ᠪᠦᠬᠦ ᠣᠷᠣᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ ᠲᠤᠭᠳᠠᠭᠤᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/16
    2 ᠰᠠᠷ᠎ᠠ ᠶᠢᠨ 15 ᠤ ᠡᠳᠦᠷ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠪᠥᠬᠦ ᠣᠷᠣᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ ᠲᠤᠭᠳᠠᠭᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠪᠦᠬᠦ ᠣᠷᠣᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ᠰᠢ ᠶᠢᠨ ᠫᠢᠩ ᠶᠠᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ︽ᠠᠷᠪᠠᠨ ᠲᠠᠪᠤᠨ ᠵᠤᠷᠪᠤᠰ︾︾ ᠤᠨ ᠬᠠᠲᠠᠭᠤ ᠠᠷᠭ᠎ᠠ ᠬᠡᠮᠵᠢᠶ᠎ᠡ ᠶᠢ ᠢᠳᠡᠪᠬᠢᠲᠡᠢ ᠲᠤᠤᠱᠯᠠᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ ᠴᠢᠬᠤᠯᠠ ᠶᠡᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃     ᠬᠤᠷᠠᠯ ᠠᠴᠠ᠂ ᠠᠮᠤᠷ ᠲᠦᠪᠰᠢᠨ ᠲᠣᠭᠲᠠᠭᠤᠨ ᠤ ᠠᠵᠢᠯ ᠢ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠶᠢᠨ ᠰᠢᠭᠤᠳ ᠢᠯᠡᠷᠡᠯ ᠪᠣᠯᠭᠠᠵᠤ᠂ ᠠᠮᠤᠷ ᠲᠦᠪᠰᠢᠨ ᠲᠣᠭᠲᠠᠭᠤᠨ ᠤ ᠠᠵᠢᠯ ᠢ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠰᠡᠳᠬᠢᠯ ᠳᠡᠭᠡᠨ ᠪᠤᠳᠤᠵᠤ᠂ ᠠᠮᠤᠷ ᠲᠦᠪᠰᠢᠨ ᠤ ᠤᠬᠠᠮᠰᠠᠷ ᠢ ᠪᠦᠬᠦ ᠶᠠᠪᠤᠴᠠ᠂ ᠡᠯ᠎ᠡ ᠲᠠᠯ᠎ᠠ ᠳᠤ ᠠᠭᠤᠰᠤᠯᠴᠠᠭᠤᠯᠬᠤ ᠬᠡᠷᠡᠭᠲᠡᠢ᠃ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠶᠣᠰᠣᠭᠠᠷ᠂ ᠢᠳᠡᠪᠬᠢᠲᠡᠢ ᠪᠠᠷ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠴᠢᠬᠤᠯᠠ ᠶᠡᠭᠡ ᠤᠷᠤᠯᠳᠤᠭᠠᠨ ᠡᠷᠬᠢᠯᠡᠬᠦ᠂ ᠤᠷᠤᠯᠳᠤᠭᠠᠨ ᠳᠤ ᠣᠷᠤᠯᠴᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠵᠦ᠂ ᠤᠯᠤᠰ ᠲᠦᠷᠦ ᠶᠢᠨ ᠲᠠᠯ᠎ᠠ ᠠᠴᠠ ᠲᠥᠯᠥᠪᠵᠢᠭᠦᠯᠵᠦ᠂ ᠤᠯᠤᠰ ᠲᠦᠷᠦ ᠶᠢᠨ ᠲᠠᠯ᠎ᠠ ᠠᠴᠠ ᠪᠣᠳᠣᠯᠬᠢᠯᠠᠵᠤ᠂ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠤᠰ ᠲᠦᠷᠦ ᠶᠢᠨ ᠠᠮᠤᠷ ᠲᠦᠪᠰᠢᠨ ᠢ  ᠪᠠᠳᠤᠯᠠᠬᠤ ᠬᠡᠷᠡᠭᠳᠡᠢ᠃ ᠪᠡᠶ᠎ᠡ ᠶᠢᠨ ᠲᠠᠮᠢᠷ ᠤᠨ ᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠡᠯᠡᠳᠬᠡᠯ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠡᠯ᠎ᠡ ᠱᠠᠲᠤᠨ ᠤ ᠡᠩᠨᠡᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠵᠡᠯ ᠰᠠᠨᠠᠭ᠎ᠠ᠂ ᠰᠡᠳᠬᠢᠴᠡ᠂ ᠪᠣᠯᠪᠠᠰᠤᠷᠠᠯ᠂ ᠤᠷᠤᠯᠳᠤᠭᠠᠨ᠂ ᠰᠢᠯᠭᠠᠷᠠᠭᠤᠯᠤᠯᠲᠠ᠂ ᠳᠤᠭᠤᠶᠢᠯᠠᠩ ᠪᠠᠶᠢᠭᠤᠯᠬᠤ᠂ ᠡᠷᠡᠭᠦᠯᠵᠢᠯ᠂ ᠰᠢᠮ᠎ᠡ ᠲᠡᠵᠢᠭᠡᠯ᠂ ᠦᠢᠯᠡᠴᠢᠯᠡᠭᠡ᠂ ᠪᠠᠲᠤᠯᠠᠭ᠎ᠠ᠂ ᠰᠣᠶᠣᠯ ᠰᠤᠷᠭᠠᠨ ᠬᠥᠮᠦᠵᠢᠯ ᠵᠡᠷᠭᠡ ᠡᠯ᠎ᠡ ᠲᠠᠯ᠎ᠠ ᠪᠠ ᠵᠠᠩᠭᠢᠯᠠᠭ᠎ᠠ ᠠᠴᠠ ᠲᠦᠭᠰᠢᠭᠦᠷᠢ ᠶᠢ ᠵᠦᠢᠯ ᠳᠠᠷᠠᠭᠠᠯᠠᠨ ᠪᠠᠶᠢᠴᠠᠭᠠᠵᠤ᠂ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠤᠨ᠎ᠠ᠃ ᠭᠤᠣᠯᠳᠠᠯᠭ᠎ᠠ ᠲᠠᠢ ᠰᠡᠷᠭᠡᠭ ᠠᠰᠠᠭᠤᠳᠠᠯ ᠢ ᠵᠠᠰᠠᠬᠤ ᠶᠢ ᠰᠠᠶᠢᠲᠤᠷ ᠠᠳᠬᠤᠵᠤ᠂ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠨᠠᠩ ᠡᠷᠲᠡ᠂ ᠬᠠᠮᠢᠶᠠᠷᠤᠯᠲᠠ ᠶᠢᠨ ᠲᠠᠯ᠎ᠠ ᠪᠠᠷ ᠨᠠᠩ ᠴᠢᠩᠭ᠎ᠠ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠨᠠᠩ ᠪᠣᠳᠠᠲᠠᠢ ᠪᠠᠶᠢᠬᠤ ᠶᠢ ᠪᠡᠶᠡᠯᠡᠭᠦᠯᠵᠦ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠰᠠᠶᠢᠨ ᠡᠬᠢᠯᠡᠯᠲᠡ ᠲᠠᠢ ᠪᠣᠯᠭᠠᠬᠤ ᠪᠠᠷ ᠴᠢᠷᠮᠠᠶᠢᠵᠤ᠂ ᠠᠮᠤᠷ ᠲᠦᠪᠰᠢᠨ ᠦᠢᠯᠡᠳᠪᠦᠷᠢᠯᠡᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠲᠤᠯᠠᠭ᠎ᠠ ᠶᠢ ᠬᠠᠩᠭᠠᠬᠤ ᠬᠡᠷᠡᠭᠳᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号