ᠥᠪᠥᠷ ᠮᠣᠩᠭᠤᠯ ᠤᠨ ᠡᠷᠡᠭᠲᠡᠢ ᠶᠢᠨ ᠪᠤᠶᠢᠺᠤ ᠪᠥᠮᠪᠥᠭᠡᠨ ᠠᠩᠭᠢ ᠪᠥᠬᠦ ᠤᠯᠤᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠩᠯᠠᠶᠢᠯᠠᠪᠠ
ᠨᠡᠶᠢᠲᠡᠯᠡᠭᠰᠡᠨ ᠴᠠᠭ᠄
2023/11/8
    11 ᠰᠠᠷ᠎ᠠ ᠶᠢᠨ 7 ᠤ ᠡᠳᠦᠷ᠂ 2023 ᠣᠨ ᠤ ᠪᠥᠬᠦ ᠤᠯᠤᠰ ᠤᠨ ᠡᠷᠡᠭᠲᠡᠢ ᠶᠢᠨ ᠪᠤᠶᠢᠺᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠢᠶᠠᠩᠰᠤ ᠶᠢᠨ ᠴᠠᠩᠵᠸᠦ ᠶᠢᠨ ᠪᠤᠶᠢᠺᠤ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠲᠤ ᠶᠠᠪᠤᠭᠳᠠᠪᠠ᠃     ᠲᠡᠷᠢᠭᠦᠨ ᠲᠡᠳ᠋ ᠤᠨ ᠥᠷᠢᠰᠦᠯᠳᠦᠭᠡᠨ ᠳᠤ᠂ ᠥᠪᠥᠷ ᠮᠣᠩᠭᠤᠯ ᠤᠨ ᠠᠩᠭᠢ ᠶᠢᠨ ᠬᠢᠨ ᠭᠤᠸᠠᠩᠳᠦ᠋ᠩ ᠤᠨ ᠠᠩᠭᠢ ᠲᠠᠢ ᠦᠷᠢᠰᠦᠯᠳᠦᠪᠡ᠃ ᠳᠡᠭᠡᠷ᠎ᠡ ᠬᠠᠭᠠᠰ ᠲᠠᠯᠠᠪᠤᠷ ᠤᠨ ᠤᠷᠤᠯᠳᠤᠭᠠᠨ ᠳᠤ᠂ ᠬᠤᠶᠠᠷ ᠲᠠᠯ᠎ᠠ ᠪᠠᠷ ᠢᠶᠠᠨ ᠪᠦᠷ ᠪᠥᠮᠪᠦᠭᠡ ᠣᠷᠣᠭᠤᠯᠤᠭᠰᠠᠨ ᠦᠭᠡᠢ᠃ ᠳᠣᠣᠷ᠎ᠠ ᠬᠠᠭᠠᠰ ᠲᠠᠯᠠᠪᠤᠷ ᠤᠨ ᠤᠷᠤᠯᠳᠤᠭᠠᠨ ᠳᠤ᠂ ᠥᠪᠥᠷ ᠮᠣᠩᠭᠤᠯ ᠤᠨ ᠠᠩᠭᠢ ᠪᠦᠲᠦᠮᠵᠢᠲᠡᠢ ᠪᠠᠶᠢᠯᠳᠤᠬᠤ ᠠᠷᠭ᠎ᠠ ᠶᠢᠨ ᠲᠣᠬᠢᠷᠠᠭᠤᠯᠤᠯᠲᠠ ᠶᠢ ᠠᠰᠢᠭᠯᠠᠵᠤ᠂ 1᠄ 0  ᠤᠨ ᠬᠠᠷᠢᠴᠠᠯ ᠢᠶᠠᠷ ᠥᠷᠢᠰᠦᠯᠳᠦᠭᠴᠢ ᠠᠴᠠ ᠪᠠᠨ ᠤᠷᠢᠲᠠᠵᠠᠢ᠃ ᠳᠥᠷᠪᠡᠳᠦᠭᠡᠷ ᠦᠶ᠎ᠡ ᠪᠣᠯᠬᠤ ᠳᠤ᠂ ᠥᠪᠥᠷ ᠮᠣᠩᠭᠤᠯ ᠤᠨ ᠠᠩᠭᠢ   ᠶᠢᠨ ᠨᠢᠭᠡ ᠲᠠᠮᠢᠷᠴᠢᠨ ᠰᠢᠷ᠎ᠠ ᠫᠠᠶᠢᠰᠠ ᠪᠠᠷ ᠲᠣᠷᠭᠠᠭᠳᠠᠵᠤ᠂ ᠲᠠᠮᠢᠷᠴᠢᠨ ᠴᠦᠬᠡᠨ ᠪᠤᠯᠤᠭᠰᠠᠨ ᠪᠠᠶᠢᠳᠠᠯ ᠲᠤᠤᠷ᠎ᠠ ᠲᠦᠷᠭᠡᠨ ᠬᠠᠮᠵᠢᠯᠴᠠᠬᠤ ᠪᠠᠷ ᠳᠡᠮᠵᠢᠨ ᠳᠠᠬᠢᠨ ᠨᠢᠭᠡ ᠪᠥᠮᠪᠦᠭᠡ ᠣᠷᠣᠭᠤᠯᠵᠤ᠂ ᠬᠤᠪᠢ ᠶᠢᠨ ᠬᠠᠷᠢᠴᠠᠯ ᠢᠶᠠᠨ ᠥᠷᠭᠡᠳᠬᠡᠪᠡ᠃    ᠡᠴᠦᠰ ᠲᠡᠭᠡᠨ᠂ ᠥᠪᠥᠷ ᠮᠣᠩᠭᠤᠯ ᠤᠨ ᠠᠩᠭᠢ 2᠄ 0  ᠤᠨ ᠬᠠᠷᠢᠴᠠᠯ ᠢᠶᠠᠷ ᠭᠤᠸᠠᠩᠳᠦ᠋ᠩ ᠤᠨ ᠠᠩᠭᠢ ᠶᠢ ᠢᠯᠠᠵᠤ᠂ 2023 ᠣᠨ ᠤ ᠪᠥᠬᠦ ᠤᠯᠤᠰ ᠤᠨ ᠡᠷᠡᠭᠲᠡᠢ ᠶᠢᠨ ᠪᠤᠶᠢᠺᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠩᠯᠠᠶᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号