ᠬᠦᠯᠦᠨ ᠪᠤᠶᠢᠷ ᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠩᠭᠠᠷᠢᠭᠯᠠᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2023/11/21
    11 ᠰᠠᠷ᠎ᠠ ᠶᠢᠨ 19 ᠤ ᠡᠳᠦᠷ᠂ ᠬᠦᠯᠦᠨ ᠪᠤᠶᠢᠷ ᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠩᠭᠠᠷᠢᠭᠯᠠᠬᠤ ᠶᠡᠭᠡ ᠬᠤᠷᠠᠯ ᠬᠢᠵᠦ᠂ ᠪᠦᠬᠦ ᠬᠤᠳᠠ ᠶᠢ ᠤᠯᠠᠮ ᠴᠢᠨᠠᠭᠰᠢᠳᠠ ᠲᠠᠶᠢᠴᠢᠯᠠᠵᠦ ᠦᠷᠭᠦᠯᠵᠢᠯᠡᠨ ᠪᠠᠶᠢᠯᠳᠤᠬᠤ᠂ ᠵᠤᠷᠢᠭᠳᠠᠢ ᠪᠠᠷ ᠲᠡᠮᠡᠴᠡᠬᠦ᠂ ᠲᠡᠷᠢᠭᠦᠨ  ᠢ ᠴᠢᠷᠮᠠᠶᠢᠨ ᠡᠭᠦᠳᠬᠦ ᠰᠢᠯᠢᠳᠡᠭ ᠰᠤᠷᠲᠠᠯ ᠢ ᠪᠠᠳᠠᠷᠠᠭᠤᠯᠵᠤ᠂ ︽ᠨᠢᠭᠡ ᠬᠤᠷᠠᠯ ᠢ ᠰᠠᠶᠢᠳᠤᠷ ᠡᠷᠬᠢᠯᠡᠵᠦ᠂ ᠨᠢᠭᠡ ᠬᠤᠳᠠ ᠶᠢ ᠳᠡᠭᠡᠭᠰᠢᠯᠡᠭᠦᠯᠬᠦ︾ ᠬᠠᠷᠠᠯᠳᠠ ᠶᠢᠨ ᠲᠤᠭᠤᠷᠢᠨ ᠳᠤ᠂ ︽ᠶᠡᠷᠡᠨ ᠡᠳᠦᠷ ᠡᠷᠡᠯᠬᠡᠭᠯᠡᠨ  ᠪᠠᠶᠢᠯᠳᠤᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠢᠯᠠᠯᠳᠠ ᠶᠢ  ᠲᠡᠮᠡᠴᠡᠨ ᠣᠯᠬᠤ︾ ᠬᠠᠯᠠᠭᠤᠨ ᠥᠷᠨᠢᠯᠲᠡ ᠭᠠᠷᠭᠠᠵᠤ᠂ ᠴᠢᠩᠭ᠎ᠠ ᠠᠳᠬᠤᠨ ᠲᠦᠷᠭᠡᠨ ᠡᠷᠬᠢᠯᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠡᠭᠦᠰ ᠠᠮᠵᠢᠯᠳᠠ ᠲᠠᠢ ᠶᠠᠪᠤᠭᠳᠠᠬᠤ ᠶᠢ  ᠪᠠᠲᠤᠯᠠᠪᠠ᠃
     ᠶᠡᠭᠡ ᠬᠤᠷᠠᠯ ᠠᠴᠠ ᠴᠢᠬᠤᠯᠠᠴᠢᠯᠠᠭᠰᠠᠨ ᠨᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠤᠣᠯ ᠤᠷᠤᠯᠳᠤᠭᠠᠨ ᠤ ᠲᠠᠯᠠᠪᠤᠷ ᠪᠤᠯᠤᠭᠰᠠᠨ ᠤ ᠬᠤᠪᠢ ᠳᠤ᠂ ᠴᠤᠭᠯᠠᠭᠠᠨ ᠢ ᠰᠠᠶᠢᠳᠤᠷ ᠡᠷᠬᠢᠯᠡᠬᠦ ᠪᠣᠯ ᠬᠥᠯᠥᠨ ᠪᠤᠶᠢᠷ ᠬᠤᠳᠠ ᠶᠢᠨ ᠡᠷᠬᠡᠪᠰᠢ ᠡᠭᠦᠷᠭᠡᠯᠡᠬᠦ ᠢᠷᠠᠭᠤ ᠠᠯᠳᠠᠷᠲᠤ ᠡᠭᠦᠷᠭᠡ ᠪᠠ ᠴᠢᠬᠤᠯᠠ ᠡᠭᠦᠷᠭᠡ ᠬᠠᠷᠢᠭᠤᠴᠠᠯᠭ᠎ᠠ ᠮᠥᠨ᠂ ᠪᠦᠬᠦ ᠬᠤᠳᠠ ᠪᠠᠷ   ᠢᠶᠠᠨ ᠰᠢᠢᠳᠪᠦᠷᠢᠲᠦ ᠲᠠᠶᠢᠯᠠᠯᠳᠤᠭᠠᠨ ᠰᠢᠢᠳᠪᠦᠷᠢᠲᠦ ᠢᠯᠠᠯᠲᠠ ᠣᠯᠬᠤ ᠡᠷᠡᠰ ᠪᠠᠲᠤ ᠢᠲᠡᠭᠡᠯ ᠵᠣᠷᠢᠭ ᠢᠶᠠᠷ ᠭᠤᠣᠯᠯᠠᠨ ᠡᠷᠬᠢᠯᠡᠬᠦ ᠬᠦᠨᠳᠦ ᠡᠭᠦᠷᠭᠡ ᠶᠢ ᠪᠠᠲᠤ ᠡᠭᠦᠷᠭᠡᠯᠡᠵᠦ᠂ ᠠᠷᠪᠠᠨ ᠬᠤᠶᠠᠷ ᠬᠤᠪᠢ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠵᠠᠭᠤᠨ ᠤ ᠵᠠᠭᠤ ᠶᠢᠨ ᠴᠢᠷᠮᠠᠶᠢᠯᠭ᠎ᠠ ᠭᠠᠷᠭᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ︽ᠥᠨᠳᠥᠷ ᠪᠦᠲᠦᠮᠵᠢᠲᠦ︾ ᠲᠤᠭᠳᠠᠴᠠ ᠶᠢ ᠪᠦᠷᠢᠯᠳᠦᠭᠦᠯᠵᠦ᠂ ︽ᠴᠢᠩᠭ᠎ᠠ ᠱᠠᠭᠠᠷᠳᠠᠯᠭ᠎ᠠ︾ ᠶᠢᠨ ᠪᠠᠷᠢᠮᠵᠢᠶ᠎ᠠ ᠶᠢ ᠨᠠᠶᠢᠳᠠᠪᠤᠷᠵᠢᠭᠤᠯᠵᠦ᠂ ︽ᠥᠴᠥᠬᠡᠨ ᠴᠦ ᠲᠦᠭᠰᠢᠭᠦᠷᠢ ᠦᠭᠡᠢ︾ ᠤᠬᠠᠮᠰᠠᠷ ᠢ ᠴᠢᠩᠭᠠᠳᠬᠠᠵᠤ᠂ ᠪᠡᠯᠡᠳᠬᠡᠯ ᠡᠭᠦᠷᠭᠡ ᠶᠢ ᠥᠨᠳᠥᠷ ᠪᠠᠷᠢᠮᠵᠢᠶ᠎ᠠ ᠪᠠᠷ ᠥᠨᠳᠥᠷ ᠶᠠᠰᠤ ᠴᠢᠨᠠᠷ ᠲᠠᠢ ᠥᠨᠳᠥᠷ ᠲᠦᠪᠰᠢᠨ ᠢᠶᠠᠷ ᠪᠡᠶᠡᠯᠡᠭᠦᠯᠬᠦ ᠬᠡᠷᠡᠭᠲᠡᠢ᠃ ᠥᠪᠡᠷᠮᠢᠴᠡ ᠣᠨᠴᠠᠯᠢᠭ ᠢ ᠢᠯᠡᠷᠡᠭᠦᠯᠵᠦ᠂ ᠤᠬᠠᠭᠤᠯᠭ᠎ᠠ ᠶᠢᠨ ᠰᠦᠷ ᠬᠦᠴᠦᠨ ᠢ ᠴᠢᠩᠭᠠᠷᠠᠭᠤᠯᠵᠤ᠂ ᠨᠡᠩ ᠪᠦᠷᠢᠨ ᠭᠦᠢᠴᠡᠳ ᠦᠢᠯᠡᠴᠢᠯᠡᠭᠡ ᠪᠠᠲᠤᠯᠠᠭ᠎ᠠ ᠪᠠᠷ ᠰᠠᠶᠢᠨ ᠰᠠᠶᠢᠬᠠᠨ ᠳᠦᠷᠢ ᠲᠦᠷᠬᠦ ᠪᠠᠨ ᠢᠯᠡᠷᠡᠭᠦᠯᠬᠦ ᠬᠡᠷᠡᠭᠲᠡᠢ᠃ ᠴᠤᠭᠯᠠᠭᠠᠨ ᠢ ᠡᠷᠬᠢᠯᠡᠬᠦ ᠠᠰᠢᠭᠳᠠᠢ ᠠᠵᠠ ᠲᠣᠬᠢᠶᠠᠯ ᠢ ᠠᠮᠵᠢᠵᠤ᠂ ᠴᠠᠰᠤ ᠮᠦᠰᠦᠨ ᠤ ᠡᠬᠢ ᠪᠠᠶᠠᠯᠢᠭ ᠤᠨ ᠬᠠᠮᠢᠶᠠᠷᠤᠯᠲᠠ ᠡᠵᠡᠩᠨᠡᠯᠳᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ  ᠠᠬᠤᠶᠢᠯᠠᠯ ᠤᠨ ᠪᠡᠯᠡ ᠣᠷᠣᠭᠤᠯᠤᠨ ᠦᠢᠯᠡᠰ ᠪᠤᠰᠬᠠᠬᠤ ᠶᠢ ᠲᠠᠲᠠᠵᠤ᠂ ᠴᠠᠰᠤ ᠮᠦᠰᠦᠨ ᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠲᠠᠶᠢᠴᠢᠯᠠᠬᠤ ᠬᠡᠷᠡᠭᠲᠡᠢ᠃ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠤᠯᠳᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠡᠶᠢᠳᠡᠪᠤᠷᠵᠢᠭᠤᠯᠤᠯᠳᠠ ᠶᠢ ᠴᠢᠩᠭᠠᠳᠬᠠᠵᠦ᠂ ᠬᠦᠴᠦᠷᠬᠡᠭ ᠶᠡᠭᠡ ᠬᠠᠮᠲᠤᠷᠠᠯ ᠤᠨ  ᠬᠦᠴᠦᠨ ᠢ ᠨᠢᠠᠠᠳᠠᠷᠠᠭᠤᠯᠵᠦ᠂ ᠬᠠᠮᠲᠤ ᠪᠠᠷ ᠲᠤᠰ ᠤᠳᠠᠭ᠎ᠠ  ᠶᠢᠨ ᠴᠤᠭᠯᠠᠭᠠᠨ ᠤ ᠣᠷᠣᠨ ᠨᠤᠳᠤᠭ ᠤᠨ ᠤᠨᠴᠠᠯᠢᠭ ᠢ ᠢᠯᠡᠷᠡᠭᠦᠯᠦᠭᠰᠡᠨ᠂ ᠴᠠᠭ ᠦᠶ᠎ᠡ ᠶᠢᠨ ᠵᠤᠷᠢᠭ ᠰᠠᠨᠠᠭ᠎ᠠ ᠳᠤ ᠨᠡᠶᠢᠴᠡᠭᠰᠡᠨ᠂ ᠥᠪᠡᠷᠮᠢᠴᠡ ᠲᠠᠲᠠᠬᠤ ᠬᠦᠴᠦᠨ ᠲᠠᠢ ᠪᠦᠬᠦ ᠤᠯᠤᠰ ᠤᠨ ᠴᠢᠨᠠᠷᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
     ᠶᠡᠭᠡ ᠬᠤᠷᠠᠯ ᠠᠴᠠ᠂ ᠥᠨᠳᠥᠷ ᠵᠤᠭᠰᠤᠴᠠ ᠪᠠᠷ ᠬᠠᠷᠢᠭᠤᠴᠠᠯᠭ᠎ᠠ ᠡᠭᠦᠷᠭᠡᠯᠡᠵᠦ᠂ ᠪᠡᠯᠡᠳᠬᠡᠯ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠠᠵᠢᠯ ‍ᠤᠨ‌ᠨᠡᠶᠢᠳᠡᠪᠤᠷᠵᠢᠭᠤᠯᠤᠯᠳᠠ ᠶᠢ ᠥᠨᠳᠥᠷ ᠦᠷ᠎ᠡ ᠪᠦᠳᠦᠮᠵᠢᠳᠡᠢ ᠪᠠᠷ ᠰᠠᠶᠢᠳᠤᠷ ᠠᠳᠬᠤᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠬᠦᠴᠦᠲᠡᠢ ᠠᠵᠢᠯ ᠤᠨ ᠠᠷᠭ᠎ᠠ ᠬᠡᠮᠵᠢᠶ᠎ᠡ᠂ ᠨᠡᠩ ᠲᠤᠪᠤᠶᠢᠮ᠎ᠡ ᠠᠵᠢᠯ ᠤᠨ ᠦᠷ᠎ᠡ ᠪᠦᠳᠦᠮᠵᠢ ᠪᠠᠷ ᠴᠤᠭᠯᠠᠭᠠᠨ ᠢ ᠲᠡᠭᠦᠰ ᠠᠮᠵᠢᠯᠳᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ ᠳᠡᠭᠡᠷ᠎ᠡ᠂ ᠴᠤᠭᠯᠠᠭᠠᠨ ᠤ ᠪᠡᠯᠡᠳᠬᠡᠯ ᠠᠵᠢᠯ ᠢ ᠠᠬᠢᠭᠤᠯᠤᠭᠰᠠᠨ ᠪᠠᠶᠢᠳᠠᠯ ᠢ ᠮᠡᠳᠡᠭᠳᠡᠵᠦ᠂ ᠭᠦᠢᠴᠡᠳᠬᠡᠬᠦ ᠵᠥᠪᠯᠡᠯ ᠤᠨ ᠠᠵᠢᠯ ᠤᠨ ᠬᠡᠯᠲᠡᠰ ᠤᠨ ᠲᠥᠯᠥᠭᠡᠯᠡᠭᠴᠢ ᠪᠣᠯᠣᠨ ᠬᠤᠪᠢᠶᠠᠷᠢ ᠤᠷᠤᠯᠳᠤᠭᠠᠨ ᠤ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠣᠪᠣᠷ ᠢᠶᠠᠨ ᠢᠯᠡᠳᠬᠡᠬᠦ ᠦᠭᠡ ᠬᠡᠯᠡᠵᠦ᠂ ᠪᠦᠬᠦ ᠬᠥᠮᠥᠰ ᠲᠠᠩᠭᠠᠷᠢᠭᠯᠠᠭᠰᠠᠨ ᠪᠠᠶᠢᠨ᠎ᠡ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号