ᠪᠦᠬᠦ ᠣᠷᠣᠨ ᠤ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠲᠤᠪᠴᠢᠶᠠᠨ ᠲᠠᠷᠤᠭ᠎ᠠ ᠨᠡᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/15
    2 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠ ᠨᠠᠷ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠠᠵᠢᠯ ᠢᠶᠠᠨ ᠳ᠋ᠦᠩᠨᠡᠵᠦ᠂ 2023 ᠣᠨ ᠤ ᠪᠡᠶ᠎ᠡ ᠶᠢᠨ ᠲᠠᠮᠢᠷ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
    ᠬᠤᠷᠠᠯ ᠠᠴᠠ᠂ ᠪᠦᠬᠦ ᠣᠷᠣᠨ ᠤ ᠪᠡᠶ᠎ᠡ ᠶᠢᠨ ᠲᠠᠮᠢᠷ ᠤᠨ ᠠᠵᠢᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠬᠤ  ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ᠪᠡᠶ᠎ᠡ ᠶᠢᠨ ᠲᠠᠮᠢᠷ   ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠰᠢ ᠶᠢᠨ ᠫᠢᠩ ᠶᠡᠷᠦᠩᠬᠡᠢ ᠱᠦᠵᠢ ᠶᠢᠨ  ᠪᠡᠶ᠎ᠡ ᠶᠢᠨ ᠲᠠᠮᠢᠷ   ᠤᠨ ᠲᠤᠬᠠᠢ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠᠷ ᠭᠤᠣᠯᠳᠠᠭᠤᠯᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠳᠤᠲᠠᠭᠤᠳᠠᠯ ᠢ ᠨᠥᠬᠦᠪᠦᠷᠢᠯᠡᠵᠦ᠂ ᠰᠠᠭᠤᠷᠢ ᠢᠶᠠᠨ ᠪᠠᠬᠢᠵᠢᠭᠦᠯᠦᠨ᠂ ᠪᠡᠶ᠎ᠡ ᠶᠢᠨ ᠲᠠᠮᠢᠷ ᠤᠨ ᠠᠵᠢᠯ ᠤᠨ ᠰᠢᠨ᠎ᠡ ᠪᠠᠶᠢᠳᠠᠯ  ᠢ ᠡᠭᠦᠳᠬᠦ ᠬᠡᠷᠡᠭᠲᠡᠢ ᠭᠡᠵᠦ ᠵᠢᠭᠠᠵᠦ ᠭᠠᠷᠭᠠᠪᠠ᠃       ᠬᠤᠷᠠᠯ ᠠᠴᠠ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ  ᠤᠨ ᠲᠤᠬᠠᠢ ᠴᠢᠬᠤᠯᠠ ᠥᠭᠦᠯᠡᠯᠲᠡ ᠶᠢ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ︔ ᠰᠡᠳᠬᠢᠬᠦᠢ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠰᠢᠨ᠎ᠡ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ︔ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠪᠦᠬᠦ ᠣᠷᠣᠨ ᠤ ᠪᠡᠶ᠎ᠡ ᠶᠢᠨ ᠲᠠᠮᠢᠷ ᠤᠨ ᠦᠢᠯᠡᠰ ᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号