ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠡᠭᠡᠷᠡᠯᠡᠨ ᠴᠠᠰᠦᠨ ᠳᠤ ᠭᠤᠯᠭᠤᠬᠤ ᠤᠷᠤᠯᠳᠤᠭᠠᠨ ᠦᠨᠳᠦᠷᠯᠡᠪᠡ
ᠨᠡᠶᠢᠲᠡᠯᠡᠭᠰᠡᠨ ᠴᠠᠭ᠄
2023/2/10
    2 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠡᠭᠡᠷᠡᠯᠡᠨ ᠴᠠᠰᠤᠨ ᠳᠤ ᠭᠤᠯᠭᠤᠬᠤ ᠤᠷᠤᠯᠳᠤᠭᠠᠨ ᠤᠯᠠᠭᠠᠨᠴᠠᠪ ᠬᠤᠲᠠ ᠶᠢᠨ ᠯᠢᠶᠡᠩᠴᠧᠩ ᠰᠢᠶᠠᠨ ᠤ ᠲᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ ᠳᠤ ᠥᠨᠳᠥᠷᠯᠡᠪᠡ᠃ ᠲᠤᠰ ᠤᠳᠠᠭ᠎ᠠ ᠶᠢᠨ ᠤᠷᠤᠯᠳᠤᠭᠠᠨ ᠨᠢ 6 ᠡᠳᠦᠷ  ᠦᠷᠭᠦᠯᠵᠢᠯᠡᠵᠦ᠂ ᠪᠦᠬᠦ ᠣᠷᠣᠨ ᠤ 5 ᠠᠶᠢᠮᠠᠭ ᠬᠤᠳᠠ ᠶᠢᠨ ᠵᠠᠭᠤ ᠰᠢᠬᠠᠮ ᠲᠠᠮᠢᠷᠴᠢᠨ ᠣᠷᠣᠯᠴᠠᠵᠤ᠂ ᠨᠡᠶᠢᠳᠡ 71 ᠱᠠᠩᠨᠠᠯ ᠤᠨ ᠮᠧᠳᠠᠯ ᠰᠢᠯᠭᠠᠷᠠᠭᠤᠯᠪᠠ᠃ ᠡᠭᠦᠨ ᠳᠤ ᠬᠥᠯᠥᠨ ᠪᠤᠶᠢᠷ ᠬᠤᠲᠠ 14 ᠠᠯᠲᠠᠨ ᠮᠧᠳᠠᠯ 9 ᠮᠥᠩᠭᠦᠨ ᠮᠧᠳᠠᠯ 9 ᠬᠦᠷᠡᠯ ᠮᠧᠳᠠᠯ ᠣᠯᠵᠤ᠂ ᠪᠠᠶᠠᠨᠨᠠᠭᠤᠷ ᠬᠤᠲᠠ 7 ᠠᠯᠲᠠᠨ ᠮᠧᠳᠠᠯ 7 ᠮᠥᠩᠭᠦᠨ ᠮᠧᠳᠠᠯ 3 ᠬᠦᠷᠡᠯ ᠮᠧᠳᠠᠯ ᠣᠯᠵᠤ᠂ ᠣᠷᠳᠣᠰ ᠬᠤᠲᠠ 2 ᠠᠯᠲᠠᠨ ᠮᠧᠳᠠᠯ 6 ᠮᠥᠩᠭᠦᠨ ᠮᠧᠳᠠᠯ 9 ᠬᠦᠷᠡᠯ ᠮᠧᠳᠠᠯ ᠣᠯᠵᠤ᠂ ᠲᠦᠩᠯᠢᠶᠣᠣ ᠬᠤᠲᠠ 1 ᠠᠯᠲᠠᠨ ᠮᠧᠳᠠᠯ 1 ᠮᠥᠩᠭᠦᠨ ᠮᠧᠳᠠᠯ 2 ᠬᠦᠷᠡᠯ ᠮᠧᠳᠠᠯ ᠣᠯᠵᠤ᠂ ᠤᠯᠠᠭᠠᠨᠴᠠᠪ ᠬᠤᠲᠠ 1 ᠮᠥᠩᠭᠦᠨ ᠮᠧᠳᠠᠯ ᠣᠯᠪᠠ᠃
    ᠲᠣᠰ ᠤᠳᠠᠭᠠᠨ ᠤ ᠤᠷᠤᠯᠳᠤᠭᠠᠨ ᠢ ᠵᠣᠬᠢᠶᠠᠨ ᠪᠠᠶᠢᠭᠤᠯᠬᠤ ᠶᠠᠪᠤᠴᠠ ᠳᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠠᠵᠠ  ᠡᠷᠢᠬᠦ ᠰᠡᠳᠬᠢᠴᠡ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠤᠷᠤᠯᠳᠤᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠨᠠᠷᠢᠯᠢᠭᠵᠢᠭᠤᠯᠤᠨ ᠨᠡᠶᠢᠳᠡᠪᠦᠷᠢᠵᠢᠭᠤᠯᠪᠠ᠃ ᠡᠭᠦᠨ ᠤ ᠬᠠᠮᠳᠦ ᠤᠷᠤᠯᠳᠤᠭᠠᠨ ᠤ ᠰᠤᠷᠲᠠᠯ ᠤᠷᠤᠯᠳᠤᠭᠠᠨ ᠤ ᠰᠠᠬᠢᠯᠭ᠎ᠠ ᠪᠠᠲᠤ ᠪᠣᠯᠣᠨ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠤᠯᠠᠮ ᠨᠢᠭᠡ ᠠᠯᠬᠤᠮ ᠴᠢᠩᠭ᠎ᠠ ᠠᠳᠬᠤᠵᠤ᠂ ᠤᠷᠤᠯᠳᠤᠭᠠᠨ ᠠᠴᠠ ᠡᠮᠦᠨ᠎ᠡ ᠲᠠᠮᠢᠷᠴᠢᠳ ᠲᠤ ᠵᠣᠷᠢᠭᠤᠯᠤᠨ ᠬᠥᠭᠡᠷᠦᠭᠦᠯᠬᠦ ᠡᠮ ᠢ ᠡᠰᠡᠷᠭᠦᠴᠡᠬᠦ ᠬᠠᠨᠳᠤᠯᠭᠠᠲᠤ ᠴᠢᠨᠠᠷᠲᠠᠢ ᠬᠥᠮᠦᠵᠢᠯ ᠢ ᠥᠷᠨᠢᠭᠦᠯᠵᠦ᠂ ᠲᠠᠮᠢᠷᠴᠢᠳ ᠤᠨ ᠲᠠᠰᠬᠠᠯᠵᠢᠭᠤᠯᠤᠭᠴᠢ ᠶᠢᠨ ᠬᠥᠭᠡᠷᠦᠭᠦᠯᠬᠦ ᠡᠮ ᠢ ᠡᠰᠡᠷᠭᠦᠴᠡᠬᠦ ᠤᠬᠠᠮᠰᠠᠷ ᠪᠣᠯᠣᠨ ᠴᠢᠳᠠᠪᠤᠷᠢ ᠶᠢ ᠲᠡᠭᠡᠭᠰᠢᠯᠡᠬᠦᠯᠪᠡ᠃ ᠪᠥᠬᠦ ᠬᠢᠨᠠᠭᠴᠢᠳ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠴᠢᠩᠭ᠎ᠠ ᠲᠡᠰᠦᠯᠦᠨ ᠲᠣᠭᠲᠠᠭᠠᠵᠤ᠂ ᠨᠢᠭᠡ ᠯᠡ ᠠᠳᠠᠯᠢ ᠪᠠᠷ ᠬᠠᠨᠳᠤᠵᠤ᠂ ᠤᠷᠤᠯᠳᠤᠭᠠᠨ ᠤ ᠶᠠᠪᠤᠳᠠᠯ ᠤᠨ ᠡᠷᠬᠡ ᠲᠡᠭᠰᠢ᠂ ᠲᠥᠪ ᠭᠤᠥᠯᠴᠢ᠂ ᠢᠯᠡ ᠪᠠᠷ ᠶᠠᠪᠤᠭᠳᠠᠬᠤ ᠶᠢ ᠦᠨᠡᠨ ᠬᠦ  ᠪᠠᠳᠤᠯᠠᠭᠰᠠᠨ ᠪᠠᠶᠢᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号