ᠤᠷᠳᠤᠰ ᠬᠤᠳᠠ ᠫᠢᠩᠫᠠᠩ ᠪᠥᠮᠪᠦᠭᠡ ᠶᠢᠨ ᠤᠯᠤᠰ ᠤᠨ ᠨᠢᠭᠡᠳᠦᠭᠡᠷ ᠳᠡᠰ ᠤᠨ ᠬᠢᠨᠠᠭᠴᠢ ᠶᠢᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/2/10
    2 ᠰᠠᠷ᠎ᠠ ᠶᠢᠨ 2 ᠤᠨ ᠡᠳᠦᠷ ᠠᠴᠠ 5 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠫᠢᠩᠫᠠᠩ ᠪᠥᠮᠪᠦᠭᠡ ᠶᠢᠨ ᠬᠥᠳᠡᠯᠭᠡᠭᠡᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠠᠴᠠ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠢᠩᠫᠠᠩ ᠪᠥᠮᠪᠦᠭᠡ ᠶᠢᠨ ᠨᠢᠭᠡᠳᠦᠭᠡᠷ ᠳᠡᠰ ᠤᠨ ᠬᠢᠨᠠᠭᠴᠢ ᠶᠢᠨ ᠪᠤᠯᠪᠠᠰᠤᠷᠠᠯ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠲᠤ ᠶᠠᠪᠤᠭᠳᠠᠪᠠ᠃
    ᠪᠦᠬᠦ ᠣᠷᠣᠨ ᠤ ᠡᠯ᠎ᠡ ᠭᠠᠵᠠᠷ ᠠᠴᠠ ᠢᠷᠡᠭᠰᠡᠨ 90 ᠭᠠᠷᠤᠢ  ᠬᠢᠨᠠᠭᠴᠢ ᠪᠤᠯᠪᠠᠰᠤᠷᠠᠯ ᠳᠤ ᠤᠷᠤᠯᠴᠠᠪᠠ᠃ ᠬᠤᠲᠠ ᠶᠢᠨ ᠫᠢᠩᠫᠠᠩ ᠪᠥᠮᠪᠦᠭᠡ ᠶᠢᠨ ᠨᠡᠶᠢᠭᠡᠮᠯᠢᠭ ᠤᠨ ᠤᠯᠤᠰ ᠤᠨ ᠲᠠᠰ ᠤᠨ ᠬᠢᠨᠠᠭᠴᠢ ᠲᠣᠰ ᠲᠣᠰ ᠤᠷᠤᠯᠳᠤᠭᠠᠨ ᠤ ᠳᠦᠷᠢᠮ᠂ ᠰᠢᠪᠠᠭ᠎ᠠ ᠰᠤᠭᠤᠯᠵᠤ ᠨᠠᠶᠢᠷᠠᠭᠤᠯᠤᠨ ᠵᠢᠭᠰᠠᠭᠠᠬᠤ᠂ ᠲᠤᠬᠠᠢ ᠶᠢᠨ ᠲᠠᠯᠠᠪᠤᠷ ᠲᠤ ᠠᠵᠢᠯᠯᠠᠭᠤᠯᠬᠤ ᠵᠡᠷᠭᠡ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠪᠠ  ᠪᠤᠯᠪᠠᠰᠤᠷᠠᠯ ᠬᠢᠵᠦ᠂ ᠬᠢᠨᠠᠭᠴᠢ ᠲᠠᠰᠤᠯᠤᠯᠲᠠ ᠬᠢᠬᠦ ᠶᠠᠪᠤᠴᠠ ᠳᠤ ᠳᠦᠷᠢᠮ ᠢ ᠵᠥᠪ ᠬᠡᠷᠡᠭᠯᠡᠬᠦ᠂ ᠭᠠᠷ ᠤᠨ ᠳᠣᠬᠢᠶ᠎ᠠ ᠶᠢ ᠵᠢᠷᠤᠮᠵᠢᠭᠤᠯᠤᠨ ᠬᠡᠷᠡᠭᠯᠡᠬᠦ ᠶᠢ ᠴᠢᠩᠭᠠᠳᠬᠠᠵᠤ᠂ ᠬᠢᠨᠠᠭᠴᠢᠳ ᠤᠨ ᠤᠷᠤᠯᠳᠤᠭᠠᠨ ᠤ ᠠᠵᠢᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠵᠡᠢ᠃ ᠪᠤᠯᠪᠠᠰᠤᠷᠠᠯ ᠳᠠᠭᠤᠰᠤᠭᠰᠠᠨ ᠤ ᠳᠠᠷᠠᠭ᠎ᠠ ᠣᠷᠣᠯᠴᠠᠭᠰᠠᠨ ᠬᠢᠨᠠᠭᠴᠢᠳ ᠲᠤ ᠬᠢᠨᠠᠨ ᠰᠢᠯᠭᠠᠯᠲᠠ ᠬᠢᠵᠦ᠂ ᠣᠷᠳᠣᠰ ᠬᠤᠳᠠ ᠶᠢᠨ 16 ᠬᠥᠮᠥᠨ ᠬᠢᠨᠠᠨ ᠰᠢᠯᠭᠠᠯᠲᠠ ᠪᠠᠷ ᠲᠠᠮᠵᠢᠨ ᠤᠯᠤᠰ ᠤᠨ ᠨᠢᠭᠡᠳᠦᠭᠡᠷ ᠳᠡᠰ ᠤᠨ ᠬᠢᠨᠠᠨ ᠰᠢᠭᠦᠬᠦ ᠬᠢᠷᠢ ᠬᠡᠮ ᠤᠨ ᠦᠨᠡᠮᠯᠡᠯ ᠣᠯᠵᠠᠢ᠃
    ᠲᠣᠰ ᠤᠳᠠᠭᠠᠨ ᠤ ᠪᠣᠯᠪᠠᠰᠤᠷᠠᠯ ᠨᠢ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ ᠶᠢᠨ ᠫᠢᠩᠫᠠᠩ ᠪᠥᠮᠪᠦᠭᠡ ᠶᠢᠨ ᠬᠢᠨᠠᠭᠴᠢ ᠳᠤ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠫᠢᠩᠫᠠᠩ ᠪᠥᠮᠪᠦᠭᠡ ᠶᠢᠨ ᠰᠤᠷᠭᠠᠭᠴᠢ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠮᠠᠨ ᠤ ᠣᠷᠣᠨ ᠤ ᠫᠢᠩᠫᠠᠩ ᠪᠥᠮᠪᠦᠭᠡ ᠶᠢᠨ ᠬᠢᠨᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠤᠷᠤᠯᠳᠤᠭᠠᠨ ᠤ ᠫᠢᠩᠫᠠᠩ ᠪᠥᠮᠪᠦᠭᠡ ᠶᠢᠨ ᠠᠵᠢᠯ ᠳᠤ ᠰᠢᠨ᠎ᠡ ᠨᠢᠭᠡ ᠦᠶ᠎ᠡ ᠶᠢᠨ ᠬᠦᠴᠦᠨ ᠢ ᠨᠥᠭᠡᠴᠡᠯᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号