ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ 2022 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/27
    2 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠨᠥᠬᠦᠷ ᠲᠣᠪᠴᠢᠶ᠎ᠠ ᠶᠢᠨ ᠰᠢᠰᠲ᠋ᠧᠮ ᠤᠨ 2022 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠣᠪᠴᠢᠶ᠎ᠠ ᠶᠢᠨ ᠰᠢᠰᠲ᠋ᠧᠮ ᠤᠨ 2022 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠡᠷᠭᠢᠴᠡᠭᠦᠯᠦᠨ ᠳ᠋ᠦᠩᠨᠡᠵᠦ᠂ 2023 ᠣᠨ ᠤ ᠠᠵᠢᠯ ᠢ ᠲᠥᠯᠥᠪᠵᠢᠭᠦᠯᠦᠨ ᠪᠠᠶᠢᠷᠢᠯᠠᠭᠤᠯᠤᠭᠰᠠᠨ ᠪᠥᠭᠡᠳ ᠲᠣᠪᠴᠢᠶ᠎ᠠ ᠶᠢᠨ ᠰᠢᠰᠲ᠋ᠥᠮ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠢ ᠰᠢᠯᠭᠠᠨ ᠦᠨᠡᠯᠡᠪᠡ᠃     ᠬᠤᠷᠠᠯ ᠠᠴᠠ᠂ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ︔ ᠬᠤᠶᠠᠷ ᠲᠤ᠂ ᠦᠵᠡᠯ ᠰᠠᠨᠠᠭᠠᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠭᠦᠨᠵᠡᠭᠡᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠬᠡᠷᠡᠭᠲᠡᠢ︔ ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠪᠠᠲᠤ ᠴᠢᠩᠭ᠎ᠠ ᠪᠠᠬᠢᠯᠡᠯᠲᠡ ᠶᠢ ᠪᠠᠶᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ︔ ᠳᠥᠷᠪᠡ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠳᠡᠪᠬᠢᠲᠡᠢ ᠠᠬᠢᠭᠤᠯᠵᠤ᠂ ︽ᠲᠦᠷᠪᠡᠨ ᠰᠤᠷᠲᠠᠯ︾  ᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠬᠤ ᠬᠡᠷᠡᠭᠲᠡᠢ︔ ᠲᠠᠪᠤ ᠳᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠨᠢᠭᠡᠴᠡ ᠶᠢ ᠡᠭᠦᠳᠦᠨ ᠪᠠᠶᠢᠭᠤᠯᠬᠤ ᠪᠠᠷ ᠬᠥᠲᠥᠯᠥᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃       ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠡᠷ ᠠᠵᠢᠯ ᠤᠨ ᠮᠡᠳᠡᠭᠦᠯᠦᠯᠲᠡ ᠶᠢᠨ ᠦᠨᠡᠯᠡᠯᠲᠡ ᠶᠢᠨ ᠰᠠᠨᠠᠯ ᠳᠤ ᠵᠢᠭᠠᠵᠤ ᠭᠠᠷᠭᠠᠭᠰᠠᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ᠂ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ᠂ ᠬᠠᠷᠠᠯᠲᠠ ᠪᠠᠷ ᠬᠥᠲᠥᠯᠥᠨ ᠳᠠᠭᠠᠭᠤᠯᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠳᠦᠷᠢᠮ ᠲᠣᠭᠲᠠᠭᠠᠯ ᠲᠣᠭᠲᠠᠭᠠᠬᠤ ᠪᠠ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠂ ᠵᠠᠯᠭᠠᠮᠵᠢᠯᠠᠬᠤ ᠪᠠ ᠰᠢᠨ᠎ᠡ ᠶᠢ ᠡᠭᠦᠳᠬᠦ︾ 5 ᠲᠠᠯ᠎ᠠ ᠶᠢᠨ ᠴᠢᠬᠤᠯᠠ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠲᠣᠪᠴᠢᠶ᠎ᠠ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠦᠬᠦ ᠭᠡᠰᠢᠭᠦᠨ᠂ ᠪᠠᠶᠢᠭᠤᠯᠭ᠎ᠠ ᠶᠢᠨ ᠡᠯ᠎ᠡ ᠨᠠᠮ ᠤᠨ ᠡᠭᠦᠷ ᠤᠨ ᠭᠤᠣᠯ ᠬᠠᠷᠢᠭᠤᠴᠠᠯᠭᠠᠲᠠᠨ ᠵᠢᠴᠢ ᠨᠠᠮ ᠤᠨ ᠠᠵᠢᠯ ᠤᠨ ᠠᠵᠢᠯᠲᠠᠨ᠂ ᠡᠯ᠎ᠡ ᠰᠢᠭᠤᠳ ᠬᠠᠷᠢᠶ᠎ᠠ ᠨᠢᠭᠡᠴᠡ ︵ᠡᠯ᠎ᠡ ᠲᠠᠮᠢᠷ ᠤᠨ ᠬᠥᠳᠡᠯᠭᠡᠭᠡᠨ ᠤ ᠲᠥᠪ ᠢ ᠪᠠᠭᠲᠠᠭᠠᠨ᠎ᠠ︶ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠨᠠᠮ ᠤᠨ ᠪᠠᠶᠢᠭᠤᠯᠤᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠨᠠᠮ ᠤᠨ ᠠᠵᠢᠯ ᠤᠨ ᠺᠠᠳ᠋ᠷ᠂ ᠲᠣᠪᠴᠢᠶ᠎ᠠ ᠶᠢᠨ ᠰᠢᠰᠲ᠋ᠧᠮ ᠤᠨ︽ᠬᠤᠶᠠᠷ ᠲᠥᠯᠥᠭᠡᠯᠡᠭᠴᠢ ᠨᠢᠭᠡ ᠭᠡᠰᠢᠭᠦᠨ︾ᠨᠠᠷ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号