ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠠᠶᠢᠨ ᠲᠤᠷᠠᠴᠤᠳ ᠤᠨ ᠭᠤᠤᠯ ᠰᠡᠳᠦᠪᠳᠦ ᠠᠵᠢᠯᠯᠠᠭ᠎ᠠ ᠵᠢᠴᠢ ᠮᠢᠩᠭᠠᠨ ᠬᠦᠮᠦᠨ ᠤ ᠶᠠᠪᠠᠭᠠᠨ ᠠᠶᠠᠯᠠᠬᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/11/6
    11 ᠰᠠᠷ᠎ᠠ ᠶᠢᠨ 4 ᠤ ᠡᠳᠦᠷ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠠᠶᠢᠨ ᠲᠤᠷᠠᠴᠤᠳ ᠤᠨ ᠭᠤᠤᠯ ᠰᠡᠳᠦᠪᠳᠦ ᠠᠵᠢᠯᠯᠠᠭ᠎ᠠ ᠵᠢᠴᠢ ᠮᠢᠩᠭᠠᠨ ᠬᠦᠮᠦᠨ ᠤ ᠶᠠᠪᠠᠭᠠᠨ ᠠᠶᠠᠯᠠᠬᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃ ᠪᠥᠬᠦ ᠣᠷᠣᠨ ᠤ ᠡᠯ᠎ᠡ ᠳᠡᠭᠡᠳᠦ ᠰᠤᠷᠭᠠᠭᠤᠯᠢ᠂ ᠡᠮᠴᠢᠯᠡᠭᠡᠨ ᠤ ᠠᠵᠢᠯ ᠲᠥᠷᠥᠯ᠂ ᠵᠠᠮ ᠬᠠᠷᠢᠯᠴᠠᠭᠠᠨ ᠤ ᠠᠵᠢᠯ ᠲᠥᠷᠥᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠠᠭ᠎ᠠ ᠮᠥᠴᠢᠷ ᠵᠡᠷᠭᠡ ᠨᠢᠭᠡᠴᠢ ᠶᠢᠨ ᠮᠢᠩᠭ᠎ᠠ ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃     ᠣᠲᠣ ᠪᠣᠯᠲᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠨᠢᠭᠡᠨᠲᠡ 2000 ᠨᠡᠷᠡᠰ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠨ ᠰᠣᠩᠭᠤᠵᠤ᠂ ᠡᠯ᠎ᠡ ᠲᠥᠷᠥᠯ ᠤᠨ  ᠪᠤᠯᠪᠠᠰᠤᠷᠠᠯ ᠢ ᠥᠷᠨᠢᠭᠦᠯᠵᠦ ᠪᠠᠶᠢᠨ᠎ᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ᠂ ᠰᠠᠶᠢᠨ ᠲᠤᠷᠠᠴᠤᠳ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠥᠪ᠂ ᠭᠤᠣᠯ ᠵᠠᠭᠤᠴᠢᠯᠠᠭᠤᠷ ᠤᠨ ᠲᠥᠪ᠂ ᠵᠣᠴᠢᠳ ᠤᠨ ᠪᠠᠭᠤᠳᠠᠯ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠡᠷᠭᠡ 53 ᠰᠠᠶᠢᠨ ᠲᠤᠷᠠᠴᠤᠳ ᠤᠨ ᠦᠢᠯᠡᠴᠢᠯᠡᠭᠡᠨ ᠤ ᠭᠠᠵᠠᠷ ᠲᠤ ᠬᠦᠷᠴᠦ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠲᠠᠯᠠᠪᠠᠶ ᠣᠷᠳᠣᠨ ᠤ ᠠᠵᠢᠯᠯᠠᠭᠠᠨ᠂ ᠭᠠᠳᠠᠭᠠᠳᠤ ᠲᠠᠢ ᠬᠠᠷᠢᠯᠴᠠᠬᠤ᠂ ᠭᠥᠯᠢᠶᠡᠨ ᠠᠪᠴᠤ ᠪᠠᠲᠤᠯᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶᠡᠨ ᠳᠤ ᠲᠠᠮᠢᠷᠴᠢᠳ᠂ ᠮᠡᠷᠭᠡᠵᠢᠯᠳᠡᠨ᠂  ᠵᠣᠴᠢᠳ ᠲᠤ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠤᠮᠠᠷᠠᠲᠤ ᠬᠢᠯᠢ ᠶᠢᠨ ᠭᠤᠸ᠎ᠠ ᠰᠠᠶᠢᠬᠠᠨ ᠢ ᠳᠠᠮᠵᠢᠭᠤᠯᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号