ᠦᠰᠦᠭ ᠪᠢᠴᠢᠭ ᠤᠨ ᠲᠡᠶᠢᠯᠦᠮᠵᠢ᠄ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠵᠦ ᠬᠦᠭᠵᠢᠯᠳᠡ ᠬᠤᠪᠢᠷᠠᠯᠳᠠ ᠶᠢ ᠡᠷᠢᠯᠬᠢᠯᠡᠨ᠎ᠡ — ᠨᠢᠭᠡ ︽+︾ ᠶᠢᠨ ᠠᠴᠢ ᠬᠤᠯᠪᠣᠭᠳᠠᠯ
ᠨᠡᠶᠢᠲᠡᠯᠡᠭᠰᠡᠨ ᠴᠠᠭ᠄
2023/11/30
︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠪᠣᠯ ᠣᠳᠣᠬᠠᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠵᠢᠯ ᠲᠥᠷᠥᠯ ᠤᠨ ᠬᠢᠨ ᠤ ᠬᠠᠯᠠᠭᠤᠨ ᠵᠣᠭᠤᠭ ᠪᠣᠯᠬᠤ ᠪᠥᠭᠡᠳ ᠪᠠᠰᠠ ᠴᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠦᠭᠵᠢᠭᠡᠳ ᠰᠢᠨ᠎ᠡ ᠱᠠᠳᠤᠨ ᠳᠤ ᠤᠷᠤᠭᠰᠠᠨ ᠤ ᠵᠠᠶᠢᠯᠠᠰᠢ ᠦᠭᠡᠢ ᠪᠦᠳᠦᠭᠳᠡᠬᠦᠨ ᠪᠤᠯᠤᠨ᠎ᠡ᠃ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠳᠦ ᠰᠤᠭᠤᠯᠤᠭ᠎ᠠ  ᠤᠶᠢᠷ᠎ᠠ ᠶᠢᠨ 30 ᠰᠢᠬᠠᠮ ᠵᠢᠯ ᠤᠨ ᠬᠥᠭᠵᠢᠯᠲᠡ ᠶᠢᠨ ᠶᠠᠪᠤᠴᠠ ᠳᠠᠭᠠᠨ ᠬᠡᠯᠪᠡᠷᠢ ᠪᠠᠨ ᠬᠤᠪᠢᠷᠠᠭᠤᠯᠬᠤ ᠪᠠ ᠰᠢᠪᠲᠤᠯᠤᠯᠲᠠ ᠭᠠᠷᠭᠠᠬᠤ᠂ ᠰᠢᠨ᠎ᠡ ᠶᠢ ᠡᠭᠦᠳᠬᠦ ᠪᠠ ᠬᠤᠪᠢᠷᠠᠭᠤᠯᠬᠤ ᠶᠢ ᠡᠷᠢᠯᠬᠢᠯᠡᠭᠰᠡᠭᠡᠷ ᠢᠷᠡᠭᠰᠡᠨ ᠪᠥᠭᠡᠳ ᠬᠥᠳᠡᠯᠦᠩᠭᠦᠢ ᠬᠥᠭᠵᠢᠯᠲᠡ ᠶᠢᠨ ᠶᠠᠪᠤᠴᠠ ᠳᠤ ᠠᠶᠢᠵᠠᠮ ᠪᠠ ᠴᠢᠭᠯᠡᠯ ᠢ ᠡᠷᠢᠵᠦ ᠣᠯᠣᠭᠰᠠᠨ ᠪᠠᠶᠢᠨ᠎ᠠ᠃ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠪᠣᠯ ᠶᠠᠭ ᠡᠨᠡ ᠬᠦ ᠴᠠᠭ ᠦᠶ᠎ᠡ ᠶᠢᠨ ᠬᠡᠷᠡᠭᠴᠡᠭᠡ ᠪᠣᠯᠣᠨ ᠬᠥᠭᠵᠢᠯᠲᠡ ᠳᠤ ᠵᠣᠬᠢᠴᠠᠭᠰᠠᠨ ᠤ ᠦᠷ᠎ᠡ ᠪᠦᠲᠦᠭᠡᠯ ᠮᠥᠨ᠃     ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠢᠷᠡᠭᠡᠳᠦᠢ ᠶᠢᠨ ᠬᠥᠭᠵᠢᠯᠲᠡ  ᠶᠢ ᠪᠣᠳᠣᠯᠬᠢᠯᠠᠬᠤ ᠳᠤ ᠡᠷᠬᠡᠪᠰᠢ ᠨᠡᠩ ᠣᠯᠠᠨ ᠨᠡᠶᠢᠭᠡᠮ ᠤᠨ ᠬᠦᠴᠦᠨ ᠪᠣᠯᠣᠨ ᠵᠠᠬ᠎ᠠ ᠳᠡᠯᠭᠡᠭᠦᠷ ᠤᠨ ᠡᠬᠢ ᠪᠠᠶᠠᠯᠢᠭ ᠲᠤ ᠲᠦᠰᠢᠭᠯᠡᠵᠦ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠳᠠᠲᠤ ᠳᠡᠯᠭᠡᠭᠦᠷ ᠢᠶᠠᠷ ᠭᠤᠣᠯᠳᠠᠯᠭ᠎ᠠ ᠪᠣᠯᠭᠠᠨ᠂ ᠵᠠᠩᠭᠢᠯᠠᠭ᠎ᠠ ᠶᠢᠨ ᠴᠡᠭ ᠪᠣᠯᠭᠠᠵᠤ᠂ ᠡᠷᠭᠢᠨ ᠲᠣᠭᠤᠷᠢᠨ ᠳᠠᠭᠠᠨ ᠪᠤᠰᠤᠳ ᠠᠵᠢᠯ ᠲᠥᠷᠥᠯ ᠪᠣᠯᠣᠨ ᠨᠡᠶᠢᠭᠡᠮ ᠤᠨ ᠡᠬᠢ ᠪᠠᠶᠠᠯᠢᠭ ᠤᠨ ᠡᠨᠧᠷᠭᠢ ᠶᠢ ᠨᠥᠯᠥᠭᠡᠯᠡᠨ ᠰᠢᠩᠭᠡᠭᠡᠵᠦ᠂ ᠨᠡᠩ ᠣᠯᠠᠨ ᠬᠠᠪᠰᠤᠷᠤᠯᠭ᠎ᠠ ᠣᠯᠪᠠᠯ ᠰᠠᠶ᠋ᠢ ᠲᠡᠭᠦᠨ ᠤ ᠰᠢᠨ᠎ᠡ ᠱᠠᠲᠤᠨ ᠳᠤ ᠨᠡᠩ ᠰᠠᠶᠢᠨ ᠬᠥᠭᠵᠢᠯᠲᠡ ᠶᠢ ᠪᠡᠶᠡᠯᠡᠭᠦᠯᠵᠦ ᠴᠢᠳᠠᠬᠤ ᠶᠤᠮ᠃     ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠪᠣᠯ ᠭᠠᠭᠴᠠᠭᠠᠷᠳᠠᠮᠠᠯ ᠠᠵᠢᠯ ᠲᠥᠷᠥᠯ ᠪᠢᠰᠢ᠂ ᠶᠠᠭ ᠡᠰᠡᠷᠭᠦ ᠪᠠᠷ ᠮᠠᠰᠢ ᠴᠢᠩᠭ᠎ᠠ ᠬᠤᠯᠪᠣᠭ᠎ᠠ ᠲᠠᠢ ᠪᠠᠶᠢᠳᠠᠭ᠂ ᠢᠷᠡᠭᠡᠳᠦᠢ ᠳᠤ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢᠶᠠᠷ ᠨᠠᠩ ᠴᠢᠩᠭ᠎ᠠ ᠪᠠᠶᠢᠳᠠᠭ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠦᠢᠯᠡᠰ ᠨᠢ ᠮᠠᠰᠢ ᠣᠯᠠᠨ ᠨᠡᠶᠢᠭᠡᠮ ᠤᠨ ᠡᠬᠢ ᠪᠠᠶᠠᠯᠢᠭ ᠪᠠ ᠬᠦᠴᠦᠨ ᠴᠢᠳᠠᠯ ᠢ ᠬᠤᠯᠪᠣᠬᠤ ᠭᠤᠣᠯ ᠴᠡᠭ ᠪᠣᠯᠬᠤ ᠨᠢ ᠵᠠᠶᠢᠯᠠᠰᠢ ᠦᠭᠡᠢ ᠶᠤᠮ᠂ ᠡᠶᠢᠮᠦ ᠠᠴᠠ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠨᠢ ᠡᠨᠡ ᠦᠶ᠎ᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠢᠷᠡᠭᠡᠳᠦᠢ ᠳᠤ ᠠᠯᠤᠰ ᠬᠡᠲᠦ ᠶᠢᠨ ᠨᠥᠯᠥᠭᠡ ᠦᠵᠡᠭᠦᠯᠬᠦ ᠨᠢ ᠯᠠᠪᠲᠠᠢ ᠶᠤᠮ᠃     ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠷᠡᠲᠦ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠲᠤ ᠴᠣᠭᠴᠠ ᠶᠢᠨ ᠳᠡᠯᠭᠡᠭᠦᠷ ᠤᠨ ᠦᠢᠯᠡᠴᠢᠯᠡᠭᠡᠨ ᠤ ᠴᠢᠳᠠᠮᠵᠢ ᠶᠢ ᠪᠠᠶᠠᠯᠢᠭᠵᠢᠭᠤᠯᠤᠨ᠂ ᠪᠣᠳᠠᠲᠤ ᠴᠣᠭᠴᠠ ᠶᠢᠨ ᠳᠡᠯᠭᠡᠭᠦᠷ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ᠂ ᠠᠵᠢᠯ ᠲᠥᠷᠥᠯ ᠤᠨ ᠠᠮᠢᠵᠢᠷᠠᠯ ᠤᠨ ᠬᠦᠴᠦᠨ ᠢ ᠬᠦᠭᠵᠢᠭᠡᠵᠦ ᠪᠤᠢ᠃ ᠣᠶᠢᠷ᠎ᠠ ᠶᠢᠨ ᠵᠢᠯ ᠳᠤ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠠᠶᠢᠭᠤᠯᠤᠮᠵᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠯᠠᠮᠵᠢᠯᠠᠯᠲᠤ  ᠪᠣᠳᠠᠲᠤ  ᠴᠣᠭᠴᠠ ᠶᠢᠨ  ᠳᠡᠯᠭᠡᠭᠦᠷ᠂ ᠢᠯᠠᠩᠭᠤᠶ᠎ᠠ  ᠲᠤᠰᠬᠠᠢ ᠡᠵᠡᠩᠨᠡᠯᠲᠡ ᠶᠢᠨ ᠳᠡᠯᠭᠡᠭᠦᠷ ᠤᠨ     ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠵᠢᠯᠤᠭᠤᠳᠴᠦ ᠪᠠᠶᠢᠨ᠎ᠡ᠃ ᠪᠣᠳᠠᠲᠤ ᠴᠣᠭᠴᠠ ᠶᠢᠨ ᠳᠡᠯᠭᠡᠭᠦᠷ ᠢ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠭ᠎ᠠ ᠶᠢᠨ ᠲᠥᠪ᠂ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠨᠡᠶᠢᠭᠡᠮ ᠤᠨ ᠬᠠᠷᠢᠯᠴᠠᠭᠠᠨ ᠤ ᠲᠥᠪ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢᠨ ᠲᠥᠪ᠂ ᠨᠡᠶᠢᠲᠡ ᠶᠢᠨ ᠠᠰᠠᠷᠠᠮᠵᠢ ᠶᠢᠨ ᠦᠢᠯᠡᠳᠦᠯᠭᠡ ᠶᠢᠨ ᠲᠥᠪ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠦᠢᠯᠡᠳᠦᠯᠭᠡ ᠶᠢᠨ ᠲᠥᠪ ᠵᠡᠷᠭᠡ ᠶᠢ ᠨᠢᠭᠡ ᠴᠣᠭᠴᠠᠵᠢᠭᠤᠯᠤᠭᠰᠠᠨ ᠣᠯᠠᠨ ᠴᠢᠳᠠᠮᠵᠢᠲᠤ ᠲᠠᠪᠴᠠᠩ ᠪᠣᠯᠭᠠᠨ ᠪᠠᠶᠢᠭᠤᠯᠵᠤ᠂ ᠤᠯᠠᠮᠵᠢᠯᠠᠯᠲᠤ ᠠᠷᠭ᠎ᠠ ᠵᠠᠮ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠪᠠ᠃     ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠣᠯ ︽ᠪᠥᠬᠦ ᠦᠢᠯᠡᠳᠬᠦᠨ᠂ ᠪᠥᠬᠦ ᠠᠷᠭ᠎ᠠ ᠵᠠᠮ᠂ ᠪᠥᠬᠦ ᠥᠷᠲᠡᠭ ᠤᠨ ᠬᠡᠯᠬᠢᠶ᠎ᠡ︾ ᠶᠢᠨ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠤᠨ ︽ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠭ᠎ᠠ ᠮᠠᠶ᠋ᠢᠭ ᠢ ᠬᠤᠪᠢᠷᠠᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ᠂ ᠬᠥᠭᠵᠢᠯᠲᠡ ᠶᠢ ᠠᠬᠢᠭᠤᠯᠬᠤ︾ ᠠᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠬᠤ ᠰᠢᠨ᠎ᠡ ᠰᠦᠪᠡᠭᠴᠢᠯᠡᠯᠲᠡ ᠮᠥᠨ᠃ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠠᠶᠢᠭᠤᠯᠤᠮᠵᠢ ᠨᠢ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠠᠵᠢᠯ ᠢᠶᠠᠷ ᠭᠠᠷᠳᠠᠴᠠ ᠪᠣᠯᠭᠠᠵᠤ᠂ ᠠᠷᠭ᠎ᠠ ᠵᠠᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠰᠠᠶᠢᠨ ᠰᠠᠶᠢᠬᠠᠨ ᠲᠦᠷᠢ ᠲᠦᠷᠬᠦ ᠶᠢ ᠪᠤᠢ ᠪᠤᠯᠭᠠᠬᠤ ᠬᠡᠷᠡᠭᠳᠡᠢ᠃     ᠣᠶᠢᠷ᠎ᠠ ᠶᠢᠨ ᠵᠢᠯ ᠳᠤ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠨᠢ       ︽ᠬᠠᠷᠢᠭᠤᠴᠠᠯᠭ᠎ᠠ ᠲᠠᠢ᠂ ᠢᠲᠡᠭᠡᠮᠵᠢᠲᠡᠢ᠂ ᠴᠢᠨᠠᠷ ᠰᠠᠶᠢᠲᠠᠢ ᠬᠥᠭᠵᠢᠯᠲᠡ ᠲᠠᠢ ᠤᠯᠤᠰ ᠤᠨ ᠨᠡᠶᠢᠲᠡ ᠶᠢᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠪᠠᠶᠢᠭᠤᠯᠬᠤ︾ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠠᠷᠢᠭᠤᠴᠠᠯᠭᠠᠲᠤ ᠱᠠᠩᠨᠠᠯᠲᠤ ᠰᠤᠭᠤᠯᠤᠭ᠎ᠠ ᠶᠢᠨ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠪᠥᠬᠦ ᠬᠡᠯᠬᠢᠶ᠎ᠡ᠂ ᠪᠥᠬᠦ ᠲᠤᠬᠠᠶᠢᠯᠠᠭᠰᠠᠨ ᠠᠵᠢᠯ᠂ ᠪᠥᠬᠦ ᠶᠠᠪᠤᠴᠠ ᠳᠤ ᠠᠭᠤᠰᠬᠠᠭᠰᠠᠨ ᠪᠠᠶᠢᠨ᠎ᠠ᠃ ᠪᠡᠶ᠎ᠡ ᠶᠢᠨ ᠲᠠᠮᠢᠷ ᠤᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠦᠷᠭᠦᠯᠵᠢᠯᠡᠨ ᠴᠢᠩᠭᠠᠷᠠᠵᠤ᠂ ᠬᠥᠮᠥᠰ ᠤᠨ ᠪᠡᠶ᠎ᠡ ᠶᠢᠨ ᠲᠠᠮᠢᠷ ᠤᠨ ᠰᠤᠭᠤᠯᠤᠭ᠎ᠠ ᠶᠢᠨ ᠨᠡᠶᠢᠳᠡ ᠳᠤ ᠢᠳᠡᠭᠡᠬᠦᠯᠬᠦ ᠲᠦᠷᠦᠭᠳᠡᠯ ᠨᠡᠩ ᠴᠢᠩᠭ᠎ᠠ ᠪᠤᠯᠪᠠ᠃ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠳᠠᠲᠤ ᠴᠣᠭᠴᠠ ᠶᠢᠨ ᠳᠡᠯᠭᠡᠭᠦᠷ ᠨᠢ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠴᠣᠩᠬᠤ ᠪᠣᠯᠤᠭᠰᠠᠨ ᠤ ᠬᠤᠪᠢ ᠳᠤ᠂ ᠲᠡᠭᠦᠨ ᠤ ᠦᠢᠯᠡᠴᠢᠯᠡᠭᠡᠨ ᠤ ᠴᠢᠳᠠᠮᠵᠢ ᠶᠢᠨ ᠲᠠᠰᠤᠷᠠᠯᠲᠠ ᠦᠭᠡᠢ ᠭᠠᠳᠠᠭᠰᠢ ᠲᠠᠯᠠᠯᠳᠠ ᠨᠢ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠠᠷᠠᠳ ᠤᠨ ᠲᠦᠯᠦᠭᠡ ᠭᠡᠬᠦ ᠰᠡᠳᠬᠢᠯᠭᠡ ᠪᠠ ᠬᠠᠷᠢᠭᠤᠴᠠᠯᠭ᠎ᠠ ᠶᠢ ᠲᠠᠶᠢᠯᠪᠤᠷᠢᠯᠠᠪᠠ᠃ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠶᠢᠨ ᠠᠵᠢᠯ ᠢ ᠥᠷᠨᠢᠭᠦᠯᠬᠦ ᠶᠠᠪᠤᠴᠠ ᠳᠤ᠂ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠲᠥᠪ ᠠᠴᠠ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠠᠶᠢᠭᠤᠯᠤᠮᠵᠢ ᠶᠢ ᠵᠢᠯᠣᠭᠤᠳᠤᠨ ᠳᠡᠮᠵᠢᠵᠦ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠨᠥᠬᠦᠪᠦᠷᠢᠯᠡᠬᠦ᠂ ᠪᠡᠶ᠎ᠡ ᠶᠢᠨ ᠲᠠᠮᠢᠷ ᠤᠨ ᠦᠢᠯᠡᠰ ᠲᠤ ᠦᠢᠯᠡᠴᠢᠯᠡᠬᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠦᠴᠦᠨ ᠨᠡᠮᠡᠷᠢᠯᠡᠬᠦ ᠲᠠᠯ᠎ᠠ ᠪᠠᠷ ᠬᠢ ᠣᠨᠴᠠᠯᠢᠭ ᠪᠠ ᠦᠢᠯᠡᠳᠦᠯ ᠢ ᠲᠣᠪᠤᠶᠢᠯᠭᠠᠨ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠷᠢᠭᠤᠴᠠᠯᠭ᠎ᠠ᠂ ᠨᠡᠶᠢᠲᠡ ᠶᠢᠨ ᠠᠰᠠᠷᠠᠮᠵᠢ᠂ ᠨᠡᠶᠢᠳᠡ ᠶᠢᠨ ᠢᠳᠡᠭᠡᠮᠵᠢ ᠶᠢᠨ ᠲᠦᠷᠢ ᠲᠦᠷᠬᠦ ᠶᠢ ᠨᠡᠩ ᠤᠯᠠᠨ ᠬᠦᠮᠦᠨ ᠳᠤ ᠮᠡᠳᠡᠷᠡᠭᠦᠯᠪᠡ᠃     ᠵᠢᠱᠢᠶᠡᠯᠡᠪᠡᠯ᠂ ᠣᠯᠠᠨ ᠭᠠᠵᠠᠷ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠢᠭᠰᠡᠨ ᠪᠡᠶ᠎ᠡ ᠶᠢᠨ ᠲᠠᠮᠢᠷ ᠤᠨ ᠭᠤᠣᠯ ᠰᠡᠳᠦᠪᠲᠦ ᠣᠨᠴᠠᠯᠢᠭᠲᠤ ᠪᠣᠳᠠᠲᠤ ᠴᠣᠭᠴᠠ ᠶᠢᠨ ᠳᠡᠯᠭᠡᠭᠦᠷ ᠨᠢ ᠣᠯᠠᠨ ᠲᠦᠮᠡᠨ ᠳᠤ ᠪᠡᠶ᠎ᠡ ᠴᠢᠭᠢᠷᠠᠭᠵᠢᠭᠤᠯᠬᠤ ᠪᠤᠯᠤᠩ ᠪᠠᠶᠢᠭᠤᠯᠵᠤ ᠥᠭᠪᠡ︔ ᠰᠣᠶᠣᠯ ᠤᠨ ᠭᠤᠣᠯ ᠰᠡᠳᠦᠪᠲᠦ ᠳᠡᠯᠭᠡᠭᠦᠷ ᠲᠤ᠂ ᠱᠠᠩᠨᠠᠯᠲᠤ ᠰᠤᠭᠤᠯᠤᠭ᠎ᠠ ᠬᠤᠳᠠᠯᠳᠤᠨ ᠠᠪᠤᠭᠴᠢ ᠵᠢᠴᠢ ᠪᠣᠳᠠᠲᠤ ᠴᠣᠭᠴᠠ ᠶᠢᠨ ᠳᠡᠯᠭᠡᠭᠦᠷ ᠤᠨ ᠡᠷᠬᠢᠨ ᠲᠣᠭᠤᠷᠢᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠮᠢᠷ ᠤᠨ ᠱᠠᠩᠨᠠᠯᠲᠤ ᠰᠤᠭᠤᠯᠤᠭ᠎ᠠ ᠣᠷᠣᠯᠠᠨ ᠪᠣᠷᠣᠯᠠᠭᠤᠯᠤᠭᠴᠢ ᠵᠢᠴᠢ ᠪᠣᠷᠣᠯᠠᠭᠤᠯᠤᠭᠴᠢ ᠶᠢᠨ ᠳᠠᠭᠠᠭᠤᠯᠭ᠎ᠠ ᠳᠣᠣᠷ᠎ᠠ᠂ ᠳᠠᠭᠤᠤ᠂ ᠤᠷᠠᠨ ᠪᠢᠴᠢᠯᠭᠡ᠂ ᠨᠣᠮ ᠤᠩᠰᠢᠬᠤ᠂ ᠪᠥᠵᠢᠭ᠂ ᠴᠠᠢ ᠶᠢᠨ ᠤᠷᠠᠯᠢᠭ ᠤᠨ ᠠᠵᠢᠯᠯᠠᠭ᠎ᠠ ᠳᠤ ᠣᠷᠣᠯᠴᠠᠵᠤ ᠪᠣᠯᠣᠨ᠎ᠠ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠭᠤᠣᠯ ᠰᠡᠳᠦᠪᠲᠦ ᠳᠡᠯᠭᠡᠭᠦᠷ ᠤᠨ ᠪᠠᠶᠢᠩᠭᠤ ᠪᠡᠯᠡᠳᠬᠡᠳᠡᠭ ᠰᠢᠯᠵᠢᠮᠡᠯ ᠴᠠᠬᠢᠯᠭᠠᠨ ᠴᠡᠨᠡᠭᠯᠡᠯᠳᠡ᠂ ᠳᠠᠷᠤᠮᠠᠯᠯᠠᠵᠤ ᠪᠠᠭᠤᠯᠭᠠᠬᠤ᠂ ᠢᠨᠲ᠋ᠧᠷ ᠰᠦᠯᠵᠢᠶ᠎ᠡ᠂ ᠬᠠᠮᠲᠤ ᠪᠠᠷ ᠡᠳ᠋ᠯᠡᠬᠦ ᠪᠣᠷᠣᠭᠠᠨ ᠤ ᠰᠢᠬᠦᠷ᠂ ᠲᠦᠷᠭᠡᠨ ᠬᠦᠷᠭᠡᠯᠲᠡ ᠶᠢ ᠣᠷᠣᠯᠠᠨ ᠬᠤᠷᠢᠶᠠᠵᠤ ᠲᠠᠷᠬᠠᠭᠠᠬᠤ᠂ ᠬᠠᠳᠠᠭᠠᠯᠠᠭᠤᠯᠬᠤ ᠵᠡᠷᠭᠡ ᠲᠥᠯᠥᠪᠦᠷᠢ ᠲᠠᠢ ᠪᠤᠶᠤ ᠦᠨ᠎ᠡ ᠲᠥᠯᠥᠪᠦᠷᠢ ᠦᠭᠡᠢ ᠪᠠᠷ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠷᠥᠯ ᠵᠦᠢᠯ ᠨᠢ ᠬᠥᠮᠥᠰ ᠤᠨ ᠠᠮᠢᠳᠤᠷᠠᠯ ᠳᠤ ᠨᠠᠩ ᠲᠥᠬᠦᠮ  ᠦᠵᠡᠭᠦᠯᠵᠦ ᠪᠠᠶᠢᠨ᠎ᠡ︔ ᠡᠭᠦᠨ ᠠᠴᠠ ᠭᠠᠳᠠᠨ᠎ᠠ᠂ ᠪᠠᠰᠠ ᠬᠠᠶᠢᠷ᠎ᠠ ᠬᠠᠯᠠᠮᠵᠢ ᠶᠢᠨ ᠨᠣᠮ ᠤᠨ ᠦᠷᠦᠭᠡ ᠶᠢ ᠡᠭᠦᠳᠦᠨ ᠪᠠᠶᠢᠭᠤᠯᠬᠤ᠂ ᠲᠠᠷᠢᠶᠠᠯᠠᠩ ᠢ ᠲᠤᠰᠠᠯᠠᠬᠤ ᠬᠤᠳᠠᠯᠳᠤᠭ᠎ᠠ ᠵᠡᠷᠭᠡ ᠠᠵᠢᠯᠯᠠᠭ᠎ᠠ ᠶᠢ ᠥᠷᠨᠢᠭᠦᠯᠬᠦ ᠣᠨᠴᠠᠯᠢᠭᠲᠤ ᠪᠣᠳᠠᠲᠤ ᠴᠣᠭᠴᠠ ᠶᠢᠨ ᠳᠡᠯᠭᠡᠭᠦᠷ ᠪᠣᠶ᠂ ᠡᠲᠡᠭᠡᠷ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠣᠨᠴᠠᠯᠢᠭᠲᠤ ᠪᠣᠳᠠᠲᠤ ᠴᠣᠭᠴᠠ ᠶᠢᠨ ᠳᠡᠯᠭᠡᠭᠦᠷ ᠨᠢ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠲᠠᠨᠢᠨ ᠮᠡᠳᠡᠷᠡᠬᠦᠢ ᠶᠢᠨ ᠬᠡᠮᠵᠢᠶ᠎ᠡ ᠪᠠ ᠢᠷᠠᠭᠤ ᠠᠯᠳᠠᠷ ᠤᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠳᠠᠯᠳᠤᠨ ᠠᠪᠬᠤ = ᠨᠡᠶᠢᠲᠡ ᠶᠢᠨ ᠠᠰᠠᠷᠠᠮᠵᠢ ᠶᠢᠨ ᠦᠢᠯᠡᠰ ᠬᠢᠬᠦ︾ ᠨᠠᠷᠠᠲᠤ ᠲᠥᠷᠥᠯ ᠲᠡᠮᠳᠡᠭᠲᠦ ᠶᠢᠨ ᠭᠥᠯᠢᠶᠡᠨ ᠠᠪᠤᠭᠴᠢᠳ ᠤᠨ ᠲᠠᠨᠢᠨ ᠮᠡᠳᠡᠷᠡᠬᠦᠢ ᠶᠢ ᠴᠢᠩᠭᠠᠳᠬᠠᠪᠠ᠃    ᠪᠣᠳᠠᠲᠤ ᠴᠣᠭᠴᠠ ᠶᠢᠨ  ᠳᠡᠯᠭᠡᠭᠦᠷ  ᠤᠨ  ᠦᠢᠯᠡᠴᠢᠯᠡᠭᠡᠨ  ᠤ  ᠴᠢᠳᠠᠮᠵᠢ ᠶᠢ  ᠳᠡᠭᠡᠭᠰᠢᠯᠡᠭᠦᠯᠬᠦ ᠶᠠᠪᠤᠴᠠ ᠳᠤ᠂ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠨᠢ ᠴᠦ ᠤᠯᠠᠮᠵᠢᠯᠠᠯᠲᠤ ᠪᠣᠳᠠᠲᠤ ᠴᠣᠭᠴᠠ ᠶᠢᠨ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠥᠷᠢᠰᠦᠯᠳᠦᠬᠦ ᠬᠦᠴᠦᠨ ᠢ ᠵᠡᠷᠭᠡ ᠪᠠᠷ ᠳᠡᠭᠡᠭᠰᠢᠯᠡᠭᠦᠯᠵᠦ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠨᠢ ᠤᠯᠠᠮᠵᠢᠯᠠᠯᠲᠤ ᠪᠣᠳᠠᠲᠤ ᠴᠣᠭᠴᠠ ᠶᠢᠨ ᠳᠡᠯᠭᠡᠭᠦᠷ ᠤᠨ ᠲᠥᠬᠦᠭᠡᠷᠦᠮᠵᠢ ᠶᠢ ᠪᠠᠶᠢᠭᠤᠯᠤᠨ ᠰᠢᠯᠢᠳᠡᠭᠵᠢᠭᠦᠯᠵᠦ᠂ ᠵᠦᠷᠢᠶᠡᠴᠢᠯᠡᠭᠰᠡᠨ ᠳᠦᠷᠢ ᠲᠥᠷᠬᠦ ᠶᠢᠨ ᠪᠣᠭᠤᠳᠠᠯ ᠪᠠᠭᠯᠠᠭ᠎ᠠ ᠪᠠ ᠥᠪᠡᠷᠮᠢᠴᠡ ᠣᠨᠴᠠᠯᠢᠭ ᠲᠠᠢ ᠭᠤᠣᠯ ᠰᠡᠳᠦᠪ ᠢᠶᠠᠷ ᠨᠠᠩ ᠣᠯᠠᠨ ᠲᠦᠮᠡᠨ ᠤ ᠠᠩᠬᠠᠷᠤᠯ ᠢ ᠲᠠᠲᠠᠵᠤ᠂ ᠢᠯᠠᠩᠭᠤᠶ᠎ᠠ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠲᠤᠬᠠᠢ ᠠᠩᠬᠠᠷᠤᠯ ᠢ ᠲᠠᠲᠠᠵᠤ᠂ ᠪᠠᠰᠠ ᠪᠡᠶ᠎ᠡ ᠶᠢᠨ ᠲᠠᠮᠢᠷ ᠤᠨ ᠳᠤᠷ᠎ᠠ ᠪᠠᠬ᠎ᠠ ᠲᠠᠢ ᠬᠥᠮᠥᠰ ᠪᠠ ᠱᠠᠩᠨᠠᠯᠲᠤ ᠰᠤᠭᠤᠯᠤᠭ᠎ᠠ ᠶᠢᠨ ᠬᠡᠷᠡᠭᠯᠡᠭᠴᠢᠳ ᠤᠨ ᠬᠤᠣᠰ ᠴᠢᠭᠯᠡᠯ ᠢᠶᠠᠷ ᠤᠯᠠᠷᠢᠬᠤ ᠶᠢ ᠠᠬᠢᠭᠤᠯᠪᠠ᠃ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ +︾ ᠨᠢ ᠤᠯᠠᠮᠵᠢᠯᠠᠯᠲᠤ ᠪᠣᠳᠠᠲᠤ ᠴᠣᠭᠴᠠ ᠶᠢᠨ ᠳᠡᠯᠭᠡᠭᠦᠷ ᠲᠤ ᠡᠨᠧᠷᠭᠢ ᠣᠯᠭᠤᠵᠤ᠂ ᠡᠯ᠎ᠡ ᠭᠠᠵᠠᠷ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠨᠢ ᠴᠦ ᠡᠯ᠎ᠡ ᠵᠦᠢᠯ ᠤᠨ ᠥᠪᠡᠷᠮᠢᠴᠡ ᠣᠨᠴᠠᠯᠢᠭ ᠲᠠᠢ ᠭᠤᠣᠯ ᠰᠡᠳᠦᠪ ᠤᠨ ᠲᠣᠭᠤᠷᠢᠨ ᠳᠤ᠂ ᠪᠣᠳᠠᠲᠤ ᠴᠣᠭᠴᠠ ᠶᠢᠨ ᠳᠡᠯᠭᠡᠭᠦᠷ ᠢ ᠬᠠᠪᠰᠤᠷᠤᠨ ᠣᠯᠠᠨ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠵᠢᠴᠢ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠪᠣᠳᠠᠲᠤ ᠴᠣᠭᠴᠠ ᠶᠢᠨ ᠳᠡᠯᠭᠡᠭᠦᠷ ᠢ ᠬᠠᠪᠰᠤᠷᠤᠨ ᠳᠠᠯᠳᠠ ᠬᠡᠷᠡᠭᠯᠡᠭᠴᠢ ᠶᠢ ᠠᠭᠤᠳᠠᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号