ᠦᠰᠦᠭ ᠪᠢᠴᠢᠭ ᠤᠨ ᠲᠡᠶᠢᠯᠦᠮᠵᠢ᠄ ᠰᠤᠷᠭᠠᠭᠤᠯᠢ ᠳᠤ ᠲᠠᠰᠬᠠᠯᠵᠢᠭᠤᠯᠤᠭᠴᠢ ᠶᠢᠨ ᠠᠵᠢᠯ ᠤᠨ ᠪᠠᠶᠢᠷᠢ ᠭᠠᠷᠭᠠᠬᠤ ᠲᠤᠬᠠᠢ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2023/3/10
    ᠨᠢᠭᠡ᠂ ᠵᠢᠯᠤᠭᠤᠳᠬᠤ ᠦᠵᠡᠯ ᠰᠠᠨᠠᠭ᠎ᠠ     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠳᠤ ᠦᠢᠯᠡᠴᠢᠯᠡᠬᠦ᠂ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠰᠤᠷᠭᠠᠭᠤᠯᠢ ᠳᠤ ᠠᠵᠢᠯᠯᠠᠵᠤ ᠪᠠᠶᠢᠭ᠎ᠠ ᠲᠠᠰᠬᠠᠯᠵᠢᠭᠤᠯᠤᠭᠴᠢ     ︵ᠳᠣᠷᠣᠭᠰᠢ ︽ᠰᠤᠷᠭᠠᠭᠤᠯᠢ ᠶᠢᠨ ᠲᠠᠰᠬᠠᠯᠵᠢᠭᠤᠯᠤᠭᠴᠢ︾ ᠭᠡᠵᠦ ᠲᠣᠪᠴᠢᠯᠠᠨ᠎ᠠ︶ ᠪᠠᠷ ᠳᠠᠮᠵᠢᠭᠤᠯᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠬᠦᠴᠦᠨ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠪᠠᠶᠠᠷ ᠴᠡᠩᠭᠡᠯ ᠢ ᠡᠳ᠋ᠯᠡᠬᠦ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠬᠥᠮᠥᠨ ᠴᠢᠨᠠᠷ ᠢ ᠨᠢ ᠪᠦᠷᠢᠨᠰᠢᠭᠦᠯᠬᠦ᠂ ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠬᠤ ᠳᠤᠨᠢ ᠬᠠᠪᠰᠤᠷᠴᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃     ᠬᠤᠶᠠᠷ᠂ ᠬᠡᠷᠡᠭᠯᠡᠬᠦ ᠬᠡᠪᠴᠢᠶ᠎ᠡ    ᠲᠤᠰ ᠰᠠᠨᠠᠯ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠩ ᠤᠨ ᠳᠡᠭᠡᠳᠦ ᠰᠤᠷᠭᠠᠭᠤᠯᠢ ᠳᠤ ᠬᠡᠷᠡᠭᠯᠡᠨ᠎ᠡ᠃     ᠭᠤᠷᠪᠠ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ     ᠰᠤᠷᠭᠠᠭᠤᠯᠢ ᠨᠤᠭᠤᠳ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠤᠰᠬᠠᠢ ︵ᠬᠠᠪᠰᠤᠷᠭᠠᠭᠰᠠᠨ︶ ᠲᠤᠰᠢᠶᠠᠯ ᠤᠨ ᠲᠠᠰᠬᠠᠯᠵᠢᠭᠤᠯᠤᠭᠴᠢ ᠶᠢᠨ ᠠᠵᠢᠯ ᠤᠨ ᠪᠠᠶᠢᠷᠢ ᠭᠠᠷᠭᠠᠵᠤ ᠪᠣᠯᠣᠨ᠎ᠠ᠃ ᠨᠥᠬᠦᠴᠡᠯ ᠲᠠᠢ ᠭᠠᠵᠠᠷ ᠣᠷᠣᠨ ᠨᠢ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠪᠠᠶᠢᠭᠤᠯᠤᠮᠵᠢ ᠵᠡᠷᠭᠡ ᠨᠡᠶᠢᠭᠡᠮ ᠤᠨ ᠬᠦᠴᠦᠨ ᠲᠠᠢ ᠬᠠᠮᠲᠤᠷᠠᠨ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠢᠯᠡᠴᠢᠯᠡᠭᠡ ᠬᠠᠩᠭᠠᠵᠤ᠂ ᠪᠡᠶ᠎ᠡ ᠶᠢᠨ ᠲᠠᠮᠢᠷ ᠤᠨ ᠪᠠᠭᠰᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠠᠮᠳᠠᠭᠤᠯᠵᠤ ᠪᠣᠯᠣᠨ᠎ᠠ᠃ ᠦᠨᠡᠬᠡᠷ ᠲᠤᠰᠬᠠᠢ ᠲᠤᠰᠢᠶᠠᠯᠲᠤ ᠲᠠᠰᠬᠠᠯᠵᠢᠭᠤᠯᠤᠭᠴᠢ ᠶᠢᠨ ᠠᠵᠢᠯ ᠤᠨ ᠪᠠᠶᠢᠷᠢ ᠭᠠᠷᠭᠠᠬᠤ ᠴᠢᠬᠤᠯᠠᠲᠠᠢ ᠰᠤᠷᠭᠠᠭᠤᠯᠢ ᠶᠢ ᠬᠢᠨᠠᠨ ᠲᠣᠭᠲᠠᠭᠠᠭᠰᠠᠨ ᠣᠷᠣᠨ ᠲᠤᠭ᠎ᠠ ᠪᠠ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶ᠎ᠡ ᠵᠢᠴᠢ ᠪᠦᠲᠦᠴᠡ ᠶᠢᠨ ᠬᠠᠷᠢᠴᠠᠯ ᠤᠨ ᠳᠣᠲᠣᠷ᠎ᠠ ᠪᠠᠶᠢᠷᠢᠯᠠᠭᠤᠯᠵᠤ᠂ ᠲᠤᠰᠬᠠᠢ ᠠᠵᠢᠯ ᠤᠨ ᠪᠠᠶᠢᠷᠢ ᠶᠢ ᠲᠤᠰᠬᠠᠢ ᠬᠡᠷᠡᠭᠯᠡᠵᠦ᠂ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠣᠷᠣᠭᠤᠯᠤᠨ ᠬᠠᠮᠢᠶᠠᠷᠬᠤ ᠬᠡᠷᠡᠭᠲᠡᠢ᠃     ᠰᠤᠷᠭᠠᠭᠤᠯᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶᠠᠷᠴᠤ ᠪᠠᠶᠢᠭ᠎ᠠ ᠰᠤᠷᠭᠠᠭᠤᠯᠢ ᠶᠢᠨ ᠢᠶᠠᠨ ᠲᠠᠰᠬᠠᠯᠵᠢᠭᠤᠯᠤᠭᠴᠢ ᠶᠢᠨ ᠠᠵᠢᠯ ᠤᠨ ᠪᠠᠶᠢᠷᠢ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠨᠢᠭᠡᠳᠦᠯᠲᠡᠢ ᠬᠠᠮᠢᠶᠠᠷᠤᠨ ᠬᠡᠷᠡᠭᠯᠡᠵᠦ ᠪᠣᠯᠣᠨ᠎ᠠ᠃     ᠡᠯ᠎ᠡ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶ᠎ᠡ ᠵᠢᠴᠢ ᠪᠦᠲᠦᠴᠡ ᠶᠢᠨ ᠬᠠᠷᠢᠴᠠᠯ ᠤᠨ ᠲᠠᠯ᠎ᠠ ᠪᠠᠷ ᠳᠡᠮᠵᠢᠯᠭᠡ ᠬᠠᠩᠭᠠᠨ᠎ᠠ᠃     ᠳᠥᠷᠪᠡ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ     ᠰᠤᠷᠭᠠᠭᠤᠯᠢ ᠶᠢᠨ ᠲᠠᠰᠬᠠᠯᠵᠢᠭᠤᠯᠤᠭᠴᠢ ᠨᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠲᠥᠯᠥᠪᠯᠡᠭᠡ ᠶᠣᠰᠣᠭᠠᠷ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠪᠠᠨ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠪᠠ ᠪᠣᠯᠪᠠᠰᠤᠷᠠᠯ ᠤᠨ ᠠᠵᠢᠯ ᠳᠤ ᠣᠷᠣᠯᠴᠠᠨ᠎ᠠ᠃ ᠭᠤᠣᠯᠳᠠᠭᠤ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠤᠰᠬᠠᠢ ᠵᠦᠢᠯ ᠤᠨ ᠤᠷ᠎ᠠ ᠴᠢᠳᠠᠪᠤᠷᠢ᠂ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠪᠠ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠰᠣᠩᠭᠤᠨ ᠬᠦᠮᠦᠵᠢᠬᠦᠯᠬᠦ ᠠᠵᠢᠯ ᠢ ᠡᠭᠦᠷᠭᠡᠯᠡᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠩᠭᠢ ᠶᠢᠨ ᠪᠣᠯᠪᠠᠰᠤᠷᠠᠯ ᠤᠨ ᠤᠷᠤᠯᠳᠤᠭᠠᠨ ᠤ ᠬᠠᠮᠢᠶᠠᠷᠤᠯᠲᠠ᠂ ᠪᠡᠶ᠎ᠡ ᠶᠢᠨ ᠲᠠᠮᠢᠷ ᠤᠨ ᠭᠡᠮᠲᠦᠯ ᠢ ᠰᠡᠷᠭᠡᠶᠢᠯᠡᠨ ᠡᠷᠡᠭᠦᠯᠵᠢᠭᠦᠯᠬᠦ ᠵᠡᠷᠭᠡ ᠮᠡᠳᠡᠯᠭᠡ ᠴᠢᠳᠠᠪᠤᠷᠢ ᠤᠯᠠᠮᠵᠢᠯᠠᠬᠤ ᠵᠢᠴᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠪᠡᠶ᠎ᠡ ᠶᠢᠨ ᠲᠠᠮᠢᠷ ᠤᠨ ᠺᠯᠦ᠋ᠪ ᠤᠨ ᠪᠠᠶᠢᠭᠤᠯᠤᠯᠲᠠ ᠬᠠᠮᠢᠶᠠᠷᠤᠯᠳᠠ ᠵᠡᠷᠭᠡ ᠠᠵᠢᠯ ᠢ ᠬᠠᠷᠢᠭᠤᠴᠠᠨ᠎ᠠ᠃     ᠲᠠᠪᠤ᠂ ᠮᠡᠷᠭᠡᠵᠢᠯ ᠤᠨ ᠴᠣᠯᠠ ᠶᠢᠨ ᠰᠢᠰᠲ᠋ᠧᠮ     ᠰᠤᠷᠭᠠᠭᠤᠯᠢ ᠶᠢᠨ ᠲᠠᠰᠬᠠᠯᠵᠢᠭᠤᠯᠤᠭᠴᠢ ᠶᠢᠨ ᠮᠡᠷᠭᠡᠵᠢᠯ ᠤᠨ ᠴᠣᠯᠠ ᠶᠢᠨ ᠲᠠᠰ ᠳᠠᠪᠬᠤᠷᠭ᠎ᠠ᠂ ᠠᠵᠢᠯ ᠤᠨ ᠪᠠᠶᠢᠷᠢ ᠶᠢᠨ ᠲᠠᠰ ᠪᠠ ᠦᠨᠡᠯᠡᠬᠦ ᠪᠠᠷᠢᠮᠵᠢᠶ᠎ᠠ ᠶᠢ ︽ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠵᠢᠯᠤᠭᠤᠳᠬᠤ ᠰᠠᠨᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2020﹈ 76 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠰᠤᠷᠭᠠᠭᠤᠯᠢ ᠶᠢᠨ ᠲᠠᠰᠬᠠᠯᠵᠢᠭᠤᠯᠤᠭᠴᠢ ᠶᠢᠨ ᠪᠠᠭᠰᠢᠯᠠᠵᠤ ᠪᠠᠶᠢᠭ᠎ᠠ ᠬᠤᠭᠤᠴᠠᠭᠠᠨ ᠳᠤ᠂ ᠰᠣᠷᠣᠭᠴᠢ ᠶᠢᠨ ᠪᠡᠶ᠎ᠡ ᠮᠠᠬᠠᠪᠤᠳ ᠪᠠ ᠬᠥᠳᠡᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠳᠠᠯ᠂ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠦᠭᠰᠡᠨ ᠪᠠᠶᠢᠳᠠᠯ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠠᠶᠢᠳᠠᠯ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠠᠮᠢᠶᠠᠷᠤᠯᠲᠠ ᠶᠢᠨ ᠪᠠᠶᠢᠳᠠᠯ ᠵᠡᠷᠭᠡ ᠶᠢ ᠴᠥᠮ ᠲᠡᠭᠦᠨ ᠤ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠶᠢᠨ ᠪᠦᠲᠦᠮᠵᠢᠲᠡᠶ ᠠᠮᠵᠢᠯᠲᠠ ᠪᠦᠲᠦᠮᠵᠢ ᠪᠣᠯᠭᠠᠵᠤ ᠪᠣᠯᠣᠨ᠎ᠠ᠃     ᠵᠢᠷᠭᠤᠭ᠎ᠠ᠂ ᠲᠤᠰᠢᠶᠠᠯ ᠡᠭᠦᠷᠭᠡᠯᠡᠬᠦ ᠨᠥᠬᠦᠴᠡᠯ     ᠰᠤᠷᠭᠠᠭᠤᠯᠢ ᠶᠢᠨ ᠲᠠᠰᠬᠠᠯᠵᠢᠭᠤᠯᠤᠭᠴᠢ ᠳᠣᠣᠷᠠᠬᠢ ᠦᠨᠳᠦᠰᠦᠨ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄     ︵ᠨᠢᠭᠡ︶ ᠦᠵᠡᠯ ᠰᠠᠨᠠᠭ᠎ᠠ ᠤᠯᠤᠰ ᠲᠦᠷᠦ ᠶᠢᠨ ᠰᠢᠯᠢᠳᠡᠭ ᠰᠠᠶᠢᠨ ᠬᠡᠪ ᠴᠢᠨᠠᠷ ᠪᠠ ᠶᠣᠰᠣ ᠮᠣᠷᠠᠯ ᠵᠠᠩ ᠴᠢᠨᠠᠷ ᠲᠠᠢ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ ᠢ ᠵᠢᠷᠤᠮᠯᠠᠨ ᠰᠠᠬᠢᠵᠤ᠂ ᠪᠡᠶ᠎ᠡ ᠮᠠᠬᠠᠪᠤᠳ ᠰᠡᠳᠬᠢᠯ ᠰᠠᠨᠠᠭᠠᠨ ᠤ ᠡᠷᠡᠭᠦᠯ ᠮᠡᠡᠳᠦ᠂ ᠬᠥᠳᠡᠯᠦᠯ ᠪᠠᠷᠢᠯ ᠨᠢ ᠪᠣᠯᠪᠠᠰᠤᠨ ᠪᠠᠶᠢᠬᠤ ᠬᠡᠷᠡᠭᠳᠡᠢ᠃     ︵ᠬᠤᠶᠠᠷ︶ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠵᠤ᠂ ᠬᠥᠮᠥᠨ ᠳᠤ ᠬᠡᠪ ᠳᠠᠭᠤᠷᠢᠶᠠᠯ ᠪᠣᠯᠵᠤ᠂ ᠰᠤᠷᠤᠭᠴᠢᠳ ᠢ ᠬᠠᠯᠠᠮᠵᠢᠯᠠᠨ ᠬᠠᠶᠢᠷᠠᠯᠠᠵᠤ᠂ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠰᠤᠷᠤᠭᠴᠢᠳ ᠤᠨ ᠦᠰᠦᠨ ᠪᠣᠶᠢᠵᠢᠬᠤ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ᠃     ︵ᠭᠤᠷᠪᠠ︶ ᠪᠡᠶ᠎ᠡ ᠶᠢᠨ ᠲᠠᠮᠢᠷ ᠤᠨ ᠦᠢᠯᠡᠰ ᠲᠤ ᠬᠠᠶᠢᠷᠠᠲᠠᠢ ᠪᠠᠶᠢᠵᠤ᠂ ᠵᠣᠬᠢᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠤᠷᠤᠯᠳᠤᠭᠠᠨ ᠤ ᠳᠦᠷᠢᠮ ᠲᠣᠭᠲᠠᠭᠠᠯ ᠵᠢᠴᠢ ᠲᠡᠰᠦᠯᠦᠨ ᠲᠣᠭᠲᠠᠭᠠᠬᠤ ᠳᠦᠷᠢᠮ ᠢ ᠣᠶᠢᠯᠠᠭᠠᠵᠤ᠂ ᠵᠣᠬᠢᠬᠤ ᠨᠠᠰᠤᠨ ᠤ ᠱᠠᠲᠤᠨ ᠤ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠮᠠᠬᠠᠪᠤᠳ᠂ ᠰᠡᠳᠬᠢᠴᠡ ᠶᠢᠨ ᠣᠨᠴᠠᠯᠢᠭ ᠢ ᠰᠠᠶᠢᠨ ᠮᠡᠳᠡᠬᠦ ᠬᠡᠷᠡᠭᠲᠡᠢ᠃     ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠢ ᠠᠵᠢᠯ ᠤᠨ ᠪᠠᠶᠢᠷᠢ ᠶᠢᠨ ᠲᠤᠰᠢᠶᠠᠯ ᠡᠭᠦᠷᠭᠡᠯᠡᠬᠦ ᠨᠥᠬᠦᠴᠡᠯ ᠢ ᠲᠣᠭᠲᠠᠭᠠᠵᠤ᠂ ᠣᠷᠣᠬᠤ ᠪᠣᠭᠤᠮᠲᠠ ᠶᠢ ᠴᠢᠩᠭ᠎ᠠ ᠠᠳᠬᠤᠨ᠎ᠡ᠃     ᠳᠣᠯᠤᠭ᠎ᠠ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ     ︵ᠨᠢᠭᠡ︶ ᠰᠤᠷᠭᠠᠭᠤᠯᠢ ᠨᠤᠭᠤᠳ ᠣᠲᠣ ᠶᠢᠨ ᠪᠠᠶᠢᠭ᠎ᠠ ᠲᠣᠭᠲᠠᠭᠠᠭᠰᠠᠨ ᠲᠠᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ ᠰᠤᠷᠭᠠᠭᠤᠯᠢ ᠶᠢᠨ ᠲᠠᠰᠬᠠᠯᠵᠢᠭᠤᠯᠤᠭᠴᠢ ᠶᠢᠨ ᠠᠵᠢᠯ ᠤᠨ ᠪᠠᠶᠢᠷᠢ ᠲᠣᠬᠢᠷᠠᠭᠤᠯᠬᠤ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠬᠡᠷᠡᠭᠴᠡᠭᠡ ᠪᠠᠷ ᠨᠢ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠤᠷᠢᠬᠤ᠂ ᠰᠢᠯᠢᠳᠡᠭ ᠢ ᠨᠢ ᠰᠣᠩᠭᠤᠵᠤ ᠤᠷᠢᠨ ᠬᠡᠷᠡᠭᠯᠡᠬᠦ ᠵᠠᠷᠴᠢᠮ ᠢ ᠦᠨᠳᠦᠰᠦᠯᠡᠨ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠠᠵᠢᠯ ᠢ ᠥᠷᠨᠢᠭᠦᠯᠬᠦ ᠬᠡᠷᠡᠭᠲᠡᠢ᠃     ︵ᠬᠤᠶᠠᠷ︶ ᠡᠯ᠎ᠡ ᠭᠠᠵᠠᠷ ᠨᠢ ᠵᠣᠬᠢᠬᠤ ᠲᠤᠭ᠎ᠠ ᠬᠡᠮᠵᠢᠶᠡᠨ ᠤ ᠰᠤᠷᠭᠠᠭᠤᠯᠢ ᠶᠢᠨ ᠲᠠᠰᠬᠠᠯᠵᠢᠭᠤᠯᠤᠭᠴᠢ ᠶᠢᠨ ᠠᠵᠢᠯ ᠤᠨ ᠪᠠᠶᠢᠷᠢ ᠭᠠᠷᠭᠠᠵᠤ ᠨᠢᠭᠡᠳᠦᠭᠡᠷ ᠳᠡᠰ ᠵᠢᠴᠢ ᠲᠡᠭᠦᠨ ᠠᠴᠠ ᠳᠡᠭᠡᠭᠰᠢᠬᠢ ᠲᠠᠮᠢᠷᠴᠢᠳ ᠤᠨ ᠮᠡᠷᠭᠡᠵᠢᠯ ᠤᠨ ᠲᠠᠰ ᠢ ᠣᠯᠣᠭᠰᠠᠨ ᠬᠠᠯᠠᠭᠳᠠᠭᠰᠠᠨ ᠲᠠᠮᠢᠷᠴᠢᠳ ᠢ ᠢᠯᠡ ᠪᠠᠷ ᠤᠷᠢᠨ ᠬᠡᠷᠡᠭᠯᠡᠵᠦ ᠪᠣᠯᠣᠨ᠎ᠠ᠃     ︵ᠭᠤᠷᠪᠠ︶ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠢ ᠴᠡᠷᠢᠭ ᠤᠨ ᠠᠯᠪᠠ ᠠᠴᠠ ᠬᠠᠯᠠᠭᠳᠠᠭᠰᠠᠨ ᠲᠠᠮᠢᠷᠴᠢᠳ ᠤᠨ ᠬᠡᠯᠪᠡᠷᠢ ᠪᠠᠨ ᠬᠤᠪᠢᠷᠠᠭᠤᠯᠬᠤ ᠰᠤᠷᠭᠠᠭᠤᠯᠢ ᠶᠢᠨ ᠲᠠᠰᠬᠠᠯᠵᠢᠭᠤᠯᠤᠭᠴᠢ ᠶᠢᠨ ᠪᠤᠯᠪᠠᠰᠤᠷᠠᠯ ᠤᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠭᠤᠯᠢ ᠶᠢᠨ ᠲᠠᠰᠬᠠᠯᠵᠢᠭᠤᠯᠤᠭᠴᠢ ᠶᠢᠨ ᠠᠵᠢᠯ ᠳᠤ ᠣᠷᠣᠭᠰᠠᠨ ᠤ ᠳᠠᠷᠠᠭ᠎ᠠ ᠦᠵᠡᠯ ᠰᠠᠨᠠᠭ᠎ᠠ ᠤᠯᠤᠰ ᠲᠥᠷᠥ᠂ ᠠᠵᠢᠯ ᠮᠡᠷᠭᠡᠵᠢᠯ ᠤᠨ ᠶᠣᠰᠣ ᠮᠣᠷᠠᠯ ᠪᠠ ᠵᠢᠭᠠᠨ ᠰᠤᠷᠭᠠᠬᠤ ᠪᠤᠯᠪᠠᠰᠤᠷᠠᠯ ᠢ ᠴᠢᠩᠭᠠᠳᠬᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ︵ᠳᠥᠷᠪᠡ︶ ᠰᠤᠷᠭᠠᠭᠤᠯᠢ ᠶᠢᠨ ᠲᠠᠰᠬᠠᠯᠵᠢᠭᠤᠯᠤᠭᠴᠢ ᠨᠢ ᠪᠠᠭᠰᠢ ᠶᠢᠨ ᠬᠢᠷᠢ ᠬᠡᠮ ᠢ ᠣᠯᠣᠭᠰᠠᠨ ᠤ ᠳᠠᠷᠠᠭ᠎ᠠ ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠤᠨ ᠪᠠᠭᠰᠢ ᠶᠢᠨ ᠲᠤᠰᠢᠶᠠᠯ ᠳᠤ ᠰᠢᠯᠵᠢᠵᠦ ᠪᠣᠯᠣᠨ᠎ᠠ᠂ ᠪᠡᠶ᠎ᠡ ᠶᠢᠨ ᠲᠠᠮᠢᠷ ᠤᠨ ᠪᠠᠭᠰᠢ ᠨᠢ ᠲᠠᠰᠬᠠᠯᠵᠢᠭᠤᠯᠤᠭᠴᠢ ᠶᠢᠨ ᠮᠡᠷᠭᠡᠵᠢᠯ ᠤᠨ ᠴᠣᠯᠠ ᠣᠯᠣᠭᠰᠠᠨ ᠤ ᠳᠠᠷᠠᠭ᠎ᠠ ᠲᠣᠭᠲᠠᠭᠠᠯ ᠶᠣᠰᠣᠭᠠᠷ ᠰᠤᠷᠭᠠᠭᠤᠯᠢ ᠶᠢᠨ ᠲᠠᠰᠬᠠᠯᠵᠢᠭᠤᠯᠤᠭᠴᠢ ᠶᠢᠨ ᠲᠤᠰᠢᠶᠠᠯ ᠳᠤ ᠰᠢᠯᠵᠢᠵᠦ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号