2023 ᠣᠨ ᠤ ᠪᠥᠬᠦ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ U25 ᠵᠠᠯᠠᠭᠤᠴᠤᠳ ᠤᠨ ᠪᠥᠬᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/11/7
    11 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ 2023 ᠣᠨ ᠤ ᠪᠥᠬᠦ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ U25 ᠵᠠᠯᠠᠭᠤᠴᠤᠳ ᠤᠨ ᠪᠥᠬᠡ ᠶᠢᠨ ᠤᠷᠤᠯᠳᠤᠭᠠᠨ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠳᠤ ᠶᠠᠪᠤᠭᠳᠠᠪᠠ᠃     ᠲᠤᠰ ᠤᠳᠠᠭᠠᠨ ᠤ ᠤᠷᠤᠯᠳᠤᠭᠠᠨ ᠳᠤ ᠬᠤᠪᠢ ᠬᠥᠮᠥᠨ ᠤ ᠤᠷᠤᠯᠳᠤᠭᠠᠨ ᠪᠠ ᠪᠦᠯᠬᠦᠮ ᠤᠨ ᠤᠷᠤᠯᠳᠤᠭᠠᠨ ᠭᠡᠵᠦ ᠲᠤᠬᠢᠷᠠᠭᠤᠯᠵᠦ᠂ ᠬᠥᠯᠥᠨ ᠪᠤᠶᠢᠷ ᠬᠤᠲᠠ᠂ ᠣᠷᠳᠣᠰ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ ᠶᠢᠨ 16 ᠲᠥᠯᠥᠭᠡᠯᠡᠭᠴᠢᠳ ᠤᠨ ᠠᠩᠭᠢ ᠶᠢᠨ 128 ᠵᠠᠯᠠᠭᠤ ᠪᠥᠬᠡᠴᠢᠳ ᠤᠷᠤᠯᠳᠤᠭᠠᠨ ᠳᠤ ᠣᠷᠣᠯᠴᠠᠵᠠᠢ᠃ ᠲᠣᠰ ᠤᠷᠤᠯᠳᠤᠭᠠᠨ ᠨᠢ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠢᠬᠤᠯᠠ ᠬᠥᠳᠡᠯᠭᠡᠭᠡᠨ ᠪᠣᠯᠤᠭᠰᠠᠨ ᠤ ᠬᠤᠪᠢ ᠳᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠰᠣᠶᠣᠯ ᠢ ᠪᠠᠳᠠᠷᠠᠭᠤᠯᠬᠤ ᠵᠢᠴᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠳᠠᠶᠢᠴᠢᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃     ᠬᠤᠶᠠᠷ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤ᠂ ᠰᠢᠯᠢ ᠶᠢᠨ ᠬᠤᠲᠠ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠲᠣᠰ ᠲᠣᠰ ᠪᠦᠯᠬᠦᠮ ᠤᠨ ᠤᠷᠤᠯᠳᠤᠭᠠᠨ ᠤ ᠡᠮᠦᠨ᠎ᠡ ᠭᠤᠷᠪᠠ ᠳᠤ ᠣᠷᠣᠵᠤ᠂ ᠬᠤᠪᠢ ᠬᠥᠮᠥᠨ ᠤ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ ᠪᠥᠬᠡᠴᠢᠨ ᠨᠠᠮᠰᠠᠷᠠᠢ ᠮᠠᠩᠯᠠᠢ ᠳᠤ ᠰᠢᠯᠭᠠᠷᠠᠵᠤ᠂ ᠰᠢᠯᠢ ᠶᠢᠨ ᠭᠤᠣᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ ᠪᠥᠬᠡᠴᠢᠨ ᠨᠠᠶᠢᠷᠠᠭ ᠳᠡᠳ᠋ᠯᠡᠵᠦ᠂ ᠰᠢᠯᠢ ᠶᠢᠨ ᠬᠤᠲᠠ ᠶᠢᠨ ᠪᠥᠬᠡᠴᠢᠨ ᠨᠠᠩᠵᠢᠳ ᠭᠤᠲᠠᠭᠠᠷ ᠮᠠᠩᠯᠠᠢ ᠳᠤ ᠰᠢᠯᠭᠠᠷᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号