ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠳ᠋ᠢᠩ ᠶᠠ ᠯᠢᠨ᠄ ᠬᠥᠳᠡᠭᠡ ᠲᠣᠰᠬᠤᠨ ᠤ ᠲᠠᠯᠠᠪᠤᠷ ᠲᠥᠬᠦᠭᠡᠷᠦᠮᠵᠢ ᠶᠢ ᠵᠦᠢ ᠵᠣᠬᠢᠰᠲᠠᠢ ᠪᠠᠶᠢᠷᠢᠯᠠᠭᠤᠯᠵᠤ᠂ ᠣᠯᠠᠨ ᠲᠦᠮᠡᠨ ᠳᠤ ᠨᠠᠩ ᠢᠯᠡᠭᠦᠦ ᠠᠰᠢᠭ ᠭᠥᠷᠳᠡᠭᠰᠡᠨ ᠲᠥᠷᠥᠭᠳᠡᠯ ᠣᠯᠭᠤᠨ᠎ᠠ
ᠨᠡᠶᠢᠲᠡᠯᠡᠭᠰᠡᠨ ᠴᠠᠭ᠄
2023/3/14
    ︽ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠬᠥᠳᠡᠭᠡ ᠲᠣᠰᠬᠤᠨ ᠢ ᠨᠠᠩ ᠠᠩᠬᠠᠷᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠠᠬᠢᠭᠤᠯᠵᠤ ᠪᠠᠶᠢᠭ᠎ᠠ ᠠᠬᠤᠢ ᠪᠠᠶᠢᠳᠠᠯ ᠳᠣᠣᠷ᠎ᠠ᠂ ᠪᠡᠶ᠎ᠡ ᠶᠢᠨ ᠲᠠᠮᠢᠷ ᠨᠢ ᠬᠥᠮᠥᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ  ᠠᠬᠢᠭᠤᠯᠬᠤ ᠪᠠᠷ ᠪᠠᠷᠠᠬᠤ ᠦᠭᠡᠢ᠂ ᠤᠶᠤᠨ ᠰᠠᠨᠠᠭᠠᠨ ᠤ ᠳᠦᠷᠰᠦ ᠪᠠᠶᠢᠳᠠᠯ ᠤᠨ ᠰᠢᠨ᠎ᠡ ᠪᠠᠶᠢᠳᠠᠯ ᠢ ᠪᠤᠢ ᠪᠤᠯᠭᠠᠵᠦ ᠦᠭᠳᠡᠭ᠃ ᠪᠡᠶ᠎ᠡ ᠶᠢᠨ ᠲᠠᠮᠢᠷ ᠤᠨ ᠦᠢᠯᠡᠳᠦᠯ  ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠪᠠᠳᠠᠷᠠᠭᠤᠯᠬᠤ ᠳᠤ᠂ ᠡᠩ ᠲᠡᠷᠢᠭᠦᠨ ᠳᠤ ᠲᠣᠰᠬᠤᠨ ᠤ ᠠᠷᠠᠳ ᠤᠨ ᠳᠡᠷᠭᠡᠳᠡᠬᠢ ᠪᠡᠶ᠎ᠡ ᠶᠢᠨ ᠲᠠᠮᠢᠷ ᠤᠨ ᠲᠠᠯᠠᠪᠤᠷ ᠲᠥᠬᠦᠭᠡᠷᠦᠮᠵᠢ ᠶᠢ ᠪᠠᠲᠤᠯᠠᠵᠤ᠂ ᠤᠯᠠᠨ ᠲᠦᠮᠡᠨ ᠤ ᠡᠳᠦᠷ ᠲᠤᠳᠤᠮ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠬᠡᠷᠡᠭᠲᠡᠢ︾᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠬᠤᠪᠧᠢ ᠮᠤᠵᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠳ᠋ᠢᠩ ᠶᠠ ᠯᠢᠨ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠳᠤ ᠬᠥᠳᠡᠭᠡ ᠲᠣᠰᠬᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠲᠤᠷᠠᠳᠤᠯᠭ᠎ᠠ ᠲᠤᠷᠠᠳᠪᠠ᠃     2023 ᠣᠨ ᠤ 1 ᠰᠠᠷ᠎ᠠ ᠠᠴᠠ 2 ᠰᠠᠷ᠎ᠠ ᠪᠣᠯᠲᠠᠯ᠎ᠠ᠂ ᠬᠤᠸᠠᠵᠦ᠋ᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠪᠦᠬᠦ ᠤᠯᠤᠰ ᠤᠨ ᠡᠯ᠎ᠡ ᠭᠠᠵᠠᠷ ᠤᠨ 98 ᠲᠣᠰᠬᠤᠨ ᠳᠤ ᠬᠦᠷᠴᠦ᠂ ᠬᠥᠳᠡᠭᠡ ᠲᠣᠰᠬᠤᠨ ᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠣᠳᠣᠬᠢ ᠪᠠᠶᠢᠳᠠᠯ ᠤᠨ ᠲᠣᠭᠤᠷᠢᠨ ᠳᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠳᠠ ᠬᠢᠪᠡ᠃ ᠪᠠᠶᠢᠴᠠᠭᠠᠯᠲᠠ  ᠢᠶᠠᠷ ᠲᠠᠮᠵᠢᠨ᠂ ︽ᠪᠠᠶᠢᠬᠤ ᠡᠰᠡᠬᠦ︾ ᠲᠠᠢ ᠬᠠᠷᠢᠴᠠᠭᠤᠯᠪᠠᠯ᠂ ︽ᠰᠢᠯᠢᠳᠡᠭ ᠡᠰᠡᠬᠦ︾ ᠶᠢᠨ ᠠᠰᠠᠭᠤᠳᠠᠯ ᠨᠢ ᠠᠳᠠᠯᠢᠬᠠᠨ ᠵᠠᠩᠭᠢᠯᠠᠭ᠎ᠠ ᠪᠤᠯᠬᠤ ᠶᠢ ᠤᠯᠵᠦ ᠮᠡᠳᠡᠪᠡ᠃ ᠳ᠋ᠢᠩ ᠶᠠ ᠯᠢᠨ ᠠᠴᠠ᠄ ︽ᠪᠡᠶ᠎ᠡ ᠶᠢᠨ ᠲᠠᠮᠢᠷ ᠤᠨ ᠲᠠᠯᠠᠪᠠᠢ ᠲᠥᠬᠦᠭᠡᠷᠦᠮᠵᠢ ᠪᠣᠯ ᠦᠨᠳᠦᠰᠦᠨ ᠪᠠᠲᠤᠯᠠᠭ᠎ᠠ ᠮᠥᠨ᠂ ᠲᠠᠯᠠᠪᠠᠢ ᠶᠢ ᠭᠡᠷ ᠤᠨ ᠡᠭᠦᠳᠡᠨ ᠳᠤ ᠪᠠᠶᠢᠭᠤᠯᠵᠤ᠂ ᠲᠣᠰᠬᠤᠨ ᠤ ᠠᠷᠠᠳ ᠤᠨ ᠡᠳᠦᠷ ᠲᠤᠳᠤᠮ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠵᠤ᠂ ᠤᠷᠳᠤ ᠬᠤᠭᠤᠴᠠᠭ᠎ᠠ ᠪᠠᠷ ᠪᠡᠶ᠎ᠡ ᠶᠢᠨ ᠲᠠᠮᠢᠷ ᠤᠨ ᠪᠣᠯᠪᠠᠰᠤᠷᠠᠯ ᠬᠢᠪᠡᠯ ᠰᠠᠶ᠋ᠢ ᠡᠷᠡᠭᠦᠯ ᠴᠢᠭᠢᠷᠠᠭ ᠢ ᠨᠡᠩ ᠰᠠᠶᠢᠨ ᠠᠬᠢᠭᠤᠯᠵᠤ ᠴᠢᠳᠠᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠨ ᠬᠡᠷᠡᠭᠵᠢᠭᠦᠯᠦᠭᠳᠡᠬᠦ ᠶᠢ ᠳᠠᠭᠠᠯᠳᠤᠨ᠂ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠶᠢᠨ ᠲᠠᠮᠢᠷ ᠤᠨ ᠲᠠᠯᠠᠪᠠᠶ  ᠨᠢ ᠢᠮᠠᠭᠲᠠ ᠳᠡᠭᠡᠭᠰᠢᠯᠡᠵᠦ ᠪᠠᠶᠢᠬᠤ ᠳᠤ᠂ ᠠᠷᠠᠳ ᠢᠷᠭᠡᠳ ᠶᠠᠭᠤᠨ ᠤ ᠤᠴᠢᠷ ᠠᠴᠠ ᠪᠠᠰᠠ ᠲᠠᠯᠠᠪᠤᠷ ᠪᠠᠶᠢᠬᠤ ᠦᠭᠡᠢ ᠭᠡᠵᠡᠭᠡᠳᠡᠭ ᠪᠣᠶ᠂ ᠨᠢᠭᠡ ᠲᠠᠯ᠎ᠠ ᠪᠠᠷ ᠲᠤᠭ᠎ᠠ ᠬᠡᠮᠵᠢᠶᠡᠨ ᠤ ᠬᠠᠩᠭᠠᠯᠭ᠎ᠠ ᠶᠢ ᠪᠠᠰᠠ ᠨᠡᠮᠡᠭᠳᠡᠭᠦᠯᠬᠦ ᠴᠢᠬᠤᠯᠠᠲᠠᠢ ᠪᠠᠶᠢᠨ᠎ᠠ᠂ ᠨᠥᠭᠦᠭᠡ ᠲᠠᠯ᠎ᠠ ᠪᠠᠷ᠂ ᠬᠥᠳᠡᠭᠡ ᠲᠣᠰᠬᠤᠨ ᠤ ᠬᠥᠮᠥᠨ ᠠᠮᠠ ᠨᠡᠯᠢᠶᠡᠳ ᠲᠠᠷᠠᠬᠠᠢ ᠪᠤᠲᠠᠷᠬᠠᠢ ᠪᠠᠶᠢᠵᠤ᠂ ᠬᠥᠮᠥᠨ ᠠᠮᠠ ᠶᠢᠨ ᠬᠡᠪᠴᠢᠶ᠎ᠡ ᠶᠢ ᠵᠦᠢ ᠵᠣᠬᠢᠰᠲᠠᠢ ᠪᠠᠶᠢᠷᠢᠰᠢᠭᠤᠯᠵᠤ᠂ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ᠬᠤᠯᠪᠣᠯᠳᠤᠭᠤᠯᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠳᠤ ᠲᠠᠯᠠᠪᠤᠷ ᠭᠠᠵᠠᠷ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠬᠦ ᠨᠢ ᠵᠠᠩᠭᠢᠯᠠᠭ᠎ᠠ ᠪᠤᠯᠤᠨ᠎ᠡ᠃ ᠡᠭᠦᠨ ᠠᠴᠠ ᠭᠠᠳᠠᠨ᠎ᠠ᠂ ᠬᠥᠳᠡᠭᠡ ᠲᠣᠰᠬᠤᠨ ᠤ ᠮᠠᠰᠢ ᠣᠯᠠᠨ ᠪᠠᠶᠢᠩᠭᠤ ᠰᠠᠭᠤᠭ᠎ᠠ ᠬᠥᠮᠥᠨ ᠠᠮᠠ ᠶᠢᠨ ᠤᠯᠠᠩᠭᠢ ᠨᠢ ᠨᠠᠰᠤᠲᠠᠶᠢᠴᠤᠳ ᠪᠠ ᠬᠡᠦᠬᠡᠳ ᠪᠠᠶᠢᠵᠦ᠂ ᠨᠠᠰᠤᠵᠢᠯᠲᠠ ᠳᠤ ᠲᠣᠬᠢᠷᠠᠬᠤ ᠪᠡᠶ᠎ᠡ ᠶᠢᠨ ᠲᠠᠮᠢᠷ ᠤᠨ ᠲᠥᠬᠦᠭᠡᠷᠦᠮᠵᠢ ᠪᠤᠶᠤ ᠬᠡᠦᠬᠡᠳ ᠤᠨ ᠵᠤᠭ᠎ᠠ ᠴᠡᠩᠭᠡᠯ ᠤᠨ ᠲᠥᠬᠦᠭᠡᠷᠦᠮᠵᠢ ᠲᠤᠲᠠᠭᠳᠠᠵᠤ᠂ ᠪᠠᠰᠠ ᠬᠠᠩᠭᠠᠯᠭ᠎ᠠ ᠬᠡᠷᠡᠭᠴᠡᠭᠡ  ᠶᠢ ᠪᠤᠷᠤᠭᠤ ᠲᠣᠬᠢᠷᠠᠭᠤᠯᠬᠤ ᠠᠰᠠᠭᠤᠳᠠᠯ ᠣᠷᠣᠰᠢᠵᠤ ᠪᠠᠶᠢᠨ᠎ᠠ︾ ᠭᠡᠵᠡᠢ᠃     ᠳ᠋ᠢᠩ ᠶᠠ ᠯᠢᠨ ᠰᠠᠨᠠᠭᠤᠯᠬᠤ ᠳᠠᠭᠠᠨ᠂ ᠬᠥᠳᠡᠭᠡ ᠲᠣᠰᠬᠤᠨ ᠤ ᠪᠡᠶ᠎ᠡ ᠶᠢᠨ ᠲᠠᠮᠢᠷ ᠤᠨ ᠲᠠᠯᠠᠪᠠᠶ ᠲᠥᠬᠦᠭᠡᠷᠦᠮᠵᠢ ᠶᠢ ᠬᠥᠮᠥᠨ ᠪᠠ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠩᠭᠠᠬᠤ ᠬᠡᠷᠡᠭᠲᠡᠢ᠃ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠳᠤ ᠲᠣᠬᠢᠷᠠᠮᠵᠢᠲᠠᠢ ᠪᠠᠭᠠᠵᠢ ᠬᠡᠷᠡᠭᠰᠡᠯ ᠤᠨ ᠲᠥᠬᠦᠭᠡᠷᠦᠮᠵᠢ ᠶᠢ ᠨᠡᠮᠡᠨ ᠪᠠᠶᠢᠭᠤᠯᠵᠤ᠂ ᠬᠥᠳᠡᠭᠡ ᠲᠣᠰᠬᠤᠨ ᠤ ᠪᠡᠶ᠎ᠡ ᠶᠢᠨ ᠲᠠᠮᠢᠷ ᠤᠨ ᠲᠠᠯᠠᠪᠤᠷ ᠲᠥᠬᠦᠭᠡᠷᠦᠮᠵᠢ ᠶᠢᠨ ᠬᠠᠭᠤᠴᠢᠨ ᠢ ᠵᠠᠰᠠᠵᠦ ᠦᠭᠡᠷᠡᠴᠢᠯᠡᠬᠦ ᠬᠡᠷᠡᠭᠳᠡᠢ᠃ ᠲᠣᠰᠬᠤᠨ ᠤ ᠠᠷᠠᠳ ᠤᠨ ᠬᠡᠷᠡᠭᠴᠡᠭᠡ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ︽ᠲᠠᠷᠢᠶᠠᠴᠢᠳ ᠤᠨ ᠵᠠᠬᠢᠶᠠᠯᠠᠭ᠎ᠠ ᠶᠢᠨ ᠬᠠᠭᠤᠳᠠᠰᠤ︾ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ᠎ᠡ᠃ ᠬᠥᠳᠡᠭᠡ ᠲᠣᠰᠬᠤᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠳᠡᠭᠡ ᠲᠣᠰᠬᠤᠨ ᠤ ᠲᠣᠮᠣ ᠲᠠᠪᠴᠠᠩ᠂ ᠲᠠᠷᠢᠶᠠᠴᠢᠨ ᠠᠶᠢᠯ ᠤᠨ ᠨᠣᠮ ᠤᠨ ᠥᠷᠥᠭᠡ ᠵᠡᠷᠭᠡ ᠬᠥᠳᠡᠭᠡ ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠰᠣᠶᠣᠯ ᠲᠠᠮᠢᠷ ᠤᠨ ᠠᠭᠤᠰᠤᠯᠴᠠᠭᠰᠠᠨ᠂ ᠠᠷᠠᠳ ᠲᠤ ᠲᠥᠬᠦᠮ ᠠᠷᠠᠳ ᠲᠤ ᠠᠰᠢᠭᠲᠠᠢ ᠣᠯᠠᠨ ᠨᠡᠶᠢᠲᠡ ᠶᠢᠨ ᠰᠣᠶᠣᠯ ᠲᠠᠮᠢᠷ ᠤᠨ ᠣᠷᠣᠨ ᠵᠠᠢ ᠶᠢ ᠪᠣᠶ ᠪᠣᠯᠭᠠᠨ᠎ᠠ᠃ ᠡᠭᠦᠨ ᠤ ᠬᠠᠮᠲᠤ᠂ ᠲᠥᠯᠦᠪᠵᠢᠭᠦᠯᠭᠡ ᠪᠠᠶᠢᠷᠢᠰᠢᠭᠤᠯᠤᠯᠲᠠ ᠶᠢᠨ ᠲᠠᠯ᠎ᠠ ᠪᠠᠷ᠂ ᠪᠡᠶ᠎ᠡ ᠶᠢᠨ ᠲᠠᠮᠢᠷ ᠤᠨ ᠲᠥᠬᠦᠭᠡᠷᠦᠮᠵᠢ ᠪᠣᠯᠣᠨ ᠬᠥᠳᠡᠭᠡ ᠲᠣᠰᠬᠤᠨ ᠤ ᠪᠠᠶᠢᠭᠠᠯᠢ ᠶᠢᠨ ᠦᠵᠡᠮᠵᠢ ᠪᠠᠶᠢᠳᠠᠯ ᠢ ᠤᠶᠠᠯᠳᠤᠭᠤᠯᠬᠤ ᠶᠢ ᠴᠢᠬᠤᠯᠠᠴᠢᠯᠠᠵᠤ᠂ ᠬᠤᠯᠪᠤᠵᠦ ᠪᠠᠶᠢᠭᠠᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠠᠯᠢ ᠶᠢᠨ ᠠᠮᠢᠳᠤᠷᠠᠯ ᠤᠨ ᠵᠢᠷᠤᠭ ᠲᠥᠰᠥᠪ ᠢ ᠪᠣᠯᠭᠠᠵᠤ᠂ ᠲᠣᠰᠬᠤᠨ ᠤ ᠠᠷᠠᠳ ᠤᠨ ᠪᠡᠶ᠎ᠡ ᠴᠢᠭᠢᠷᠠᠭᠵᠢᠭᠤᠯᠬᠤ ᠬᠦᠰᠡᠯ ᠢ ᠬᠥᠭᠵᠢᠭᠡᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠬᠤ ᠬᠡᠷᠡᠭᠲᠡᠢ︔ ᠥᠨᠴᠥᠭ ᠪᠤᠯᠤᠩ ᠭᠠᠵᠠᠷ᠂ ᠰᠤᠯᠠ ᠪᠠᠶᠢᠬᠤ ᠭᠡᠷ ᠪᠠᠶᠢᠰᠢᠩ᠂ ᠲᠦᠷᠭᠡᠨ ᠵᠠᠮ ᠤᠨ ᠬᠥᠭᠦᠷᠭᠡᠨ ᠳᠣᠣᠷᠠᠬᠢ ᠣᠷᠣᠨ ᠵᠠᠢ ᠵᠡᠷᠭᠡ ᠶᠢ ᠠᠰᠢᠭᠯᠠᠨ᠂ ᠬᠥᠳᠡᠭᠡ ᠲᠣᠰᠬᠤᠨ ᠤ ᠭᠡᠷ ᠳᠣᠲᠣᠷᠠᠬᠢ ᠵᠢᠵᠢᠭ ᠬᠡᠯᠪᠡᠷᠢ ᠶᠢᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠣᠰᠬᠤᠨ ᠤ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号