ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠤᠤᠯ ᠨᠢ 2020 ᠣᠨ ᠤ 2 ᠳ᠋ᠤᠭᠠᠷ ᠰᠠᠷ᠎ᠠ ᠳᠤ ᠥᠪᠥᠷ ᠮᠣᠩᠭᠤᠯ ᠳᠤ ᠶᠠᠪᠤᠭᠳᠠᠬᠤ ᠪᠠᠷ ᠪᠠᠶᠢᠭᠰᠠᠨ | ᠶᠤᠮ᠃ ᠬᠢᠵᠢᠭ ᠤᠨ ᠨᠥᠯᠥᠭᠡ ᠠᠴᠠ ᠪᠤᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ | 2024 ᠣᠨ ᠤ 2 ᠳ᠋ᠤᠭᠠᠷ ᠰᠠᠷ᠎ᠠ ᠶᠢᠨ 17 ᠤ ᠡᠳᠦᠷ ᠠᠴᠠ 27 ᠤ ᠡᠳᠦᠷ ᠪᠣᠯᠲᠠᠯ᠎ᠠ ᠡᠷᠬᠢᠯᠡᠬᠦ ᠪᠠᠷ ᠪᠤᠯᠪᠠ᠃ | ᠨᠢᠭᠡ ᠵᠢᠯ ᠤᠨ ᠣᠶ ᠶᠢ ᠲᠣᠩᠭᠤᠷᠤᠤ ᠲᠣᠭᠠᠯᠠᠬᠤ ᠠᠵᠢᠯᠯᠠᠭ᠎ᠠ ᠶᠠᠪᠤᠭᠳᠠᠬᠤ ᠶᠢ ᠳᠠᠭᠠᠯᠳᠤᠨ᠂ ᠡᠯ᠎ᠡ ᠵᠦᠢᠯ ᠤᠨ | ᠪᠡᠯᠡᠳᠬᠡᠯ ᠠᠵᠢᠯ ᠨᠢᠭᠡᠨᠲᠡ ᠵᠠᠩᠭᠢᠯᠠᠭ᠎ᠠ ᠶᠢᠨ ᠴᠠᠭ ᠦᠶ᠎ᠡ ᠳᠤ ᠤᠷᠤᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠤ ᠨᠡᠶᠢᠲᠡ 8 ᠶᠡᠭᠡ ᠲᠥᠷᠥᠯ ᠵᠦᠢᠯ 16 ᠬᠤᠪᠢᠶᠠᠷᠢ ᠲᠥᠷᠥᠯ ᠵᠦᠢᠯ 176 ᠪᠠᠭ᠎ᠠ ᠲᠥᠷᠥᠯ | ᠵᠦᠢᠯ ᠢ ᠲᠣᠬᠢᠷᠠᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠨᠢ ︽ᠪᠣᠬᠢᠷᠳᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡᠲᠡᠢ᠂ ᠠᠷᠢᠭᠤᠨ | ᠴᠢᠬᠡᠴᠢ︾ ᠪᠠᠶᠢᠬᠤ ᠤᠷᠤᠯᠳᠤᠭᠠᠨ ᠤ ᠣᠨᠣᠯᠵᠢᠬᠤᠨ ᠢ ᠪᠠᠷᠢᠮᠲᠠᠯᠠᠵᠤ᠂ ᠣᠲᠣ ᠶᠢᠨ ᠪᠠᠶᠢᠭ᠎ᠠ ᠲᠠᠯᠠᠪᠤᠷ | ᠲᠥᠬᠦᠭᠡᠷᠦᠮᠵᠢ ᠶᠢ ᠭᠦᠢᠴᠡᠳ ᠠᠰᠢᠭᠯᠠᠪᠠ᠃ ᠬᠥᠯᠥᠨ ᠪᠤᠶᠢᠷ᠂ ᠤᠯᠠᠭᠠᠨᠬᠠᠳᠠ᠂ ᠤᠯᠠᠭᠠᠨᠴᠠᠪ ᠵᠡᠷᠭᠡ ᠭᠠᠵᠠᠷ ᠤᠨ | ᠬᠢᠨ ᠵᠣᠩᠬᠢᠯᠠᠬᠤ ᠣᠯᠠᠨ ᠲᠣᠭᠠᠨ ᠤ ᠲᠥᠷᠥᠯ ᠵᠦᠢᠯ ᠤᠨ ᠤᠷᠤᠯᠳᠤᠭᠠᠨ ᠢ ᠳᠠᠭᠠᠭᠠᠴᠢᠯᠠᠨ ᠡᠷᠭᠢᠯᠡᠨ᠎ᠡ︔ ᠴᠢᠷᠭ᠎ᠠ᠂ | ᠴᠠᠰᠤᠨ ᠲᠡᠷᠭᠡ ᠵᠡᠷᠭᠡ ᠤᠷᠤᠯᠳᠤᠭᠠᠨ ᠡᠷᠭᠢᠯᠡᠬᠦ ᠨᠥᠬᠦᠴᠡᠯ ᠦᠭᠡᠢ ᠲᠥᠷᠥᠯ ᠵᠦᠢᠯ ᠳᠤ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯᠠᠪᠠᠶ ᠣᠷᠳᠣᠨ ᠢ ᠢᠳᠡᠪᠬᠢᠲᠡᠢ ᠠᠰᠢᠭᠯᠠᠨ᠎ᠠ᠃ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠩᠬ᠎ᠠ ᠤᠳᠠᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ | ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ ᠪᠡᠶ᠎ᠡ ᠶᠢᠨ ᠲᠠᠮᠢᠷ ᠤᠨ | ᠴᠢᠳᠠᠪᠤᠷᠢ ᠶᠢ ᠵᠥᠪᠰᠢᠶᠡᠷᠡᠬᠦ ᠰᠢᠯᠭᠠᠯᠲᠠ ᠶᠢ ᠪᠠᠶᠢᠷᠢᠯᠠᠭᠤᠯᠵᠤ᠂ ᠠᠳᠠᠯᠢ ᠪᠤᠰᠤ ᠤᠷᠤᠯᠳᠤᠭᠠᠨ ᠤ ᠣᠨᠴᠠᠯᠢᠭ ᠢ | ᠦᠨᠳᠦᠰᠦᠯᠡᠨ ᠪᠡᠶ᠎ᠡ ᠶᠢᠨ ᠲᠠᠮᠢᠷ ᠤᠨ ᠴᠢᠳᠠᠪᠤᠷᠢ ᠶᠢᠨ ᠰᠢᠯᠭᠠᠯᠲᠠ ᠶᠢᠨ ᠠᠭᠤᠯᠭ᠎ᠠ᠂ ᠪᠠᠷᠢᠮᠵᠢᠶ᠎ᠠ᠂ ᠠᠷᠭ᠎ᠠ ᠮᠠᠶ᠋ᠢᠭ | ᠵᠡᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠭᠰᠠᠨ ᠪᠠᠶᠢᠨ᠎ᠠ᠃ ᠪᠡᠶ᠎ᠡ ᠶᠢᠨ ᠲᠠᠮᠢᠷ ᠤᠨ ᠴᠢᠳᠠᠪᠤᠷᠢ ᠶᠢᠨ | ᠰᠢᠯᠭᠠᠯᠲᠠ ᠳᠤ ᠬᠢᠷᠢ ᠲᠡᠩᠴᠡᠭᠰᠡᠨ ᠲᠠᠮᠢᠷᠴᠢᠨ ᠰᠠᠶ᠋ᠢ ᠤᠷᠤᠯᠳᠤᠭᠠᠨ ᠳᠤ ᠣᠷᠣᠯᠴᠠᠵᠤ ᠪᠣᠯᠣᠨ᠎ᠠ᠃ ᠲᠦᠷᠭᠡᠨ | ᠲᠡᠰᠢᠯᠲᠡ᠂ ᠴᠢᠯᠦᠭᠡᠲᠦ ᠮᠠᠶ᠋ᠢᠭ ᠤᠨ ᠴᠡᠨᠡᠯᠡᠯᠲᠡ ᠶᠢᠨ ᠬᠡᠢ ᠳᠡᠭᠡᠷᠡᠬᠢ ᠤᠷ᠎ᠠ ᠮᠡᠷᠭᠡᠵᠢᠯ ᠵᠡᠷᠭᠡ ᠤᠷᠤᠯᠳᠤᠭᠠᠨ ᠳᠤ | ᠬᠠᠮᠤᠭ ᠳᠣᠣᠷ᠎ᠠ ᠬᠢᠷᠢ ᠪᠦᠲᠦᠮᠵᠢ ᠪᠤᠶᠤ ᠬᠦᠴᠢᠷ ᠤᠨ ᠪᠠᠷᠢᠮᠵᠢᠶ᠎ᠠ ᠶᠢ ᠲᠣᠭᠲᠠᠭᠠᠵᠤ᠂ ᠪᠠᠷᠢᠮᠵᠢᠶ᠎ᠠ ᠳᠤ ᠬᠦᠷᠦᠭᠰᠡᠨ | ᠪᠥᠭᠡᠳ ᠬᠢᠷᠢ ᠬᠡᠮ ᠣᠯᠣᠭᠰᠠᠨ ᠲᠠᠮᠢᠷᠴᠢᠨ ᠰᠠᠶ᠋ᠢ ᠰᠢᠢᠳᠪᠦᠷᠢᠲᠦ ᠤᠷᠤᠯᠳᠤᠭᠠᠨ ᠳᠤ ᠣᠷᠣᠯᠴᠠᠵᠤ ᠪᠣᠯᠣᠨ᠎ᠠ᠃ | ᠡᠭᠦᠨ ᠤ ᠬᠠᠮᠳᠦ᠂ ᠲᠣᠰ ᠤᠳᠠᠭᠠᠨ ᠤ ᠤᠷᠤᠯᠳᠤᠭᠠᠨ ᠳᠤ ᠬᠥᠭᠡᠷᠦᠭᠦᠯᠬᠦ ᠡᠮ ᠢ ᠡᠰᠡᠷᠭᠦᠴᠡᠬᠦ ᠮᠡᠳᠡᠯᠭᠡ ᠶᠢᠨ | ᠰᠢᠯᠭᠠᠯᠲᠠ ᠶᠢ ᠠᠩᠬ᠎ᠠ ᠤᠳᠠᠭ᠎ᠠ ᠬᠢᠵᠦ᠂ ᠰᠢᠯᠭᠠᠯᠲᠠ ᠳᠤ ᠬᠢᠷᠢ ᠲᠡᠩᠴᠡᠭᠰᠡᠨ ᠲᠠᠮᠢᠷᠴᠢᠨ ᠰᠠᠶ᠋ᠢ ᠤᠷᠤᠯᠳᠤᠭᠠᠨ ᠳᠤ | ᠣᠷᠣᠯᠴᠠᠵᠤ᠂ ᠡᠯ᠎ᠡ ᠨᠢᠭᠡᠴᠡ ᠶᠢᠨ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠴᠢᠩᠭ᠎ᠠ ᠠᠳᠬᠤᠵᠤ ᠪᠣᠳᠠᠲᠠᠢ ᠪᠠᠷ | ᠠᠳᠬᠤᠬᠤ ᠤᠬᠠᠮᠰᠠᠷᠲᠤ ᠴᠢᠨᠠᠷ ᠢ ᠦᠨᠡᠨ ᠬᠦ ᠴᠢᠩᠭᠠᠷᠠᠭᠤᠯᠬᠤ ᠪᠤᠯᠤᠨ᠎ᠡ᠃ |