ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ᠂ ᠯᠢ ᠺᠧ ᠴᠢᠶᠠᠩ ᠶᠡᠷᠦᠩᠬᠡᠢ ᠰᠠᠶᠢᠳ ᠤᠨ ᠠᠯᠠᠱᠠ | ᠵᠡᠭᠦᠨ ᠬᠤᠰᠢᠭᠤᠨ ᠤ ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ | ᠠᠭᠤᠷᠬᠠᠢ ᠶᠢᠨ ᠨᠤᠷᠠᠭᠰᠠᠨ ᠠᠳᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠰᠦᠨ | ᠱᠤᠤ ᠴᠧᠩ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ︽ᠥᠪᠡᠷᠲᠡᠭᠡᠨ ᠵᠠᠰᠠᠬᠤ ᠣᠷᠣᠨ ᠤ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ ᠳᠠᠷᠤᠶᠢᠬᠠᠨ ᠠᠮᠤᠷ ᠲᠦᠪᠰᠢᠨ ᠤ ᠭᠡᠮ | ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠬᠠᠢ ᠪᠠᠴᠢᠮ ᠮᠡᠳᠡᠭᠳᠡᠯ︾ ᠢ ᠤᠯᠠᠮᠵᠢᠯᠠᠨ | ᠰᠤᠷᠤᠯᠴᠠᠵᠦ᠂ ᠣᠶᠢᠷ᠎ᠠ ᠶᠢᠨ ᠬᠤᠭᠤᠴᠠᠭᠠᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ | ᠤᠨ ᠠᠵᠢᠯ ᠢ ᠪᠠᠶᠢᠷᠢᠯᠠᠭᠤᠯᠪᠠ᠃ | ᠬᠤᠷᠠᠯ ᠠᠴᠠ᠂ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠨᠤᠷᠠᠭᠰᠠᠨ ᠠᠳᠡᠯ ᠤᠨ | ᠬᠠᠷᠠᠰᠠᠯᠲᠤ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠤ᠂ ᠠᠮᠤᠷ ᠲᠦᠪᠰᠢᠨ ᠲᠣᠭᠲᠠᠭᠤᠨ ᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ | ᠪᠣᠯᠣᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠨᠢᠭᠡ ᠠᠴᠠ ᠨᠦᠬᠦᠭᠡ ᠶᠢ ᠵᠦᠢᠴᠢᠯᠡᠵᠦ᠂ ᠰᠣᠯᠪᠢᠴᠠᠨ ᠪᠠᠶᠢᠴᠠᠭᠠᠬᠤ ᠵᠡᠷᠭᠡ ᠠᠷᠭ᠎ᠠ | ᠬᠡᠯᠪᠡᠷᠢ ᠪᠠᠷ ᠪᠡᠶ᠎ᠡ ᠶᠢᠨ ᠲᠠᠮᠢᠷ ᠤᠨ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠳᠠᠷᠤᠶᠢᠬᠠᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠣᠪᠴᠢᠶ᠎ᠠ ᠶᠢᠨ | ᠰᠢᠰᠲ᠋ᠧᠮ ᠤᠨ ᠡᠯ᠎ᠡ ᠨᠢᠭᠡᠴᠡ ᠫᠤᠤᠳᠠᠯᠭ᠎ᠠ ᠶᠢᠨ ᠫᠤᠤ ᠵᠡᠪᠰᠡᠭ ᠰᠤᠮᠤ ᠳᠠᠷᠢ᠂ ᠵᠠᠬᠢᠳᠠᠯ ᠰᠣᠷᠪᠤᠯᠵᠢᠯᠠᠭ᠎ᠠ ᠶᠢᠨ ᠬᠦᠮᠦᠰ | ᠤᠨ ᠲᠣᠭᠲᠠᠭᠤᠨ ᠢ ᠬᠠᠮᠠᠭᠠᠯᠠᠬᠤ ᠵᠡᠷᠭᠡ ᠳᠤ ᠭᠤᠣᠯᠳᠠᠯᠭ᠎ᠠ ᠲᠠᠢ ᠪᠠᠷ ︽ᠡᠷᠬᠢᠨ ᠬᠠᠷᠠᠬᠤ︾ ᠠᠵᠢᠯ ᠬᠢᠵᠦ᠂ ᠪᠥᠬᠦ | ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠪᠡᠶ᠎ᠡ ᠶᠢᠨ ᠲᠠᠮᠢᠷ ᠤᠨ ᠬᠦᠷᠢᠶᠡᠨ ᠤ ᠠᠮᠤᠷ ᠲᠦᠪᠰᠢᠨ | ᠲᠣᠭᠲᠠᠭᠤᠨ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ | ᠬᠤᠷᠠᠯ ᠳᠤ ᠰᠤᠯᠠ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢ ᡁᠢ ᠶᠢᠦ᠂ ᠵᠠᠩ ᡁᠢ᠂ ᠯᠢᠦ ᠬᠤ᠋ ᠴᠧᠩ᠂ | ᠪᠠᠶᠢᠭᠤᠯᠭ᠎ᠠ ᠶᠢᠨ ᠡᠯ᠎ᠡ ᠭᠠᠵᠠᠷ ᠭᠡᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ |