ᠦᠰᠦᠭ ᠪᠢᠴᠢᠭ ᠤᠨ ᠲᠡᠶᠢᠯᠦᠮᠵᠢ᠄ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠲᠤ ᠰᠤᠷᠤᠭᠴᠢᠳ  ᠤᠨ ᠬᠦᠳᠡᠯᠭᠡᠭᠡᠨ ᠢ ᠬᠢᠵᠠᠭᠠᠷᠯᠠᠵᠦ ᠪᠤᠯᠬᠤ ᠦᠭᠡᠢ
ᠨᠡᠶᠢᠲᠡᠯᠡᠭᠰᠡᠨ ᠴᠠᠭ᠄
2023/11/15
     ᠬᠢᠴᠢᠶᠡᠯ ᠪᠠᠭᠤᠬᠤ ᠶᠢ ᠬᠦᠰᠡᠬᠦ᠂ ᠲᠠᠮᠢᠷ ᠤᠨ ᠬᠢᠴᠢᠶᠡᠯ ᠢ ᠬᠦᠰᠡᠬᠦ ᠨᠢ ᠪᠠᠷᠤᠭ ᠰᠤᠷᠤᠭᠴᠢ ᠨᠢᠭᠡᠪᠦᠷᠢ ᠳᠤ ᠪᠠᠶᠢᠵᠤ ᠥᠩᠭᠡᠷᠡᠭᠰᠡᠨ ᠪᠤᠳᠤᠯ ᠶᠤᠮ᠃ ᠢᠯᠠᠩᠭᠤᠶ᠎ᠠ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠢ ᠮᠦᠷᠦᠬᠡᠳᠬᠦ  ᠨᠢ ᠬᠡᠦᠬᠡᠳ ᠤᠨ ᠰᠡᠳᠬᠢᠯ ᠵᠦᠢ ᠳᠤ ᠨᠡᠶᠢᠴᠡᠬᠦ ᠤᠴᠢᠷ ᠶᠤᠮ᠃      ᠲᠦᠷᠦᠭᠦᠬᠡᠨ᠂ ᠵᠠᠷᠢᠮ  ᠭᠠᠵᠠᠷ  ᠣᠷᠣᠨ  ᠳᠤᠮᠳᠠᠳᠤ  ᠪᠠᠭ᠎ᠠ  ᠰᠤᠷᠭᠠᠭᠤᠯᠢ  ᠶᠢᠨ  ᠰᠤᠷᠤᠭᠴᠢᠳ  ᠤᠨ   ︽ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ  ᠢ ᠬᠢᠵᠠᠭᠠᠷᠯᠠᠭᠰᠠᠨ︾ ᠠᠰᠠᠭᠤᠳᠠᠯ ᠢ ᠰᠦᠯᠵᠢᠶᠡᠨ ᠳᠡᠭᠡᠷ᠎ᠡ ᠬᠥᠭᠵᠢᠶᠡᠨᠲᠡᠢ ᠶᠠᠷᠢᠯᠴᠠᠪᠠ᠃ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠲᠤ ᠰᠤᠷᠤᠭᠴᠢᠳ ᠠᠮᠠᠷᠠᠬᠤ ᠶᠢ ᠵᠠᠷᠢᠮ ᠰᠤᠷᠭᠠᠭᠤᠯᠢ ᠪᠡᠶᠡᠯᠡᠬᠦᠯᠬᠦ ᠦᠭᠡᠢ ᠪᠠᠶᠢᠨ᠎ᠡ᠃ ᠡᠳᠡᠭᠡᠷ ᠰᠤᠷᠭᠠᠭᠤᠯᠢ ᠳᠤ ᠬᠡᠳᠦᠶᠢᠪᠡᠷ ᠲᠣᠳᠣᠷᠬᠠᠢ ᠲᠣᠭᠲᠠᠭᠠᠯ ᠦᠭᠡᠢ ᠪᠣᠯᠪᠠᠴᠤ᠂ ᠰᠤᠷᠤᠭᠴᠢᠳ ᠪᠠᠭᠰᠢ ᠶᠢᠨ ᠢᠶᠠᠨ ᠱᠠᠭᠠᠷᠳᠠᠯᠭ᠎ᠠ ᠪᠠ ᠬᠢᠨᠠᠯᠲᠠ ᠶᠢᠨ ᠳᠣᠣᠷ᠎ᠠ᠂ ᠬᠢᠴᠢᠶᠡᠯ ᠤᠨ ᠵᠠᠪᠰᠠᠷᠯᠠᠭ᠎ᠠ ᠳᠤ ᠵᠥᠪᠬᠡᠨ ᠤᠰᠤ ᠲᠤᠰᠬᠤ᠂ ᠵᠣᠷᠯᠣᠩ ᠳᠤ ᠤᠴᠢᠬᠤ ᠵᠡᠷᠭᠡ ᠯᠡ ᠪᠠᠶᠢᠵᠦ᠂ ᠠᠩᠭᠢ ᠳᠠᠭᠠᠨ ᠳᠤᠷ᠎ᠠ ᠪᠠᠷ ᠢᠶᠠᠨ ᠶᠠᠪᠤᠵᠤ ᠦᠢᠮᠡᠯᠳᠦᠨ ᠱᠤᠤᠭᠢᠯᠳᠤᠬᠤ ᠶᠢ ᠴᠦ ᠬᠤᠷᠢᠭᠯᠠᠪᠠ᠃ ᠬᠠᠷᠢᠴᠠᠩᠭᠤᠢ ᠠᠭᠤᠵᠢᠭᠤ ᠲᠠᠯᠪᠢᠭᠤ ᠰᠤᠷᠭᠠᠭᠤᠯᠢ ᠨᠢ ᠰᠤᠷᠤᠭᠴᠢᠳ ᠤᠨ ᠭᠤᠳᠤᠮᠵᠢ ᠪᠠᠷ ᠶᠠᠪᠤᠬᠤ ᠶᠢ ᠵᠥᠪᠰᠢᠶᠡᠷᠡᠳᠡᠭ ᠪᠣᠯᠪᠠᠴᠤ ᠭᠡᠷ ᠤᠨ ᠭᠠᠳᠠᠨᠠᠬᠢ ᠬᠥᠳᠡᠯᠭᠡᠭᠡᠨ ᠢ ᠬᠤᠷᠢᠭᠯᠠᠭᠰᠠᠨ ᠪᠠᠶᠢᠨ᠎ᠡ᠃ ᠬᠢᠴᠢᠶᠡᠯ ᠤᠨ ᠳᠠᠷᠠᠭ᠎ᠠ ᠲᠠᠮᠢᠷ ᠤᠨ ᠲᠠᠯᠠᠪᠠᠶ ᠳᠤ ᠭᠦᠶᠦᠵᠦ ᠲᠤᠭᠯᠠᠬᠤ᠂ ᠳᠡᠭᠡᠰᠦ ᠦᠰᠦᠷᠬᠦ᠂ ᠪᠥᠮᠪᠦᠭᠡ ᠨᠠᠭᠠᠳᠬᠤ ᠮᠡᠲᠦ ᠶᠢᠨ ᠲᠠᠷᠤᠭᠠᠰᠦ ᠬᠥᠩᠭᠡᠷᠡᠭᠦᠯᠬᠦ ᠦᠵᠡᠭᠳᠡᠯ ᠬᠠᠷᠠᠭᠳᠠᠬᠤ ᠦᠭᠡᠢ ᠪᠣᠯᠵᠠᠢ᠃ ᠡᠨᠡ ᠲᠤᠬᠠᠢ ᠡᠯ᠎ᠡ ᠲᠠᠯ᠎ᠠ ᠶᠢᠨ ᠬᠢᠨ ᠴᠥᠮ ︽ᠰᠣᠷᠣᠭᠴᠢ ᠶᠢᠨ ᠠᠮᠤᠷ ᠲᠦᠪᠰᠢᠨ︾ ᠪᠠ ︽ᠬᠠᠮᠢᠶᠠᠷᠬᠤ ᠳᠤ ᠲᠥᠬᠦᠮ︾ ᠭᠡᠳᠡᠭ ᠢᠶᠠᠷ ᠰᠢᠯᠳᠠᠭᠠᠨ ᠪᠣᠯᠭᠠᠵᠤ ᠪᠠᠶᠢᠨ᠎ᠠ︔ ᠬᠡᠯᠡᠯᠭᠡᠨ ᠦᠭᠡᠢ᠂ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠭᠡᠪᠡᠴᠦ ᠵᠥᠪᠬᠡᠨ ︽ᠠᠮᠤᠷ ᠲᠦᠪᠰᠢᠨ︾ ᠭᠡᠳᠡᠭ ᠦᠭᠡ  ᠪᠠᠷ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠬᠠᠯᠬᠠᠯᠠᠵᠤ ᠪᠣᠯᠬᠤ ᠦᠭᠡᠢ᠂ ᠨᠠᠩ ᠴᠤ ᠰᠣᠷᠣᠭᠴᠢ ᠶᠢᠨ ᠲᠠᠮᠢᠷ  ᠤᠨ ᠬᠥᠳᠡᠯᠭᠡᠭᠡᠨ ᠠᠴᠠ ᠪᠣᠯᠵᠤ ᠮᠥᠷᠭᠦᠯᠳᠦᠬᠦ᠂ ᠰᠢᠷᠬᠠᠲᠤᠬᠤ ᠪᠠᠶᠢᠳᠠᠯ ᠭᠠᠷᠬᠤ ᠠᠴᠠ ᠵᠠᠶᠢᠯᠠᠰᠬᠢᠬᠦ ᠶᠢᠨ ᠲᠥᠯᠥᠭᠡ ︽ᠨᠢᠭᠡ ᠯᠡ ᠠᠳᠠᠯᠢ ᠪᠠᠷ ᠱᠠᠭᠠᠷᠳᠠᠬᠤ︾ ᠶᠢ ᠬᠡᠷᠡᠭᠵᠢᠭᠦᠯᠵᠦ ᠪᠣᠯᠬᠤ ᠦᠭᠡᠢ᠃      ᠰᠤᠷᠭᠠᠭᠤᠯᠢ ᠶᠢᠨ ᠬᠦᠷᠢᠶᠡᠨ ᠤ ᠬᠢᠨ ᠪᠠᠭᠠᠴᠤᠳ ᠬᠦᠴᠦᠷᠬᠡᠭᠵᠢᠪᠡᠯ ᠳᠤᠮᠳᠠᠳᠤ ᠤᠯᠤᠰ ᠬᠦᠴᠦᠷᠬᠡᠭᠵᠢᠬᠦ ᠲᠡᠦᠬᠡᠨ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠬᠦ ᠶᠠᠪᠤᠴᠠ ᠳᠤ᠂ ᠪᠡᠶ᠎ᠡ ᠶᠢᠨ ᠲᠠᠮᠢᠷ ᠪᠣᠯᠣᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠠᠯᠭᠠᠭ᠎ᠠ ᠵᠠᠯᠭᠠᠭ᠎ᠠ ᠪᠠᠷ ᠬᠠᠮᠲᠤᠷᠠᠨ ᠰᠢᠷᠢᠰ ᠲᠥᠷᠥ ᠶᠢᠨ ᠪᠣᠳᠣᠯᠭ᠎ᠠ ᠨᠡᠶᠢᠲᠡᠯᠡᠵᠦ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ ᠪᠠᠶᠢᠭᠰᠠᠨ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠶᠡᠭᠡ ᠪᠠᠷ ᠬᠡᠷᠡᠭᠵᠢᠭᠦᠯᠦᠭᠰᠡᠨ ᠠᠬᠤᠢ ᠪᠠᠶᠢᠳᠠᠯ ᠳᠣᠣᠷ᠎ᠠ᠂ ︽ᠬᠢᠴᠢᠶᠡᠯ ᠤᠨ ᠭᠡᠷ ᠠᠴᠠ ᠭᠠᠷᠴᠤ᠂ ᠲᠠᠮᠢᠷ ᠤᠨ ᠲᠠᠯᠠᠪᠠᠶ ᠳᠤ ᠣᠴᠢᠬᠤ︾ ᠤᠷᠢᠶ᠎ᠠ ᠶᠢ ᠰᠢᠨᠳᠠᠷᠡᠯ ᠦᠭᠡᠢ ᠰᠠᠨᠠᠭᠠᠴᠢᠯᠠᠨ ᠵᠣᠷᠢᠭᠵᠢᠭᠤᠯᠤᠭᠰᠠᠨ ᠢᠶᠠᠷ᠂ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠲᠤ ᠬᠢᠴᠢᠶᠡᠯ ᠤᠨ ᠭᠡᠷ ᠨᠠᠮ ᠵᠢᠮ ᠪᠣᠯᠵᠤ᠂ ᠲᠠᠮᠢᠷ ᠤᠨ ᠲᠠᠯᠠᠪᠠᠶ ᠬᠤᠭᠤᠰᠤᠨ ᠪᠣᠯᠬᠤ ᠳᠤ ᠭᠦᠷᠪᠡᠯ ︽ᠴᠠᠭ ᠤᠨ ᠪᠠᠶᠢᠳᠠᠯ ᠳᠤ ᠲᠣᠬᠢᠷᠠᠬᠤ ᠦᠭᠡᠢ︾ ᠮᠥᠷᠲᠡᠭᠡᠨ ᠨᠠᠩ ᠣᠯᠠᠨ ᠴᠠᠭ ᠪᠠ ᠣᠶᠤᠨ ᠴᠢᠳᠠᠯ ᠢᠶᠠᠨ ᠵᠠᠷᠤᠴᠠᠭᠤᠯᠤᠭᠰᠠᠨ ᠴᠤ ᠡᠭᠡᠭᠦᠯᠵᠦ ᠳᠡᠶᠢᠯᠦᠰᠢ ᠦᠭᠡᠢ ᠬᠤᠬᠢᠷᠠᠯ ᠳᠤ ᠤᠴᠠᠷᠠᠬᠤ ᠪᠣᠯᠣᠨ᠎ᠠ᠂ ᠡᠨᠡ ᠨᠢ ᠡᠴᠦᠰ ᠤᠨ ᠡᠴᠦᠰ ᠲᠡᠭᠡᠨ ᠰᠤᠷᠤᠭᠴᠢᠳ ᠲᠤ ᠬᠠᠷᠢᠭᠤᠴᠠᠯᠭ᠎ᠠ ᠦᠭᠡᠢ ᠶᠠᠪᠤᠳᠠᠯ ᠪᠣᠯᠬᠤ ᠶᠤᠮ᠃     ᠬᠠᠤᠯᠢ ᠲᠦᠷᠢᠮ ᠪᠠ ᠶᠣᠰᠣ ᠵᠦᠢ ᠶᠢᠨ ᠲᠠᠯ᠎ᠠ ᠪᠠᠷ᠂ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠢ ᠨᠠᠮ ᠵᠢᠮ᠂ ᠪᠤᠬᠢᠨᠢᠳᠤᠯ ᠲᠠᠢ ᠪᠤᠯᠭᠠᠬᠤ ᠶᠢ ᠵᠦᠪᠰᠢᠶᠡᠷᠡᠬᠦ ᠦᠭᠡᠢ     ᠬᠠᠤᠯᠢ ᠲᠦᠷᠢᠮ ᠤᠨ ᠲᠠᠯ᠎ᠠ ᠪᠠᠷ ᠠᠪᠴᠦ ᠬᠡᠯᠡᠬᠦ ᠳᠤ᠂ 2021 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ ︽ᠰᠤᠷᠭᠠᠭᠤᠯᠢ ᠠᠴᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠣᠭᠲᠠᠭᠠᠯ︾ ︵ᠰᠤᠷᠭᠠᠨ ᠬᠥᠮᠦᠵᠢᠯ ᠤᠨ ᠶᠠᠮᠤᠨ ᠤ ᠵᠠᠷᠯᠢᠭ 50 ᠳ᠋ᠤᠭᠠᠷ ᠲᠣᠭᠠᠲᠤ︶ ᠳᠤ᠂ ᠰᠤᠷᠤᠭᠴᠢᠳ ᠤᠨ ᠬᠢᠴᠢᠶᠡᠯ ᠤᠨ ᠵᠠᠪᠰᠠᠷᠯᠠᠭ᠎ᠠ ᠵᠢᠴᠢ ᠪᠤᠰᠤᠳ ᠵᠢᠭᠠᠨ ᠰᠤᠷᠭᠠᠯᠲᠠ ᠶᠢᠨ ᠪᠤᠰᠤ ᠴᠠᠭ ᠤᠨ ᠵᠦᠢ ᠶᠣᠰᠣᠨ ᠤ ᠰᠣᠯᠢᠯᠴᠠᠭ᠎ᠠ᠂ ᠲᠣᠭᠯᠠᠭᠠᠮ᠂ ᠬᠢᠴᠢᠶᠡᠯ ᠤᠨ ᠭᠡᠷ ᠠᠴᠠ ᠭᠠᠷᠬᠤ ᠵᠡᠷᠭᠡ ᠦᠭᠡ ᠶᠠᠷᠢᠶ᠎ᠠ ᠦᠶᠯᠡ ᠠᠵᠢᠯᠯᠠᠭ᠎ᠠ ᠳᠤ ᠴᠢᠬᠤᠯᠠ ᠪᠤᠰᠤ ᠬᠢᠵᠠᠭᠠᠷᠯᠠᠯ ᠲᠠᠯᠪᠢᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠵᠠᠢ᠃ ᠪᠣᠳᠠᠲᠠᠢ ᠠᠵᠢᠯ ᠤᠨ ᠳᠤᠮᠳᠠ᠂ ᠳᠤᠮᠳᠠᠳᠤ ᠪᠠᠭ᠎ᠠ ᠰᠤᠷᠭᠠᠭᠤᠯᠢ ᠳᠤ ᠡᠳᠦᠷ ᠪᠦᠷᠢ ᠬᠢᠴᠢᠶᠡᠯ ᠤᠨ ᠵᠠᠪᠰᠠᠷᠯᠠᠭ᠎ᠠ ᠶᠢᠨ 30 ᠮᠢᠨᠦ᠋ᠲ ᠤᠨ ᠲᠠᠮᠢᠷ ᠤᠨ ᠬᠥᠳᠡᠯᠭᠡᠭᠡᠨ ᠢ ᠨᠢᠭᠡᠳᠦᠯᠲᠡᠢ ᠲᠣᠬᠢᠷᠠᠭᠤᠯᠵᠤ᠂ ᠬᠢᠴᠢᠶᠡᠯ ᠪᠦᠷᠢ ᠶᠢᠨ ᠵᠠᠪᠰᠠᠷᠯᠠᠭ᠎ᠠ ᠳᠤ ᠰᠤᠷᠤᠭᠴᠢᠳ ᠢ ᠬᠢᠴᠢᠶᠡᠯ ᠤᠨ ᠭᠡᠷ ᠠᠴᠠ ᠭᠠᠷᠴᠤ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ ᠪᠠ ᠰᠤᠯᠠ ᠲᠠᠯᠪᠢᠬᠤ ᠪᠠᠷ ᠲᠣᠬᠢᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃  ᠬᠡᠳᠦᠶᠢᠪᠡᠷ ᠰᠤᠷᠭᠠᠭᠤᠯᠢ ᠶᠢᠨ ᠬᠦᠷᠢᠶᠡᠨ ᠤ ᠬᠦᠮᠦᠰ᠂ ᠲᠠᠯᠠᠪᠤᠷ ᠭᠠᠵᠠᠷ᠂ ᠣᠷᠴᠢᠨ ᠲᠣᠭᠤᠷᠢᠨ ᠵᠡᠷᠭᠡ ᠨᠥᠬᠦᠴᠡᠯ ᠠᠳᠠᠯᠢ ᠦᠭᠡᠢ᠂ ᠰᠤᠷᠤᠭᠴᠢᠳ ᠲᠤ ᠠᠳᠠᠯᠢᠬᠠᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠬᠦ ᠨᠢ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠪᠣᠯᠪᠠᠴᠤ ᠳᠦᠷᠢᠮ ᠲᠣᠭᠲᠠᠭᠠᠯ ᠢ ᠭᠦᠢᠴᠡᠳᠬᠡᠵᠦ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠲᠠᠯ᠎ᠠ ᠠᠴᠠ ᠠᠪᠴᠤ ᠬᠡᠯᠡᠭᠰᠡᠨ ᠴᠦ ᠲᠡᠷᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠢᠩᠭᠠᠳᠬᠠᠬᠤ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠲᠠᠯ᠎ᠠ ᠠᠴᠠ ᠠᠪᠴᠤ ᠬᠡᠯᠡᠭᠰᠡᠨ ᠴᠦ  ᠴᠥᠮ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠤᠨ ᠠᠵᠢᠯᠯᠠᠭ᠎ᠠ ᠶᠢ ᠪᠠᠶᠠᠯᠢᠭᠵᠢᠭᠤᠯᠬᠤ ᠪᠠᠷ ᠢᠳᠡᠪᠬᠢᠲᠡᠢ ᠲᠤᠷᠰᠢᠵᠤ ᠦᠵᠡᠬᠦ ᠬᠡᠷᠡᠭᠲᠡᠢ᠃ ᠨᠠᠭᠠᠲᠤ ᠵᠠᠬ᠎ᠠ ᠳᠠᠭᠠᠨ ᠪᠠᠭᠰᠢ ᠠᠵᠢᠯᠲᠠᠨ ᠢ ᠬᠤᠪᠢᠶᠠᠷᠢᠯᠠᠬᠤ᠂ ᠠᠵᠢᠯᠯᠠᠭᠠᠨ ᠤ ᠬᠡᠯᠪᠡᠷᠢ ᠪᠠ ᠠᠭᠤᠯᠭ᠎ᠠ ᠶᠢ ᠣᠯᠠᠨ ᠡᠰᠢᠵᠢᠭᠦᠯᠬᠦ᠂ ᠠᠵᠢᠯᠯᠠᠭᠠᠨ ᠤ ᠴᠠᠭ ᠢ ᠠᠮᠢᠳᠤᠯᠢᠭ ᠪᠠᠶᠢᠯᠭᠠᠬᠤ ᠵᠡᠷᠭᠡ ᠨᠠᠷᠢᠨ ᠵᠦᠢᠯᠡᠰ ᠢ ᠵᠣᠬᠢᠰᠲᠠᠢ ᠰᠢᠢᠳᠪᠦᠷᠢᠯᠡᠵᠦ᠂ ᠤᠳᠠᠭᠠᠨ ᠳᠠᠭᠠᠨ ᠲᠣᠰ ᠰᠤᠷᠭᠠᠭᠤᠯᠢ ᠶᠢᠨ ᠬᠦᠷᠢᠶᠡᠨ ᠳᠡᠭᠡᠨ ᠲᠣᠬᠢᠷᠠᠬᠤ ᠬᠠᠮᠢᠶᠠᠷᠤᠯᠲᠠ ᠶᠢᠨ ᠵᠠᠭᠪᠤᠷ ᠢ ᠢᠳᠡᠭ ᠢᠳᠡᠭ ᠢᠶᠠᠷ ᠰᠦᠪᠡᠭᠴᠢᠯᠡᠨ ᠭᠠᠷᠭᠠᠵᠦ ᠪᠤᠯᠤᠨ᠎ᠡ᠃ ᠰᠤᠷᠭᠠᠭᠤᠯᠢ ᠶᠢᠨ ᠲᠠᠯ᠎ᠠ ᠶᠢᠨ ᠬᠢᠨ ᠠᠰᠠᠭᠤᠳᠠᠯ ᠤᠨ ᠦᠨᠳᠦᠰᠦ ᠰᠤᠷᠪᠤᠯᠵᠢ ᠶᠢ ᠢᠳᠡᠪᠬᠢᠲᠡᠢ ᠪᠠᠷ ᠠᠭᠤᠳᠠᠯᠵᠤ᠂ ᠠᠯᠤᠰ ᠬᠡᠲᠦ ᠶᠢᠨ ᠡᠭᠦᠳᠡᠨ ᠠᠴᠠ ᠠᠰᠢᠭ ᠬᠤᠣᠷ ᠢ ᠪᠣᠳᠣᠯᠬᠢᠯᠠᠬᠤ ᠴᠢᠳᠠᠪᠤᠷᠢ ᠪᠠᠨ ᠨᠡᠮᠡᠭᠳᠡᠭᠦᠯᠵᠦ᠂ ᠴᠢᠨᠠᠭᠰᠢᠯᠠᠪᠠᠯ ᠲᠣᠰ ᠪᠡᠶ᠎ᠡ ᠶᠢᠨ ᠬᠠᠮᠢᠶᠠᠷᠤᠯᠲᠠ ᠶᠢᠨ ᠴᠢᠳᠠᠪᠤᠷᠢ ᠪᠠ ᠣᠶᠤᠨ ᠤᠬᠠᠭᠠᠨ ᠤ ᠪᠣᠳᠣᠯᠬᠢᠯᠠᠯ ᠪᠣᠯᠭᠠᠬᠤ ᠬᠡᠷᠡᠭᠲᠡᠢ᠃       ᠶᠣᠰᠣ ᠵᠦᠢ ᠶᠢᠨ ᠲᠡᠯ᠎ᠡ ᠪᠠᠷ ᠠᠪᠴᠦ ᠬᠡᠯᠡᠬᠦ ᠳᠤ᠂ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠤᠨ ᠴᠢᠬᠤᠯᠠ ᠴᠢᠨᠠᠷ ᠢ ᠣᠶᠢᠯᠠᠭᠠᠬᠤ ᠦᠭᠡᠢ ᠰᠣᠷᠣᠭᠴᠢ ᠪᠠᠷᠤᠭ ᠪᠠᠶᠢᠬᠤ ᠦᠭᠡᠢ᠂ ᠳᠡᠭᠡᠳᠦ ᠬᠡᠮᠵᠢᠶ᠎ᠡ ᠪᠠᠷ ᠲᠥᠪᠯᠡᠷᠡᠭᠰᠡᠨ᠂ ᠠᠳᠠᠯᠢᠬᠠᠨ ᠬᠡᠯᠪᠡᠷᠢ ᠪᠠᠷ ᠰᠠᠭᠤᠵᠦ ᠬᠢᠴᠢᠶᠡᠯᠯᠡᠬᠦ ᠪᠠᠶᠢᠳᠠᠯ ᠢ ᠥᠩᠭᠡᠷᠡᠭᠡᠭᠰᠡᠨ ᠤ ᠳᠠᠷᠠᠭ᠎ᠠ᠂ ᠡᠷᠬᠢᠮ ᠨᠠᠨᠳᠢᠨ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠨᠢ ᠰᠤᠷᠤᠭᠴᠢᠳ ᠤᠨ ᠣᠶᠤᠨ ᠰᠠᠨᠠᠭ᠎ᠠ ᠶᠢ ᠣᠬᠤᠷᠬᠠᠨ ᠬᠤᠭᠤᠴᠠᠭᠠᠨ ᠳᠤ ᠲᠠᠶᠢᠪᠤᠰᠢᠷᠠᠭᠤᠯᠵᠦ᠂ ᠭᠤᠣᠯ ᠨᠢᠷᠤᠭᠤ ᠪᠠ ᠬᠠᠷᠠᠭ᠎ᠠ ᠶᠢ ᠬᠠᠮᠠᠭᠠᠯᠠᠵᠤ ᠴᠢᠳᠠᠬᠤ ᠪᠠᠷ ᠪᠠᠷᠠᠬᠤ ᠦᠭᠡᠢ᠂ ᠴᠤᠭ ᠰᠦᠯᠳᠡ ᠲᠠᠢ ᠪᠠᠷ ᠲᠠᠷᠠᠭᠠᠴᠢ ᠶᠢᠨ ᠬᠢᠴᠢᠶᠡᠯ ᠢ ᠤᠭᠲᠤᠵᠤ ᠴᠢᠳᠠᠨ᠎ᠠ᠃ ᠰᠤᠷᠭᠠᠭᠤᠯᠢ ᠶᠢᠨ ᠬᠦᠷᠢᠶ᠎ᠡ᠂ ᠶᠣᠰᠣ ᠰᠤᠷᠲᠠᠬᠤᠨ ᠢ ᠤᠯᠠᠮᠵᠢᠯᠠᠬᠤ ᠭᠠᠵᠠᠷ ᠨᠢ ᠰᠤᠷᠤᠭᠴᠢᠳ ᠢ ᠮᠡᠳᠡᠯᠭᠡ ᠶᠢᠨ ᠣᠷᠳᠣᠨ ᠳᠤ ᠥᠪᠡᠷ ᠢ ᠪᠠᠨ ᠲᠡᠭᠦᠯᠳᠡᠷᠵᠢᠭᠦᠯᠬᠦ ᠪᠠᠷ ᠪᠠᠷᠠᠬᠤ ᠦᠭᠡᠢ᠂ ᠨᠡᠩ ᠴᠤ ᠰᠤᠷᠤᠭᠴᠢᠳ ᠤᠨ ᠬᠥᠳᠡᠯᠭᠡᠭᠡᠨ ᠤ ᠳᠠᠳᠬᠠᠯ ᠢ ᠬᠥᠮᠥᠵᠢᠭᠦᠯᠬᠦ ᠶᠢᠨ ᠬᠠᠮᠲᠤ ᠡᠷᠡᠭᠦᠯ ᠴᠢᠭᠢᠷᠠᠭ ᠪᠡᠶ᠎ᠡ ᠮᠠᠬᠠᠪᠤᠳ ᠲᠠᠢ ᠪᠣᠯᠭᠠᠬᠤ ᠬᠠᠷᠢᠭᠤᠴᠠᠯᠭ᠎ᠠ ᠲᠠᠢ ᠪᠥᠭᠡᠳ ᠡᠭᠦᠷᠭᠡ ᠲᠠᠢ ᠶᠤᠮ᠃      ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠪᠤᠯ ᠰᠤᠷᠤᠭᠴᠢᠳ ᠤᠨ ᠲᠠᠶᠢᠪᠤᠰᠢᠷᠠᠵᠦ ᠠᠮᠠᠷᠠᠬᠤ ᠴᠠᠭ ᠮᠦᠴᠠ ᠪᠤᠯᠤᠨ᠎ᠡ᠂ ᠬᠡᠨ ᠴᠦ ᠭᠡᠳ ᠬᠢᠴᠢᠶᠡᠯ ᠤᠨ ᠵᠠᠪᠰᠠᠷᠯᠠᠭ᠎ᠠ ᠶᠢᠨ 10 ᠮᠢᠨᠦ᠋ᠲ ᠤᠨ ᠬᠦᠳᠡᠯᠭᠡᠭᠡᠨ ᠢ ᠬᠢᠵᠠᠭᠠᠷᠯᠠᠵᠦ ᠪᠤᠯᠬᠤ ᠦᠭᠡᠢ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号