ᠠᠷᠠᠳ ᠲᠦᠮᠡᠨ ᠤ ᠡᠷᠡᠭᠦᠯ ᠮᠡᠨᠳᠤ ᠪᠠᠷ ᠭᠤᠣᠯ ᠪᠣᠯᠭᠠᠵᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠤ ᠶᠢᠨ ᠭᠦᠨᠵᠡᠭᠡᠢ ᠠᠭᠤᠰᠤᠯᠴᠠᠯ ᠤᠨ ᠰᠢᠨ᠎ᠡ ᠠᠷᠭ᠎ᠠ ᠵᠠᠮ ᠢ ᠰᠦᠪᠡᠭᠴᠢᠯᠡᠨ᠎ᠡ —— ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠯᠢᠦ ᠭᠦᠸᠧ ᠶᠦᠩ ᠤᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/3/13
    ᠠᠷᠠᠳ ᠲᠦᠮᠡᠨ ᠤ ᠡᠷᠡᠭᠦᠯ ᠮᠡᠨᠳᠤ ᠪᠣᠯ ᠨᠡᠶᠢᠭᠡᠮ ᠤᠨ ᠪᠣᠯᠪᠠᠰᠤᠨ ᠲᠠᠪᠰᠢᠯᠳᠠ ᠶᠢᠨ ᠰᠠᠭᠤᠷᠢ ᠮᠥᠨ᠂ ᠦᠨᠳᠦᠰᠦᠲᠡᠨ ᠤ ᠬᠥᠭᠵᠢᠨ ᠮᠠᠨᠳᠤᠬᠤ ᠪᠠ ᠤᠯᠤᠰ ᠣᠷᠣᠨ ᠤ ᠪᠠᠶᠠᠵᠢᠨ ᠬᠦᠴᠦᠷᠬᠡᠭᠵᠢᠬᠦ ᠶᠢᠨ ᠴᠢᠬᠤᠯᠠ ᠪᠡᠯᠭᠡ ᠲᠡᠮᠳᠡᠭ ᠮᠥᠨ᠂ ᠪᠠᠰᠠ ᠴᠤ ᠥᠷᠭᠡᠨ ᠤᠯᠠᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠪᠠ ᠠᠬᠢᠴᠠ ᠲᠠᠢ ᠪᠣᠯᠵᠠᠢ᠃ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠬᠡᠷᠬᠢᠨ ᠠᠬᠢᠭᠤᠯᠵᠤ ᠨᠡᠩ ᠥᠨᠳᠥᠷ ᠲᠡᠰ ᠳᠠᠪᠬᠤᠷᠭ᠎ᠠ ᠶᠢᠨ ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠪᠤᠢ︖ ᠲᠤᠰ ᠰᠣᠨᠢᠨ ᠤ ᠰᠤᠷᠪᠤᠯᠵᠢᠯᠠᠭᠴᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠯᠢᠦ ᠬᠦᠸᠧ ᠶᠦᠩ ᠢ ᠰᠤᠷᠪᠤᠯᠵᠢᠯᠠᠯ᠎ᠠ᠃     ᠯᠢᠦ ᠭᠦᠸᠧ ᠶᠦᠩ ᠲᠠᠨᠢᠯᠴᠠᠭᠤᠯᠬᠤ ᠳᠠᠭᠠᠨ᠂ 2016 ᠣᠨ ᠠᠴᠠ ᠨᠠᠰᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠪᠦᠬᠦ ᠤᠯᠤᠰ ᠤᠨ 18 ᠮᠤᠵᠢ ᠣᠷᠣᠨ ᠬᠤᠲᠠ ᠵᠠᠯᠭᠠᠭ᠎ᠠ ᠪᠠᠷ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠤᠨ ᠠᠯᠢ ᠣᠯᠠᠨ ᠬᠠᠶᠢᠨ ᠰᠦᠪᠡᠭᠴᠢᠯᠡᠯᠲᠡ ᠶᠢᠨ ᠦᠢᠯᠡᠳᠦᠯᠭᠡ ᠶᠢ ᠦᠷᠨᠢᠭᠦᠯᠵᠦ᠂ ᠢᠳᠡᠪᠬᠢᠲᠡᠢ ᠠᠬᠢᠴᠠ ᠪᠠ ᠲᠤᠷᠰᠢᠯᠭ᠎ᠠ ᠣᠯᠣᠭᠰᠠᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠶᠢᠨ᠎ᠠ᠃     ᠯᠢᠦ ᠭᠦᠸᠧ ᠶᠦᠩ ᠠᠴᠠ᠂ ᠪᠥᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠢ ᠠᠭᠤᠰᠤᠯᠴᠠᠭᠤᠯᠬᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠡᠷᠡᠭᠦᠯ ᠮᠡᠨᠳᠦ ᠶᠢ ᠠᠬᠢᠭᠤᠯᠬᠤ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠡᠷᠡᠭᠦᠯ ᠮᠡᠨᠳᠦ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠶᠢᠨ ᠨᠢᠭᠡ ᠪᠣᠯᠭᠠᠵᠤ᠂ ᠰᠢᠨ᠎ᠡ ᠴᠠᠭ ᠦᠶ᠎ᠡ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠪᠠᠶᠢᠷᠢ ᠰᠠᠭᠤᠷᠢ ᠪᠠ ᠦᠢᠯᠡᠳᠦᠯ ᠢ ᠲᠣᠪᠤᠶᠢᠯᠭᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠠᠷᠠᠳ ᠤᠨ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠪᠦᠲᠦᠮᠵᠢᠲᠡᠶ ᠪᠠᠷ ᠡᠮᠬᠢᠯᠡᠨ ᠨᠡᠶᠢᠯᠡᠬᠦᠯᠬᠦ ᠬᠡᠷᠡᠭᠳᠡᠢ ᠭᠡᠵᠦ ᠰᠠᠨᠠᠭᠤᠯᠪᠠ᠃     ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠢ ᠠᠭᠤᠰᠤᠯᠴᠠᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠯᠡᠨ᠂ ᠡᠯ᠎ᠡ ᠱᠠᠲᠤ᠂ ᠡᠯ᠎ᠡ ᠡᠲᠡᠭᠡᠳ ᠤᠨ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢ ᠡᠷᠢᠯᠬᠢᠯᠡᠬᠦ ᠶᠢ ᠬᠥᠲᠥᠯᠥᠨ ᠵᠢᠯᠤᠭᠤᠳᠬᠤ᠂ ᠡᠷᠡᠭᠦᠯ ᠮᠡᠨᠳᠦ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠡᠬᠢ ᠪᠠᠶᠠᠯᠢᠭ ᠢ ᠪᠦᠲᠦᠮᠵᠢᠲᠡᠶ ᠲᠣᠬᠢᠷᠠᠭᠤᠯᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ ᠪᠦᠬᠦ ᠣᠯᠠᠨ ᠲᠦᠮᠡᠨ ᠪᠠ ᠡᠷᠡᠭᠦᠯ ᠮᠡᠨᠳᠦ ᠶᠢᠨ ᠪᠦᠬᠦ ᠶᠠᠪᠤᠴᠠ ᠳᠤ ᠬᠠᠨᠳᠤᠭᠤᠯᠤᠨ᠂ ᠨᠡᠶᠢᠭᠡᠮ ᠲᠣᠭᠤᠷᠢᠭ ᠪᠠ ᠬᠥᠳᠡᠭᠡ ᠲᠣᠰᠬᠤᠨ ᠤ ᠪᠡᠶ᠎ᠡ ᠴᠢᠭᠢᠷᠠᠭᠵᠢᠭᠤᠯᠬᠤ ᠲᠥᠪ᠂ ᠰᠣᠶᠣᠯ ᠤᠨ ᠥᠷᠲᠡᠭᠡ᠂ ᠡᠷᠡᠭᠦᠯ ᠬᠠᠮᠠᠭᠠᠯᠠᠯ ᠤᠨ ᠭᠠᠵᠠᠷ ᠵᠡᠷᠭᠡ ᠦᠢᠯᠡᠴᠢᠯᠡᠭᠡᠨ ᠤ ᠨᠢᠭᠡᠴᠢ ᠳᠤ ᠰᠠᠭᠤᠷᠢᠯᠠᠨ᠂ ᠪᠡᠶ᠎ᠡ ᠶᠢᠨ ᠲᠠᠮᠢᠷ᠂ ᠰᠣᠶᠣᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠵᠡᠷᠭᠡ ᠡᠯ᠎ᠡ ᠬᠦᠷᠢᠶᠡᠨ ᠳᠠᠬᠢ ᠠᠷᠠᠳ ᠣᠯᠠᠨ ᠤ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠪᠠᠶᠢᠬᠤ ᠯᠤᠭ᠎ᠠ ᠬᠤᠯᠪᠣᠭᠳᠠᠬᠤ ᠠᠵᠢᠯ ᠢ ᠣᠷᠭᠠᠨᠢᠭ ᠢᠶᠠᠷ ᠡᠮᠬᠢᠯᠡᠨ ᠨᠡᠶᠢᠯᠡᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠭᠦᠢᠴᠡᠳ ᠢᠯᠡᠷᠡᠭᠦᠯᠦᠭᠰᠡᠨ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢ ᠠᠬᠢᠭᠤᠯᠬᠤ ᠰᠢᠰᠲ᠋ᠧᠮ ᠢ ᠪᠠᠶᠢᠭᠤᠯᠤᠨ᠎ᠠ᠃     ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠤᠨ ᠳ᠋ᠦᠩᠨᠡᠯᠲᠡ ᠪᠠ ᠰᠤᠳᠤᠯᠭᠠᠨ ᠢ ᠴᠢᠩᠭᠠᠳᠬᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠣᠭᠲᠠᠴᠠ ᠪᠠᠷ ᠲᠦᠷᠦᠭᠦᠯᠡᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠤᠨ ᠠᠵᠢᠯ ᠳᠤ ᠪᠥᠬᠦ ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠵᠦ᠂ ᠲᠤᠷᠰᠢᠯᠭ᠎ᠠ ᠦᠷ᠎ᠡ ᠪᠦᠲᠦᠭᠡᠯ ᠢᠶᠠᠨ ᠳ᠋ᠦᠩᠨᠡᠨ᠂ ᠠᠰᠠᠭᠤᠳᠠᠯ ᠢ ᠲᠣᠳᠣᠷᠬᠠᠶᠢᠯᠠᠵᠤ᠂ ᠠᠭᠤᠰᠤᠯᠴᠠᠯ ᠤᠨ ᠠᠵᠢᠯ ᠤᠨ ᠰᠢᠨ᠎ᠡ ᠰᠡᠳᠬᠢᠴᠡ ᠪᠠ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠰᠢᠰᠲ᠋ᠧᠮᠲᠦ ᠴᠢᠨᠠᠷᠲᠠᠢ ᠲᠥᠰᠥᠯ ᠢ ᠪᠦᠷᠢᠯᠳᠦᠭᠦᠯᠬᠦ ᠶᠢ ᠰᠠᠨᠠᠭᠤᠯᠵᠤ ᠪᠠᠶᠢᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠵᠢᠯᠤᠭᠤᠳᠬᠤ ᠰᠠᠨᠠᠯ ᠢ ᠰᠤᠳᠤᠯᠤᠨ ᠲᠤᠭᠳᠠᠭᠠᠵᠦ᠂ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠤᠳ ᠵᠣᠬᠢᠴᠠᠩᠭᠤᠢ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠪᠠ ᠲᠤᠰᠬᠠᠢ ᠲᠥᠰᠥᠯ ᠢ ᠲᠣᠬᠢᠷᠠᠭᠤᠯᠤᠨ᠂ ᠬᠠᠷᠢᠯᠴᠠᠨ ᠵᠣᠯᠭᠠᠯᠳᠤᠭᠤᠯᠬᠤ᠂ ᠬᠠᠷᠢᠯᠴᠠᠨ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢᠨ ᠬᠠᠮ ᠫᠠᠶᠢᠰᠠ ᠶᠢ ᠪᠣᠶ ᠪᠣᠯᠭᠠᠬᠤ ᠶᠢᠨ ᠬᠠᠮᠲᠤ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠳᠤᠮᠳᠠ ᠪᠠᠶᠢᠩᠭᠤ ᠶᠢᠨ ᠦᠨᠡᠯᠡᠨ ᠵᠢᠱᠢᠯᠲᠡ ᠪᠠ ᠰᠤᠳᠤᠯᠭᠠᠨ ᠢ ᠴᠢᠩᠭᠠᠳᠬᠠᠨ᠎ᠠ᠃     ᠡᠯ᠎ᠡ ᠱᠠᠲᠤᠨ ᠤ ᠵᠠᠰᠠᠭ ᠤᠨ ᠣᠷᠳᠣᠨ ᠰᠠᠯᠠᠭ᠎ᠠ ᠮᠥᠴᠢᠷ ᠤᠨ ᠬᠢᠨ ᠴᠢᠬᠤᠯᠠᠴᠢᠯᠠᠬᠤ ᠬᠡᠮᠵᠢᠶ᠎ᠡ ᠪᠠ ᠣᠷᠣᠭᠤᠯᠤᠯᠲᠠ ᠶᠢᠨ ᠡᠷᠴᠢᠮ ᠢ ᠴᠢᠩᠭᠠᠳᠬᠠᠬᠤ ᠬᠡᠷᠡᠭᠲᠡᠢ᠃ ᠲᠥᠪ ᠤᠨ ᠤᠬᠠᠭᠤᠯᠬᠤ ᠬᠡᠯᠲᠡᠰ᠂ ᠷᠠᠳᠢᠣ᠋ ᠺᠢᠨᠣ᠋ ᠲᠧᠯᠸᠢᠰ ᠤᠨ ᠶᠡᠷᠦᠩᠬᠡᠢ ᠲᠣᠪᠴᠢᠶ᠎ᠠ᠂ ᠰᠣᠶᠣᠯ ᠵᠢᠭᠤᠯᠴᠢᠯᠠᠯ ᠤᠨ ᠶᠠᠮᠤᠨ ᠵᠡᠷᠭᠡ ᠨᠢ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠬᠠᠮᠢᠶ᠎ᠠ ᠪᠦᠬᠦᠢ ᠤᠬᠠᠭᠤᠯᠭ᠎ᠠ ᠶᠢ ᠴᠢᠩᠭᠠᠳᠬᠠᠵᠤ᠂ ᠦᠵᠡᠯ ᠤᠬᠠᠮᠰᠠᠷ ᠢ ᠢᠳᠡᠪᠬᠢᠲᠡᠢ ᠬᠥᠲᠥᠯᠥᠨ ᠵᠢᠯᠤᠭᠤᠳᠴᠤ᠂ ᠰᠠᠶᠢᠨ ᠰᠠᠶᠢᠬᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠰᠠᠨᠠᠭᠤᠯᠵᠤ ᠪᠠᠶᠢᠨ᠎ᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠠᠭᠤᠰᠤᠯᠴᠠᠯ ᠤᠨ ᠠᠵᠢᠯ ᠢ ᠨᠠᠩ ᠥᠨᠳᠥᠷ ᠬᠢᠷᠢ ᠲᠦᠪᠰᠢᠨ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠳᠤ ᠣᠷᠣᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠵᠠᠬ᠎ᠠ ᠳᠡᠯᠭᠡᠭᠦᠷ ᠪᠠ ᠨᠡᠶᠢᠭᠡᠮ ᠤᠨ ᠬᠦᠴᠦᠨ ᠤ ᠣᠷᠤᠯᠴᠠᠬᠤ ᠶᠢ ᠲᠠᠶᠢᠴᠢᠯᠠᠬᠤ ᠶᠢ ᠰᠠᠨᠠᠭᠤᠯᠵᠦ ᠪᠠᠶᠢᠨ᠎ᠡ᠃     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢ ᠠᠭᠤᠰᠤᠯᠴᠠᠭᠤᠯᠬᠤ ᠠᠵᠢᠯ ᠢ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠰᠠᠨᠠᠭᠤᠯᠵᠦ ᠪᠠᠶᠢᠨ᠎ᠡ᠃ ᠰᠤᠷᠭᠠᠨ ᠬᠥᠮᠦᠵᠢᠯ ᠤᠨ ᠶᠠᠮᠤᠨ ᠠᠴᠠ ᠬᠠᠮ ᠴᠢᠳᠠᠪᠤᠷᠢᠲᠠᠨ ᠬᠥᠮᠥᠵᠢᠭᠦᠯᠬᠦ ᠶᠢ ᠰᠤᠷᠭᠠᠨ ᠬᠥᠮᠦᠵᠢᠯ ᠤᠨ ᠰᠢᠰᠲ᠋ᠧᠮ ᠤᠨ ᠰᠢᠨ᠎ᠡ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠳᠤ ᠣᠷᠣᠭᠤᠯᠬᠤ ᠶᠢ ᠰᠠᠨᠠᠭᠤᠯᠵᠦ ᠪᠠᠶᠢᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠠᠮ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠠ ᠬᠢᠷᠢ ᠬᠡᠮ ᠢ ᠭᠡᠷᠡᠴᠢᠯᠡᠬᠦ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠶᠢ ᠰᠠᠨᠠᠭᠤᠯᠵᠦ ᠪᠠᠶᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ᠂ ᠣᠶᠤᠨᠴᠢᠯᠠᠭᠰᠠᠨ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠰᠠᠨᠠᠭᠤᠯᠵᠦ ᠪᠠᠶᠢᠨ᠎ᠡ᠃ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠵᠡᠷᠭᠡ ᠠᠴᠠ ᠬᠤᠯᠪᠣᠭᠳᠠᠯ ᠪᠦᠬᠦᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠰᠠᠨᠠᠭᠤᠯᠵᠦ ᠪᠠᠶᠢᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠢ ᠠᠭᠤᠰᠤᠯᠴᠠᠭᠤᠯᠬᠤ ᠠᠵᠢᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠶᠡᠷᠦᠩᠬᠡᠢ ᠲᠥᠯᠦᠪᠵᠢᠭᠦᠯᠭᠡ᠂ ᠡᠳᠦᠷ ᠲᠤᠲᠤᠮ ᠤᠨ ᠵᠥᠪᠯᠡᠬᠦ ᠵᠦᠢᠯ᠂ ᠡᠳ᠋ ᠤᠨ ᠵᠠᠰᠠᠭ ᠤᠨ ᠲᠥᠰᠥᠪ᠂ ᠬᠢᠨᠠᠨ ᠰᠢᠯᠭᠠᠵᠤ ᠦᠨᠡᠯᠡᠬᠦ ᠵᠡᠷᠭᠡ ᠳᠤ ᠣᠷᠣᠭᠤᠯᠬᠤ ᠶᠢ ᠰᠠᠨᠠᠭᠤᠯᠵᠦ ᠪᠠᠶᠢᠨ᠎ᠡ᠃     ᠪᠦᠬᠦ ᠨᠡᠶᠢᠭᠡᠮ ᠰᠠᠨᠠᠭᠠᠴᠢᠯᠠᠭᠠᠲᠤ ᠡᠷᠡᠭᠦᠯ ᠮᠡᠨᠳᠦ ᠶᠢᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ᠃ ᠰᠠᠨᠠᠭᠠᠴᠢᠯᠠᠭᠠᠲᠤ ᠡᠷᠡᠭᠦᠯ ᠴᠢᠭᠢᠷᠠᠭ ᠪᠠᠶᠢᠬᠤ ᠤᠬᠠᠭᠤᠯᠭ᠎ᠠ ᠶᠢᠨ ᠪᠣᠷᠣ ᠮᠠᠲ᠋ᠧᠷᠢᠶᠠᠯ ᠤᠨ ᠬᠥᠮᠥᠷᠭᠡ ᠶᠢ ᠪᠠᠶᠢᠭᠤᠯᠵᠤ᠂ ᠠᠳᠠᠯᠢ ᠪᠤᠰᠤ ᠬᠥᠮᠥᠰ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ᠂ ᠡᠷᠡᠭᠦᠯ ᠮᠡᠨᠳᠦ ᠶᠢᠨ ᠵᠦᠭᠯᠡᠭᠦᠷ᠂ ᠪᠢᠴᠢᠯ ᠸᠢᠳᠢᠤ᠋ ᠵᠡᠷᠭᠡ ᠰᠢᠷᠢᠰ ᠰᠣᠶᠣᠯ ᠤᠨ ᠠᠭᠤᠯᠭ᠎ᠠ ᠶᠢᠨ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠰᠠᠨᠠᠭᠠᠴᠢᠯᠠᠭᠠᠲᠤ ᠡᠷᠡᠭᠦᠯ ᠮᠡᠨᠳᠦ ᠶᠢᠨ ᠰᠣᠶᠣᠯ ᠢ ᠦᠢᠯᠡᠳᠪᠦᠷᠢ ᠠᠭᠤᠷᠬᠠᠢ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠭᠡᠷ ᠪᠦᠯᠢ ᠵᠡᠷᠭᠡ ᠤᠯᠠᠨ ᠲᠦᠮᠡᠨ ᠤ ᠳᠡᠷᠭᠡᠳᠡᠬᠢ ᠠᠮᠢᠳᠤᠷᠠᠯ ᠤᠨ ᠪᠠᠶᠢᠳᠠᠯ ᠳᠤ ᠣᠷᠭᠠᠨᠢᠭ ᠢᠶᠠᠷ ᠠᠭᠤᠰᠤᠯᠴᠠᠭᠤᠯᠤᠨ᠎ᠠ᠃ ᠡᠷᠬᠡ ᠰᠦᠷᠲᠦ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠵᠡᠷᠭᠡ ᠪᠠᠷ ᠪᠦᠷᠢᠯᠳᠦᠭᠰᠡᠨ ᠤᠬᠠᠭᠤᠯᠭ᠎ᠠ ᠶᠢᠨ ᠵᠠᠭᠤᠴᠢᠯᠠᠭᠤᠷ ᠤᠨ ᠵᠢᠭᠰᠠᠭᠠᠯ ᠢ ᠪᠠᠶᠢᠭᠤᠯᠵᠤ᠂ ᠰᠠᠨᠠᠭᠠᠴᠢᠯᠠᠭᠠᠲᠤ ᠡᠷᠡᠭᠦᠯ ᠮᠡᠨᠳᠦ ᠶᠢᠨ ᠤᠬᠠᠭᠤᠯᠭ᠎ᠠ ᠶᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ᠂ ᠪᠠᠶᠢᠩᠭᠤᠵᠢᠭᠤᠯᠤᠨ ᠥᠷᠨᠢᠭᠦᠯᠦᠨ᠎ᠡ᠃ ᠠᠷᠠᠳ ᠤᠯᠠᠨ ᠢ ᠵᠣᠷᠢᠭᠵᠢᠭᠤᠯᠤᠨ ᠰᠠᠨᠠᠭᠠᠴᠢᠯᠠᠭ᠎ᠠ ᠲᠠᠢ ᠡᠷᠡᠭᠦᠯ ᠮᠡᠨᠳᠤ ᠶᠢ ᠬᠥᠭᠡᠭᠡᠴᠡᠯᠳᠦᠬᠦ ᠬᠥᠮᠥᠰ᠂ ᠦᠯᠢᠭᠡᠷ᠂ ᠰᠢᠯᠭᠠᠷᠠᠭᠤᠯᠤᠯᠲᠠ ᠵᠡᠷᠭᠡ ᠶᠢ ᠭᠠᠷᠭᠠᠵᠤ᠂ ᠪᠦᠬᠦ ᠨᠡᠶᠢᠭᠡᠮ ᠳᠤ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠤ ᠶᠢ ᠬᠥᠭᠡᠭᠡᠴᠡᠯᠳᠦᠬᠦ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃ ᠰᠠᠨᠠᠭᠠᠴᠢᠯᠠᠭᠠᠲᠤ ᠡᠷᠡᠭᠦᠯ ᠮᠡᠨᠳᠦ ᠶᠢᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠡ᠃ ᠬᠡᠦᠬᠡᠳ ᠤᠨ ᠴᠡᠴᠡᠷᠯᠢᠭ ᠠᠴᠠ ᠶᠡᠭᠡ ᠰᠤᠷᠭᠠᠭᠤᠯᠢ ᠬᠦᠷᠲᠡᠯ᠎ᠡ᠂ ᠡᠯ᠎ᠡ ᠱᠠᠲᠤ ᠦᠶ᠎ᠡ ᠶᠢᠨ ᠵᠠᠯᠠᠭᠤᠴᠤᠳ ᠪᠠᠭᠠᠴᠤᠳ ᠪᠣᠯᠣᠨ ᠪᠠᠭᠰᠢ ᠠᠵᠢᠯᠲᠠᠨ ᠤ ᠰᠠᠨᠠᠭᠠᠴᠢᠯᠠᠭᠠᠲᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ᠂ ᠰᠤᠷᠭᠠᠭᠤᠯᠢ ᠶᠢᠨ ᠬᠠᠮᠢᠶᠠᠷᠤᠯᠲᠠ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠯᠠᠭ᠎ᠠ᠂ ᠰᠤᠷᠭᠠᠭᠤᠯᠢ ᠶᠢᠨ ᠰᠣᠶᠣᠯ ᠤᠨ ᠪᠠᠶᠢᠭᠤᠯᠤᠯᠲᠠ᠂ ᠠᠯᠪᠠᠨ ᠤ ᠲᠠᠯ᠎ᠠ ᠶᠢᠨ ᠤᠬᠠᠭᠤᠯᠭ᠎ᠠ ᠶᠢᠨ ᠲᠠᠪᠴᠠᠩ ᠵᠡᠷᠭᠡ ᠵᠥᠭᠡᠯᠡᠨ ᠬᠠᠲᠠᠭᠤ ᠲᠤᠨᠤᠭ ᠤᠨ ᠳᠤᠮᠳᠠ ᠰᠠᠨᠠᠭᠠᠴᠢᠯᠠᠭᠠᠲᠤ ᠡᠷᠡᠭᠦᠯ ᠮᠡᠨᠳᠦ ᠶᠢᠨ ᠬᠠᠮᠢᠶ᠎ᠠ ᠪᠦᠬᠦᠢ ᠠᠭᠤᠯᠭ᠎ᠠ ᠶᠢ ᠨᠢᠭᠡ ᠴᠣᠭᠴᠠᠵᠢᠭᠤᠯᠤᠨ ᠠᠭᠤᠰᠬᠠᠵᠤ᠂ ᠰᠠᠨᠠᠭᠠᠴᠢᠯᠠᠭᠠᠲᠤ ᠡᠷᠡᠭᠦᠯ ᠮᠡᠨᠳᠦ ᠶᠢᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠂ ᠵᠠᠯᠠᠭᠤᠴᠤᠳ ᠪᠠᠭᠠᠴᠤᠳ ᠤᠨ ᠰᠠᠨᠠᠭᠠᠴᠢᠯᠠᠭᠠᠲᠤ ᠡᠷᠡᠭᠦᠯ ᠮᠡᠨᠳᠦ ᠶᠢᠨ ᠳᠤᠷ᠎ᠠ ᠰᠣᠨᠢᠷᠬᠠᠯ ᠤᠨ ᠬᠥᠮᠦᠵᠢᠯ᠂ ᠴᠢᠳᠠᠪᠤᠷᠢ ᠶᠢᠨ ᠪᠦᠷᠢᠯᠳᠦᠯ ᠪᠠ ᠳᠠᠳᠬᠠᠯ ᠤᠨ ᠬᠥᠮᠦᠵᠢᠯ ᠢ  ᠠᠬᠢᠭᠤᠯᠬᠤ ᠶᠢ ᠰᠠᠨᠠᠭᠤᠯᠵᠦ ᠪᠠᠶᠢᠨ᠎ᠡ᠃ ᠤᠯᠠᠨ ᠵᠦᠢᠯ ᠤᠨ ᠬᠡᠯᠪᠡᠷᠢ ᠶᠢᠨ ᠰᠢᠨ᠎ᠡ ᠰᠦᠪᠡᠭᠴᠢᠯᠡᠯᠲᠡ ᠶᠢ ᠵᠣᠷᠢᠭᠵᠢᠭᠤᠯᠬᠤ ᠬᠡᠷᠡᠭᠲᠡᠢ᠃ ᠤᠯᠤᠰ ᠤᠨ ᠳᠡᠰ ᠳᠠᠪᠬᠤᠷᠭ᠎ᠠ ᠠᠴᠠ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠤᠨ ᠲᠡᠭᠡᠳᠦ ᠲᠠᠪᠬᠤᠷᠭ᠎ᠠ ᠶᠢᠨ ᠲᠥᠯᠥᠪᠯᠡᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢᠨ ᠬᠠᠮᠲᠤ᠂ ᠪᠦᠬᠦ ᠤᠯᠤᠰ ᠠᠴᠠ ᠨᠢᠭᠡ ᠪᠦᠯᠦᠭ ᠨᠥᠬᠦᠴᠡᠯ ᠲᠠᠢ ᠭᠠᠵᠠᠷ ᠣᠷᠣᠨ ᠪᠠ ᠬᠤᠳᠠ ᠶᠢ ᠰᠣᠩᠭᠤᠨ ᠠᠪᠴᠤ᠂ ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠬᠠᠶᠢᠨ ᠰᠦᠪᠡᠭᠴᠢᠯᠡᠵᠦ ᠰᠢᠪᠲᠤᠯᠤᠯᠲᠠ ᠭᠠᠷᠭᠠᠨ᠎ᠠ᠃ ᠪᠥᠬᠦ ᠤᠯᠤᠰ ᠲᠤ ᠨᠢᠭᠡ ᠪᠦᠯᠦᠭ ᠰᠠᠶᠢᠨ ᠰᠠᠭᠤᠷᠢ ᠲᠠᠢ ᠪᠠ ᠠᠮᠵᠢᠯᠲᠠ ᠲᠠᠢ ᠬᠠᠶᠢᠨ ᠰᠦᠪᠡᠭᠴᠢᠯᠡᠭᠰᠡᠨ ᠲᠤᠷᠰᠢᠯᠭ᠎ᠠ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠤᠷᠭᠠᠭᠤᠯᠢ᠂ ᠨᠡᠶᠢᠭᠡᠮ ᠲᠣᠭᠤᠷᠢᠭ᠂ ᠡᠮᠨᠡᠯᠭᠡ ᠶᠢᠨ ᠬᠤᠷᠢᠶ᠎ᠠ ᠪᠠ ᠲᠥᠷᠥᠯ ᠵᠦᠢᠯ ᠢ ᠰᠢᠯᠢᠨ ᠰᠣᠩᠭᠤᠵᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠬᠥᠲᠥᠯᠥᠨ ᠳᠠᠭᠠᠭᠤᠯᠬᠤ ᠪᠠ ᠵᠢᠱᠢᠶ᠎ᠡ ᠦᠵᠡᠭᠦᠯᠬᠦ ᠶᠢ ᠪᠣᠶ ᠪᠣᠯᠭᠠᠨ᠎ᠠ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号