ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/14
    2 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃     ᠥᠪᠡᠷᠲᠡᠭᠡᠨ ᠵᠠᠰᠠᠬᠤ ᠣᠷᠣᠨ ᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠨᠢᠭᠡᠳᠦᠭᠡᠷ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠢᠶᠠᠩ ᠶᠠᠨ ᠸᠧᠨ ᠪᠣᠯᠣᠨ ᠬᠢᠨᠠᠨ ᠵᠢᠯᠤᠭᠤᠳᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠸᠠᠨ ᠲᠢᠶᠠᠨ ᠨᠠᠷ ᠬᠤᠷᠠᠯ ᠳᠤ ᠵᠢᠭᠠᠨ ᠵᠢᠯᠤᠭᠤᠳᠴᠤ ᠦᠨᠡᠯᠡᠯᠲᠡ ᠬᠢᠵᠡᠢ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠣᠰ ᠤᠳᠠᠭᠠᠨ ᠤ  ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠷᠠᠯ ᠠᠴᠠ ᠡᠮᠦᠨ᠎ᠡ᠂ ᠨᠢᠭᠡᠳᠦᠭᠡᠷ ᠬᠢᠨᠠᠨ ᠵᠢᠯᠤᠭᠤᠳᠬᠤ ᠳᠤᠭᠤᠶᠢᠯᠠᠩ ᠤᠨ ᠬᠦᠴᠦᠲᠡᠢ ᠵᠢᠯᠣᠭᠤᠳᠤᠯᠭ᠎ᠠ ᠳᠣᠣᠷ᠎ᠠ᠂ ᠲᠥᠰᠥᠯ ᠲᠣᠭᠲᠠᠭᠠᠬᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ᠂ ᠬᠠᠷᠢᠴᠠᠭᠤᠯᠤᠭᠰᠠᠨ ᠪᠠᠶᠢᠴᠠᠭᠠᠯᠲᠠ ᠶᠢᠨ ᠮᠠᠲ᠋ᠧᠷᠢᠶᠠᠯ ᠪᠢᠴᠢᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠬᠤᠷᠠᠯᠳᠤᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃     ᠬᠤᠷᠠᠯ ᠠᠴᠠ ᠡᠩ ᠲᠡᠷᠢᠭᠦᠨ ᠳᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠨᠡᠶᠢᠲᠡᠯᠡᠵᠡᠢ᠃ ᠸᠠᠩ ᠵᠧᠩ ᠢᠦᠢ ᠨᠥᠬᠦᠷ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠪᠡᠶ᠎ᠡ ᠪᠠᠷ ᠢᠶᠠᠨ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠯᠳᠠ ᠬᠢᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠭᠡᠰᠢᠭᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠯᠳᠠ ᠬᠢᠪᠡ᠃     ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠴᠢᠩᠭᠠᠳᠬᠠᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠠᠢ ᠮᠢᠨ᠂ ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号