡᠷ ᠤᠨ ᠰᠤᠪᠤᠷᠭ᠎ᠠ ᠳᠤ ᠠᠰᠠᠭᠠᠬᠤ | ᠪᠤᠯᠤᠨ᠎ᠡ᠂ ᠪᠢᠳᠡ ᠲᠡᠷᠡ ᠬᠦ ᠴᠠᠭ ᠮᠦᠴᠠ ᠶᠢ ᠬᠠᠮᠳᠦ ᠳᠠᠭᠠᠨ ᠬᠦᠰᠡᠨ ᠬᠦᠯᠢᠶᠡᠶ᠎ᠡ︕ ᠰᠠᠶᠢᠨ ᠰᠠᠶᠢᠬᠠᠨ ᠴᠠᠰᠦ | ᠮᠦᠰᠦᠨ ᠤ ᠪᠤᠯᠵᠤᠭ᠎ᠠ ᠶᠢ ᠵᠢᠷᠤᠭᠯᠠᠶᠡ︕ |