2 ᠰᠠᠷ᠎ᠠ ᠶᠢᠨ 19 ᠤ ᠡᠳᠦᠷ᠂ ᠠᠯᠠᠱᠠ ᠠᠶᠢᠮᠠᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠷᠢᠰ | ᠠᠵᠢᠯᠯᠠᠭ᠎ᠠ ᠵᠢᠴᠢ ︽ᠬᠠᠰ ᠲᠠᠤᠯᠠᠢ ᠬᠤᠨᠳᠠᠭᠠᠲᠤ︾ ᠫᠢᠩᠫᠠᠩ ᠪᠥᠮᠪᠦᠭᠡ ᠶᠢᠨ ᠨᠥᠬᠦᠷᠯᠡᠯ ᠤᠨ ᠤᠷᠤᠯᠳᠤᠭᠠᠨ | ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠣᠷᠳᠣᠨ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠲᠤᠰ | ᠤᠳᠠᠭ᠎ᠠ ᠶᠢᠨ ᠤᠷᠤᠯᠳᠤᠭᠠᠨ ᠬᠤᠶᠠᠷ ᠡᠳᠦᠷ ᠶᠠᠪᠤᠭᠳᠠᠵᠤ᠂ ᠠᠯᠠᠱᠠ ᠠᠶᠢᠮᠠᠭ ᠤᠨ ᠡᠯ᠎ᠡ ᠬᠤᠰᠢᠭᠤ ᠲᠣᠭᠤᠷᠢᠭ᠂ ᠡᠯ᠎ᠡ | ᠫᠢᠩᠫᠠᠩ ᠪᠥᠮᠪᠦᠭᠡ ᠶᠢᠨ ᠺᠯᠦ᠋ᠪ ᠤᠨ 14 ᠲᠥᠯᠥᠭᠡᠯᠡᠭᠴᠢᠳ ᠤᠨ ᠠᠩᠭᠢ᠂ 100 ᠭᠠᠷᠤᠢ ᠫᠢᠩᠫᠠᠩ ᠪᠥᠮᠪᠦᠭᠡ ᠳᠤ | ᠪᠠᠭ᠋ᠠᠲᠠᠢ ᠬᠥᠮᠥᠰ ᠤᠷᠤᠯᠳᠤᠭᠠᠨ ᠳᠤ ᠣᠷᠣᠯᠴᠠᠵᠠᠢ᠃ | | ᠲᠤᠰ ᠤᠳᠠᠭ᠎ᠠ ᠶᠢᠨ ᠤᠷᠤᠯᠳᠤᠭᠠᠨ ᠢ ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠶᠡᠷᠦᠩᠬᠡᠢ | ᠨᠡᠶᠢᠭᠡᠮᠯᠢᠭ ᠠᠴᠠ ᠵᠢᠯᠤᠭᠤᠳᠴᠤ᠂ ᠠᠶᠢᠮᠠᠭ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ ᠠᠴᠠ | ᠭᠤᠣᠯᠯᠠᠨ ᠡᠷᠬᠢᠯᠡᠵᠦ᠂ ᠠᠶᠢᠮᠠᠭ ᠤᠨ ᠫᠢᠩᠫᠠᠩ ᠪᠦᠮᠪᠦᠭᠡ ᠶᠢᠨ ᠨᠡᠶᠢᠭᠡᠮᠯᠢᠭ ᠠᠴᠠ ᠲᠠᠭᠠᠭᠴᠢᠯᠠᠨ ᠡᠷᠬᠢᠯᠡᠪᠡ᠃ | ᠲᠤᠰ ᠬᠤᠭᠤᠴᠠᠭᠠᠨ ᠤ ᠤᠷᠤᠯᠳᠤᠭᠠᠨ ᠳᠤ ᠭᠠᠷᠮᠠᠭᠠᠢ ᠲᠠᠮᠢᠷᠴᠢᠨ ᠬᠤᠷᠠᠨ ᠴᠤᠭᠯᠠᠷᠠᠵᠤ᠂ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠤᠷᠤᠯᠳᠤᠭᠠᠨ ᠳᠤ ᠣᠷᠣᠯᠴᠠᠵᠤ᠂ ᠭᠤᠶᠢᠳᠠ ᠰᠠᠶᠢᠬᠠᠨ ᠪᠥᠮᠪᠥᠭᠡᠨ ᠮᠡᠷᠭᠡᠵᠢᠯ ᠢᠶᠠᠨ | ᠳᠡᠯᠭᠡᠨ ᠦᠵᠡᠭᠦᠯᠵᠦ᠂ ᠤᠷᠤᠯᠳᠤᠭᠠᠨ ᠤ ᠬᠠᠪᠤ ᠴᠡᠩᠭᠡᠯ ᠢ ᠡᠳ᠋ᠯᠡᠵᠦ ᠪᠠᠶᠢᠯ᠎ᠠ᠃ ᠫᠢᠩᠫᠠᠩ ᠪᠥᠮᠪᠦᠭᠡ ᠶᠢᠨ | ᠨᠥᠬᠦᠷᠯᠡᠯ ᠤᠨ ᠤᠷᠤᠯᠳᠤᠭᠠᠨ ᠡᠷᠬᠢᠯᠡᠬᠦ ᠪᠠᠷ ᠳᠡᠮᠵᠢᠨ᠂ ᠥᠷᠭᠡᠨ ᠣᠯᠠᠨ ᠪᠥᠮᠪᠥᠭᠡᠨ ᠨᠠᠶᠢᠵᠠ ᠨᠠᠷ ᠲᠤ ᠬᠠᠷᠢᠯᠴᠠᠨ | ᠰᠣᠯᠢᠯᠴᠠᠬᠤ᠂ ᠬᠠᠷᠢᠯᠴᠠᠨ ᠰᠤᠷᠤᠯᠴᠠᠬᠤ᠂ ᠨᠥᠬᠦᠷᠯᠡᠯ ᠢᠶᠠᠨ ᠵᠤᠵᠠᠭᠠᠳᠬᠠᠬᠤ᠂ ᠥᠪᠡᠷ ᠤᠨ ᠤᠷ᠎ᠠ ᠴᠢᠳᠠᠪᠤᠷᠢ ᠪᠠᠨ | ᠳᠡᠯᠭᠡᠨ ᠦᠵᠡᠭᠦᠯᠬᠦ ᠰᠠᠶᠢᠨ ᠰᠠᠶᠢᠬᠠᠨ ᠲᠠᠪᠴᠠᠩ ᠪᠠᠶᠢᠭᠤᠯᠵᠤ᠂ ᠫᠢᠩᠫᠠᠩ ᠪᠥᠮᠪᠥᠭᠡᠨ ᠳᠤ ᠪᠠᠭ᠋ᠠᠲᠠᠢ ᠥᠷᠭᠡᠨ ᠣᠯᠠᠨ | ᠬᠥᠮᠥᠰ ᠤᠨ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ | ᠲᠠᠮᠢᠷ ᠤᠨ ᠬᠥᠳᠡᠯᠭᠡᠭᠡᠨ ᠢᠶᠠᠷ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠲᠠᠮᠢᠷ ᠤᠨ ᠬᠥᠳᠡᠯᠭᠡᠭᠡᠨ ᠢᠶᠠᠷ ᠨᠠᠶᠢᠵᠠ | ᠪᠣᠯᠣᠯᠴᠠᠵᠤ᠂ ᠲᠠᠮᠢᠷ ᠤᠨ ᠬᠥᠳᠡᠯᠭᠡᠭᠡᠨ ᠢᠶᠠᠷ ᠴᠤᠭ ᠵᠢᠪᠬᠤᠭ᠎ᠠ ᠪᠠᠨ ᠢᠯᠡᠷᠡᠭᠦᠯᠬᠦ ᠶᠢᠨ ᠬᠠᠮᠲᠤ ︽ᠡᠳᠦᠷ ᠪᠦᠷᠢ | ᠨᠢᠭᠡ ᠴᠠᠭ ᠬᠥᠳᠡᠯᠭᠡᠭᠡᠨ ᠬᠢᠵᠦ᠂ ᠨᠢᠭᠡ ᠨᠠᠰᠤ ᠪᠠᠷ ᠢᠶᠠᠨ ᠡᠷᠡᠭᠦᠯ ᠮᠡᠨᠳᠦ ᠠᠮᠢᠳᠤᠷᠠᠬᠤ︾ ᠣᠶᠢᠯᠠᠭᠠᠭᠳᠠᠬᠤᠨ ᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠷᠡᠭᠦᠯ ᠡᠩᠬᠡ ᠠᠯᠠᠱᠠ ᠶᠢᠨ ᠪᠦᠲᠦᠭᠡᠨ ᠪᠠᠶᠢᠭᠤᠯᠤᠯᠲᠠ | ᠶᠢ ᠲᠦᠯᠬᠢᠨ ᠠᠬᠢᠭᠤᠯᠪᠠ᠃ | | | | |