ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠯᠢᠦ ᠱᠢ ᠶᠢᠩ᠄ ᠤᠷᠤᠯᠳᠤᠭᠠᠨ ᠤ ᠴᠢᠳᠠᠪᠤᠷᠢᠲᠠᠨ ᠤ ᠨᠥᠭᠡᠴᠡ ᠶᠢ ᠴᠢᠩᠭᠠᠳᠬᠠᠬᠤ ᠳᠤ ᠪᠡᠶ᠎ᠡ ᠶᠢᠨ ᠲᠠᠮᠢᠷ ᠤᠨ ᠬᠢᠴᠢᠶᠡᠯ ᠠᠴᠠ ᠡᠬᠢᠯᠡᠬᠦ ᠬᠡᠷᠡᠭᠳᠡᠢ
ᠨᠡᠶᠢᠲᠡᠯᠡᠭᠰᠡᠨ ᠴᠠᠭ᠄
2023/3/13
    ︽ᠤᠷᠤᠯᠳᠤᠭᠠᠨ ᠤ ᠪᠡᠶ᠎ᠡ ᠶᠢᠨ ᠲᠠᠮᠢᠷ ᠤᠨ ᠲᠠᠯ᠎ᠠ ᠪᠠᠷ᠂ ᠣᠳᠣᠬᠠᠨ ᠳᠤ ᠮᠠᠨ ᠤ ᠤᠯᠤᠰ ᠤᠨ ᠴᠥᠭᠡᠨ ᠪᠤᠰᠤ ᠲᠠᠮᠢᠷ ᠤᠨ ᠵᠦᠢᠯ ᠳᠤ ᠴᠥᠮ ᠵᠠᠯᠭᠠᠮᠵᠢ ᠡᠩᠨᠡᠭᠡ ᠶᠢᠨ ᠲᠠᠰᠤᠯᠳᠠᠯ ᠤᠨ ᠠᠰᠠᠭᠤᠳᠠᠯ ᠲᠤᠯᠭᠠᠷᠠᠵᠤ ᠪᠠᠶᠢᠨ᠎ᠠ︾᠃ ᠡᠨᠡ ᠵᠢᠯ ᠤᠨ ᠬᠤᠶᠠᠷ ᠬᠤᠷᠠᠯ ᠳᠤ᠂ ᠡᠮᠡᠭᠲᠡᠢ ᠶᠢᠨ ᠰᠢᠳᠡᠭᠦᠷ ᠵᠢᠳᠠ ᠶᠢᠨ ᠣᠯᠢᠮᠫᠢᠺ ᠤᠨ ᠮᠠᠩᠯᠠᠢ ᠲᠠᠮᠢᠷᠴᠢᠨ ᠯᠢᠦ ᠱᠢ ᠶᠢᠩ ᠪᠣᠯᠪᠠᠰᠤᠷᠠᠯ ᠬᠢᠬᠦ ᠶᠢᠨ ᠲᠠᠭᠠᠤ᠂ ᠣᠯᠠᠨ ᠳᠤᠮᠳᠠᠳᠤ ᠪᠠᠭ᠎ᠠ ᠰᠤᠷᠭᠠᠭᠤᠯᠢ᠂ ᠪᠡᠶ᠎ᠡ ᠶᠢᠨ ᠲᠠᠮᠢᠷ ᠤᠨ ᠰᠤᠷᠭᠠᠭᠤᠯᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠣᠯᠠᠨ ᠲᠠᠯ᠎ᠠ ᠠᠴᠠ ᠲᠠᠮᠢᠷᠴᠢᠨ᠂ ᠳᠠᠰᠬᠠᠯᠵᠢᠭᠤᠯᠤᠭᠴᠢ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠪᠠᠭᠰᠢ ᠶᠢᠨ ᠰᠠᠨᠠᠯ ᠢ ᠬᠤᠷᠢᠶᠠᠵᠤ᠂ ᠤᠯᠤᠰ ᠠᠴᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠨᠥᠭᠡᠴᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ ᠳᠤᠷᠠᠳᠤᠯᠭ᠎ᠠ ᠶᠢ ᠲᠡᠪᠰᠢᠭᠦᠯᠪᠡ᠃      ︽ᠵᠠᠯᠠᠭᠤᠴᠤᠳ ᠪᠠᠭᠠᠴᠤᠳ ᠪᠣᠯ ᠤᠯᠤᠰ ᠣᠷᠣᠨ ᠤ ᠢᠷᠡᠭᠡᠳᠦᠢ ᠮᠥᠨ᠂ ᠪᠠᠰᠠ ᠴᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠦᠰᠡᠯ ᠡᠷᠡᠮᠡᠯᠵᠡᠯ ᠮᠥᠨ᠃ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠶᠠᠪᠤᠳᠠᠯ ᠪᠣᠯ ᠢᠷᠡᠭᠡᠳᠦᠢ ᠶᠢᠨ ᠳᠤᠮᠳᠠᠳᠤ ᠤᠯᠤᠰ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠢ ᠬᠢᠷᠢ ᠲᠦᠪᠰᠢᠨ ᠤ ᠴᠢᠭᠯᠡᠯ ᠲᠠᠢ ᠰᠢᠭᠤᠳ ᠬᠤᠯᠪᠣᠭᠳᠠᠵᠤ ᠪᠠᠶᠢᠳᠠᠭ︾᠃ ᠯᠢᠦ ᠱᠢ ᠶᠢᠩ ᠤᠨ ᠦᠵᠡᠬᠦ ᠪᠠᠷ᠂ ᠦᠨᠳᠦᠰᠦᠨ ᠱᠠᠲᠤᠨ ᠳᠤ ᠰᠣᠷᠣᠭᠴᠢ ᠡᠯᠰᠡᠬᠦ ᠳᠤ ᠬᠦᠴᠢᠷᠲᠡᠢ᠂ ᠪᠡᠯᠡᠳᠬᠡᠯ ᠴᠢᠳᠠᠪᠤᠷᠢᠲᠠᠨ ᠬᠦᠷᠦᠯᠴᠡᠬᠦ ᠦᠭᠡᠢ᠂ ᠮᠠᠲ᠋ᠧᠷᠢᠶᠠᠯ ᠰᠣᠩᠭᠤᠬᠤ ᠶᠠᠰᠤ ᠴᠢᠨᠠᠷ ᠮᠠᠭᠤᠳᠠᠭᠰᠠᠨ ᠵᠡᠷᠭᠡ ᠠᠰᠠᠭᠤᠳᠠᠯ ᠪᠣᠯ ᠤᠷᠤᠯᠳᠤᠭᠠᠨ ᠤ ᠪᠡᠶ᠎ᠡ ᠶᠢᠨ ᠲᠠᠮᠢᠷ ᠤᠨ ᠴᠢᠬᠤᠯᠠᠴᠢᠯᠠᠬᠤ ᠪᠠ ᠰᠢᠢᠳᠪᠦᠷᠢᠯᠡᠬᠦ ᠲᠤᠯᠭᠠᠮ᠎ᠠ ᠱᠠᠭᠠᠷᠳᠠᠵᠤ ᠪᠠᠶᠢᠭ᠎ᠠ ᠠᠰᠠᠭᠤᠳᠠᠯ ᠪᠣᠯᠣᠨ᠎ᠠ᠃     ᠯᠢᠦ ᠱᠢ ᠶᠢᠩ ᠰᠠᠨᠠᠭᠤᠯᠬᠤ ᠳᠠᠭᠠᠨ᠂ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠳᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠥᠷᠭᠡᠨ ᠢᠶᠠᠷ ᠥᠷᠨᠢᠭᠦᠯᠵᠦ᠂ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠤᠷᠭᠠᠭᠤᠯᠢ ᠨᠤᠭᠤᠳ ᠪᠡᠶ᠎ᠡ ᠶᠢᠨ ᠲᠠᠮᠢᠷ ᠤᠨ ᠬᠢᠴᠢᠶᠡᠯ ᠢ ᠢᠳᠡᠪᠬᠢᠲᠡᠢ ᠪᠥᠭᠡᠳ ᠪᠦᠷᠢᠨ ᠭᠦᠢᠴᠡᠳ ᠨᠡᠭᠡᠭᠡᠵᠦ᠂ ᠵᠢᠭᠠᠨ ᠰᠤᠷᠭᠠᠯᠲᠠ ᠶᠢᠨ ᠵᠠᠭᠪᠤᠷ ᠢᠶᠠᠨ ᠲᠡᠭᠦᠯᠳᠡᠷᠵᠢᠭᠦᠯᠦᠨ᠂ ᠪᠡᠶ᠎ᠡ ᠶᠢᠨ ᠲᠠᠮᠢᠷ ᠤᠨ ᠬᠢᠨᠠᠨ ᠰᠢᠯᠭᠠᠯᠲᠠ ᠶᠢ ᠰᠤᠷᠭᠠᠭᠤᠯᠢ ᠶᠢᠨ ᠶᠡᠷᠦᠩᠬᠡᠶᠢᠯᠡᠭᠰᠡᠨ ᠬᠢᠨᠠᠨ ᠰᠢᠯᠭᠠᠯᠲᠠ ᠳᠤ ᠣᠷᠣᠭᠤᠯᠵᠤ᠂ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠡᠯ᠎ᠡ ᠰᠤᠷᠭᠠᠭᠤᠯᠢ ᠴᠥᠮ ᠪᠡᠶ᠎ᠡ ᠶᠢᠨ ᠲᠠᠮᠢᠷ ᠢ ᠴᠢᠬᠤᠯᠠᠴᠢᠯᠠᠬᠤ ᠪᠣᠯᠭᠠᠬᠤ ᠬᠡᠷᠡᠭᠲᠡᠢ᠃ ᠣᠷᠤᠯᠴᠠᠬᠤ ᠬᠥᠮᠥᠨ ᠤ ᠲᠤᠭ᠎ᠠ ᠣᠯᠠᠰᠢᠷᠠᠵᠤ᠂ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠰᠣᠩᠭᠤᠬᠤ ᠬᠡᠪᠴᠢᠶ᠎ᠡ ᠥᠷᠭᠡᠵᠢᠪᠡᠯ᠂ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠡᠯᠰᠡᠬᠦ ᠠᠰᠠᠭᠤᠳᠠᠯ ᠴᠤ ᠰᠠᠶᠢᠵᠢᠷᠠᠬᠤ ᠪᠣᠯᠣᠨ᠎ᠠ ᠭᠡᠪᠡ᠃     ᠯᠢᠦ ᠱᠢ  ᠶᠢᠩ ᠤᠨ ᠦᠵᠡᠬᠦ ᠪᠠᠷ᠂ ᠤᠯᠤᠰ ᠠᠴᠠ ᠬᠥᠮᠥᠵᠢᠭᠦᠯᠦᠭᠰᠡᠨ ᠲᠤᠰᠬᠠᠢ ᠮᠡᠷᠭᠡᠵᠢᠯ ᠤᠨ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠵᠢᠭᠠᠨ ᠰᠤᠷᠭᠠᠯᠲᠠ ᠶᠢᠨ ᠡᠩᠨᠡᠭᠡ ᠳᠤ ᠣᠷᠣᠯᠴᠠᠭᠤᠯᠵᠤ᠂ ᠰᠢᠯᠢᠳᠡᠭ ᠲᠠᠮᠢᠷᠴᠢᠨ ᠤ ᠰᠤᠷᠭᠠᠭᠤᠯᠢ ᠳᠤ ᠣᠷᠣᠵᠤ ᠪᠡᠶ᠎ᠡ ᠶᠢᠨ ᠲᠠᠮᠢᠷ ᠤᠨ ᠪᠠᠭᠰᠢ ᠪᠣᠯᠬᠤ ᠠᠷᠭ᠎ᠠ ᠵᠠᠮ ᠢ ᠰᠢᠯᠤᠭᠤᠳᠬᠠᠵᠤ᠂ ᠲᠤᠰᠬᠠᠢ ᠮᠡᠷᠭᠡᠵᠢᠯ ᠤᠨ ᠮᠡᠳᠡᠯᠭᠡ ᠪᠠᠷ ᠵᠠᠯᠠᠭᠤᠴᠤᠳ ᠪᠠᠭᠠᠴᠤᠳ ᠲᠤ ᠪᠡᠶ᠎ᠡ ᠶᠢᠨ ᠲᠠᠮᠢᠷ ᠤᠨ ᠬᠢᠴᠢᠶᠡᠯ ᠣᠷᠣᠵᠤ᠂ ᠪᠡᠶ᠎ᠡ ᠶᠢᠨ ᠲᠠᠮᠢᠷ ᠤᠨ ᠬᠢᠴᠢᠶᠡᠯ ᠢ ᠲᠤᠰᠬᠠᠢ ᠮᠡᠷᠭᠡᠵᠢᠯ ᠤᠨ ᠴᠢᠨᠠᠷ᠂ ᠥᠷᠭᠡᠨ ᠳᠡᠯᠭᠡᠷ ᠴᠢᠨᠠᠷ᠂ ᠤᠯᠠᠨ ᠶᠠᠩᠵᠤᠲᠤ ᠴᠢᠨᠠᠷ ᠲᠠᠢ ᠪᠣᠯᠭᠠᠵᠤ ᠪᠣᠯᠣᠨ᠎ᠠ᠃ ᠯᠢᠦ ᠱᠢ ᠶᠢᠩ ᠢᠯᠡᠷᠬᠡᠶᠢᠯᠡᠬᠦ ᠳᠡᠭᠡᠨ᠂ ᠪᠡᠶ᠎ᠡ ᠶᠢᠨ ᠲᠠᠮᠢᠷ ᠢ ᠬᠢᠴᠢᠶᠡᠯ ᠤᠨ ᠲᠠᠩᠬᠢᠮ ᠳᠤ ᠣᠷᠣᠭᠤᠯᠵᠤ᠂ ᠰᠤᠷᠤᠭᠴᠢᠳ ᠲᠤ ᠨᠠᠩ ᠣᠯᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ᠂ ᠡᠭᠦᠰᠦᠯ᠂ ᠳᠦᠷᠢᠮ ᠲᠣᠭᠲᠠᠭᠠᠯ ᠵᠢᠴᠢ ᠬᠥᠭᠵᠢᠯᠲᠡ ᠶᠢᠨ ᠲᠡᠦᠬᠡ ᠶᠢ ᠲᠠᠶᠢᠯᠪᠤᠷᠢᠯᠠᠵᠤ ᠥᠭᠭᠦᠨ᠎ᠡ᠃ ᠵᠠᠯᠠᠭᠤ ᠪᠠᠭᠠᠴᠤᠳ ᠮᠡᠳᠡᠯᠭᠡ ᠪᠠᠨ ᠨᠡᠮᠡᠭᠳᠡᠭᠦᠯᠬᠦ ᠶᠢᠨ ᠬᠠᠮᠲᠤ ᠥᠪᠡᠷ ᠤᠨ ᠣᠨᠴᠠ ᠴᠢᠳᠠᠪᠤᠷᠢ ᠪᠠ ᠳᠤᠷ᠎ᠠ ᠪᠠᠬ᠎ᠠ ᠪᠠᠨ ᠣᠯᠵᠤ᠂ ᠪᠡᠶ᠎ᠡ ᠲᠠᠮᠢᠷ ᠤᠨ ᠬᠥᠳᠡᠯᠭᠡᠭᠡᠨ ᠳᠤ ᠦᠨᠡᠨ ᠰᠡᠳᠬᠢᠯ ᠠᠴᠠ ᠪᠠᠨ ᠳᠤᠷᠠᠲᠠᠢ ᠪᠣᠯᠵᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠳᠤ ᠣᠷᠤᠯᠴᠠᠬᠤ ᠪᠣᠯᠵᠤ᠂ ᠪᠡᠶ᠎ᠡ ᠲᠠᠮᠢᠷ ᠤᠨ ᠬᠢᠴᠢᠶᠡᠯ ᠤᠨ ᠲᠥᠷᠥᠯ ᠵᠦᠢᠯ ᠣᠯᠠᠰᠢᠷᠠᠪᠠᠯ᠂ ᠮᠠᠲ᠋ᠧᠷᠢᠶᠠᠯ ᠰᠣᠩᠭᠤᠬᠤ ᠳᠤ ᠪᠠᠲᠤᠯᠠᠭ᠎ᠠ ᠬᠠᠩᠭᠠᠵᠤ ᠴᠢᠳᠠᠬᠤ ᠪᠣᠯᠣᠨ᠎ᠠ ᠭᠡᠵᠦ ᠲᠣᠳᠣᠷᠬᠠᠢ ᠵᠢᠭᠠᠵᠤ ᠭᠠᠷᠭᠠᠪᠠ᠃ ᠡᠨᠡ ᠨᠢ ᠵᠠᠯᠠᠭᠤ ᠪᠠᠭᠠᠴᠤᠳ ᠮᠡᠳᠡᠯᠭᠡ ᠪᠠᠨ ᠨᠡᠮᠡᠭᠳᠡᠭᠦᠯᠬᠦ ᠶᠢᠨ ᠬᠠᠮᠲᠤ ᠪᠠᠰᠠ ᠥᠪᠡᠷ ᠤᠨ ᠣᠨᠴᠠ ᠴᠢᠳᠠᠪᠤᠷᠢ ᠪᠠ ᠳᠤᠷ᠎ᠠ ᠰᠣᠨᠢᠷᠬᠠᠯ ᠢᠶᠠᠨ ᠣᠯᠵᠤ᠂ ᠲᠡᠳᠡᠨ ᠢ ᠦᠨᠡᠨ ᠰᠡᠳᠬᠢᠯ ᠠᠴᠠ ᠪᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠳᠤᠷᠠᠲᠠᠢ ᠪᠣᠯᠭᠠᠵᠤ᠂ ᠲᠤᠰᠬᠠᠢ ᠮᠡᠷᠭᠡᠵᠢᠯ ᠤᠨ ᠪᠣᠯᠪᠠᠰᠤᠷᠠᠯ ᠳᠤ ᠣᠷᠤᠯᠴᠠᠬᠤ ᠤᠷᠤᠯᠴᠠᠭᠤᠯᠬᠤ ᠶᠢᠨ ᠲᠦᠯᠦᠭᠡ ᠶᠤᠮ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠱᠢ ᠶᠢᠩ ᠪᠠᠰᠠ ᠬᠡᠰᠡᠭ ᠭᠡᠷ ᠤᠨ ᠠᠬᠠᠮᠠᠳ ᠮᠥᠨ ᠬᠦ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠲᠠᠯ᠎ᠠ ᠪᠠᠷ ᠠᠳᠡᠭᠦᠦ ᠣᠶᠢᠯᠠᠭᠠᠯᠲᠠ ᠲᠠᠢ ᠪᠠᠶᠢᠵᠤ᠂ ᠨᠡᠶᠢᠳᠡᠮ ᠳᠡᠭᠡᠨ ︽ᠲᠡᠩᠳᠡᠬᠦᠦ ᠶᠠᠳᠠᠷᠠᠯ ᠲᠠᠢ᠂ ᠥᠷᠢᠰᠦᠯᠳᠦᠭᠡᠨ ᠶᠡᠭᠡ᠂ ᠭᠠᠷᠬᠤ ᠵᠠᠮ ᠦᠭᠡᠢ︾  ᠭᠡᠵᠦ ᠦᠵᠡᠳᠡᠭ ᠢ ᠤᠯᠵᠦ ᠮᠡᠳᠡᠭᠰᠡᠨ ᠪᠠᠶᠢᠨ᠎ᠡ᠃ ᠯᠢᠦ ᠱᠢ ᠶᠢᠩ ᠢᠯᠡᠷᠬᠡᠶᠢᠯᠡᠬᠦ ᠳᠡᠭᠡᠨ᠂ ︽ᠪᠡᠶ᠎ᠡ ᠶᠢᠨ ᠲᠠᠮᠢᠷ ᠤᠨ ᠲᠠᠯ᠎ᠠ ᠪᠠᠷ ᠲᠥᠷᠥᠯᠬᠢ ᠠᠪᠢᠶᠠᠰ ᠲᠠᠢ ᠬᠡᠦᠬᠡᠳ ᠲᠤ ᠠᠪᠴᠤ ᠬᠡᠯᠡᠪᠡᠯ᠂ ᠪᠡᠶ᠎ᠡ ᠶᠢᠨ ᠲᠠᠮᠢᠷ ᠤᠨ ᠵᠠᠮ ᠢ ᠲᠠᠶᠠᠭᠳᠠᠬᠤ ᠨᠢ ᠮᠠᠰᠢ ᠬᠠᠷᠠᠮᠰᠠᠯᠲᠠᠢ ᠶᠤᠮ︾ ᠭᠡᠵᠡᠢ᠃ ᠲᠡᠷᠡ ᠭᠡᠷ ᠤᠨ ᠠᠬᠠᠮᠠᠳ ᠲᠤ ᠪᠡᠶ᠎ᠡ ᠶᠢᠨ ᠲᠠᠮᠢᠷ ᠤᠨ ᠬᠢᠴᠢᠶᠡᠯ ᠤᠨ ᠲᠠᠩᠬᠢᠮ ᠭᠠᠷᠭᠠᠵᠤ᠂ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠴᠢᠭᠯᠡᠯ᠂ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ ᠣᠨᠣᠪᠴᠢᠲᠠᠶ ᠣᠶᠢᠯᠠᠭᠠᠭᠤᠯᠵᠤ᠂ ᠭᠡᠷ ᠤᠨ ᠠᠬᠠᠮᠠᠳ ᠤᠨ ᠦᠵᠡᠯᠲᠡ ᠶᠢ ᠬᠤᠪᠢᠷᠠᠭᠤᠯᠵᠤ᠂ ᠭᠡᠷ ᠤᠨ ᠠᠬᠠᠮᠠᠳ ᠠᠴᠠ ᠬᠡᠦᠬᠡᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠬᠦ ᠶᠢ ᠲᠡᠮᠵᠢᠬᠦ ᠪᠤᠯᠭᠠᠪᠠᠯ ᠵᠤᠬᠢᠨ᠎ᠡ ᠭᠡᠵᠦ ᠪᠠᠶᠢᠪᠠ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号