| 2 ᠰᠠᠷ᠎ᠠ ᠶᠢᠨ 17 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ | ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠬᠦ ᠪᠤᠯᠳᠡᠯᠡᠬᠢ | ᠰᠡᠭᠦᠯᠴᠢ ᠶᠢᠨ ᠨᠢᠭᠡ ᠵᠢᠯ ᠢ ᠲᠣᠩᠭᠤᠷᠤᠤ ᠲᠣᠭᠠᠯᠠᠬᠤ ᠠᠵᠢᠯᠯᠠᠭ᠎ᠠ ᠬᠥᠯᠥᠨ ᠪᠤᠶᠢᠷ ᠬᠤᠲᠠ ᠳᠤ ᠶᠠᠪᠤᠭᠳᠠᠪᠠ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠯᠢ ᠶᠢᠩ ᠴᠤᠸᠠᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠡᠬᠢᠯᠡᠯᠲᠡ ᠶᠢᠨ | ᠶᠣᠰᠣᠯᠠᠯ ᠳᠤ ᠣᠷᠣᠯᠴᠠᠭᠰᠠᠨ ᠪᠥᠭᠡᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠬᠦ ᠪᠤᠯᠳᠡᠯᠡᠬᠢ ᠰᠡᠭᠦᠯᠴᠢ ᠶᠢᠨ ᠨᠢᠭᠡ ᠵᠢᠯ ᠢ ᠲᠤᠩᠭᠤᠷᠤᠤ | ᠲᠤᠭᠠᠯᠠᠬᠤ ᠭᠤᠣᠯ ᠰᠡᠳᠦᠪᠲᠦ ᠲᠣᠨᠣᠭᠯᠠᠯ ᠢ ᠬᠠᠮᠲᠤ ᠪᠠᠷ ᠲᠠᠷᠤᠵᠦ ᠡᠬᠢᠯᠡᠭᠦᠯᠪᠡ᠃ | ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠶᠠᠭᠰᠢ ᠬᠤᠳᠠ᠂ ᠵᠠᠯᠠᠨ ᠠᠶᠢᠯ ᠬᠤᠳᠠ ᠵᠡᠷᠭᠡ ᠲᠦᠷᠪᠡᠨ | ᠤᠷᠤᠯᠳᠤᠭᠠᠨ ᠤ ᠲᠣᠭᠤᠷᠢᠭ ᠲᠤ ᠨᠢᠭᠡ ᠵᠢᠯ ᠤᠨ ᠤᠢ ᠶᠢ ᠲᠣᠩᠭᠤᠷᠤᠤ ᠲᠣᠭᠠᠯᠠᠬᠤ ᠠᠵᠢᠯᠯᠠᠭ᠎ᠠ ᠶᠢ ᠵᠡᠷᠭᠡᠪᠡᠷ | ᠶᠠᠪᠤᠭᠳᠠᠭᠤᠯᠵᠤ᠂ ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠳᠡᠯᠭᠡᠨ | ᠦᠵᠡᠭᠦᠯᠬᠦ ᠪᠠᠷ ᠳᠠᠮᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠠᠵᠢᠯᠯᠠᠭ᠎ᠠ ᠳᠤ ᠬᠦᠴᠦ ᠨᠡᠮᠡᠷᠢᠯᠡᠵᠦ᠂ ᠦᠷᠨᠢᠭᠦᠨ ᠬᠦᠭᠵᠢᠭᠦᠨ ᠠᠭᠤᠷ | ᠠᠮᠢᠰᠬᠤᠯ ᠢ ᠪᠤᠢ ᠪᠣᠯᠭᠠᠪᠠ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠤᠬᠠᠭᠤᠯᠬᠤ ᠵᠤᠷᠭᠠᠨ ᠤ ᠳᠠᠷᠤᠭ᠎ᠠ ᠭᠤᠣ ᠴᠤᠤ᠂ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ | ᠵᠤᠷᠭᠠᠨ ᠤ ᠳᠡᠳ᠋ ᠳᠠᠷᠤᠭ᠎ᠠ ᠳ᠋ᠢᠩ ᠲᠤᠸ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠳᠡᠳ᠋ ᠡᠷᠬᠢᠯᠡᠭᠴᠢ ᠶᠠᠨ ᠰᠢᠶᠣᠣ ᠵᠢᠤᠸᠠᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠸᠠᠩ ᠵᠧᠩ ᠢᠦᠢ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠵᠢᠢ ᠶᠦᠩ ᠴᠢᠶᠠᠨ ᠵᠡᠷᠭᠡ ᠬᠠᠮᠢᠶ᠎ᠠ ᠪᠦᠬᠦᠢ ᠨᠥᠬᠦᠳ ᠠᠵᠢᠯᠯᠠᠭ᠎ᠠ ᠳᠤ ᠣᠷᠣᠯᠴᠠᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ | ᠪᠦᠸᠧ ᠵᠢᠶᠦ᠋ᠨ ᠡᠬᠢᠯᠡᠯᠳᠡ ᠶᠢᠨ ᠶᠤᠰᠤᠯᠠᠯ ᠢ ᠡᠷᠬᠢᠯᠡᠪᠡ᠃ |