ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠡᠭᠦᠯᠴᠢ ᠶᠢᠨ ᠨᠢᠭᠡ ᠵᠢᠯ ᠤᠨ ᠤᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠯᠥᠨ ᠪᠤᠶᠢᠷ ᠲᠤ ᠶᠠᠪᠤᠭᠳᠠᠪᠠ
ᠨᠡᠶᠢᠲᠡᠯᠡᠭᠰᠡᠨ ᠴᠠᠭ᠄
2023/2/23
    2 ᠰᠠᠷ᠎ᠠ ᠶᠢᠨ 17 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠬᠦ ᠪᠤᠯᠳᠡᠯᠡᠬᠢ ᠰᠡᠭᠦᠯᠴᠢ ᠶᠢᠨ ᠨᠢᠭᠡ ᠵᠢᠯ ᠢ ᠲᠣᠩᠭᠤᠷᠤᠤ ᠲᠣᠭᠠᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠯᠥᠨ ᠪᠤᠶᠢᠷ ᠬᠤᠳᠠ  ᠳᠤ ᠶᠠᠪᠤᠭᠳᠠᠪᠠ᠃     ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠵᠤᠷᠭᠠᠨ ᠤ ᠳᠡᠳ᠋ ᠳᠠᠷᠤᠭ᠎ᠠ ᠳ᠋ᠢᠩ ᠲᠤᠸ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠦᠨᠳᠦᠰᠦᠨ ᠪᠠᠶᠢᠳᠠᠯ ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠭᠤᠣᠯ ᠵᠣᠷᠢᠯᠲᠠ ᠪᠠᠨ ᠨᠡᠶᠢᠲᠡᠯᠡᠪᠡ᠃ ᠲᠤᠬᠠᠢ ᠶᠢᠨ ᠲᠠᠯᠠᠪᠠᠶ ᠶᠢᠨ ᠰᠤᠷᠪᠤᠯᠵᠢᠯᠠᠭᠴᠢ ᠲᠠᠮᠢᠷᠴᠢᠳ ᠤᠨ ᠬᠦᠭᠡᠷᠦᠭᠯᠬᠦ ᠡᠮ ᠢ ᠡᠰᠡᠷᠭᠦᠴᠡᠬᠦ ᠮᠡᠳᠡᠯᠭᠡ ᠶᠢᠨ ᠰᠢᠯᠭᠠᠯᠲᠠ ᠳᠤ ᠣᠷᠤᠯᠴᠠᠬᠤ ᠵᠥᠪᠰᠢᠶᠡᠷᠡᠯ ᠤᠨ ᠪᠠᠷᠢᠮᠵᠢᠶ᠎ᠠ ᠪᠠ ᠬᠤᠯᠪᠣᠭᠳᠠᠯ ᠪᠦᠬᠦᠢ ᠱᠠᠭᠠᠷᠳᠠᠯᠭ᠎ᠠ᠂ ᠥᠪᠥᠷ ᠮᠣᠩᠭᠤᠯ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠳᠤ ᠬᠡᠷᠬᠢᠨ ᠪᠡᠯᠡᠳᠬᠡᠬᠦ᠂ ᠬᠥᠯᠥᠨ ᠪᠤᠶᠢᠷ ᠬᠤᠳᠠ ᠶᠢᠨ ᠣᠷᠳᠣᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠠᠰᠠᠭᠤᠯᠲᠠ ᠲᠤᠷᠠᠳᠪᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠳᠡᠳ᠋ ᠡᠷᠬᠢᠯᠡᠭᠴᠢ ᠶᠠᠨ ᠰᠢᠶᠣᠣ ᠵᠢᠤᠸᠠᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᡁᠢ ᠶᠸᠦ᠂ ᠬᠥᠯᠥᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠺᠤᠸᠠᠩ ᠵᠦᠸᠧ ᠰᠤᠷᠪᠤᠯᠵᠢᠯᠠᠭᠴᠢ ᠶᠢᠨ ᠠᠰᠠᠭᠤᠯᠳᠠ ᠶᠢ ᠨᠢᠭᠡᠳ ᠨᠢᠭᠡ ᠪᠠᠷ ᠬᠠᠷᠢᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号