ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠺᠠᠳ᠋ᠷ ᠤᠨ ᠶᠡᠭᠡ ᠬᠤᠷᠠᠯ ᠬᠤᠷᠠᠯᠳᠤᠭᠤᠯᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/3/16
    3 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠺᠠᠳ᠋ᠷ ᠤᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠵᠢᠴᠢ ᠰᠦᠨ ᠱᠣᠸ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠪᠴᠢᠶ᠎ᠠ ᠶᠢ ᠪᠥᠬᠦ ᠲᠠᠯ᠎ᠠ ᠪᠠᠷ ᠳᠠᠶᠢᠴᠢᠯᠠᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃       ᠬᠤᠷᠠᠯ ᠠᠴᠠ᠂ ᠨᠢᠭᠡ ᠳᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠲᠠᠨ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠰᠤᠷᠤᠯᠴᠠᠬᠤ ᠠᠭᠤᠯᠭ᠎ᠠ ᠶᠢ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠯᠭᠠᠬᠤ ᠶᠢ ᠪᠠᠲᠤᠯᠠᠵᠤ᠂ ᠰᠤᠷᠤᠯᠴᠠᠯᠭ᠎ᠠ ᠶᠢ ᠭᠦᠨᠵᠡᠭᠡᠢ ᠦᠢᠯᠡᠳᠦᠯ ᠲᠠᠢ ᠪᠠᠶᠢᠯᠭᠠᠬᠤ ᠶᠢ ᠪᠠᠲᠤᠯᠠᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠶᠡᠭᠡ ᠲᠠᠯ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠦᠷᠦ ᠶᠢᠨ ᠪᠣᠳᠣᠯᠭ᠎ᠠ ᠤᠨᠤᠯ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ︔ ᠬᠤᠶᠠᠷ ᠲᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠡᠶ᠎ᠡ ᠶᠢᠨ ᠲᠠᠮᠢᠷ ᠤᠨ ᠰᠢᠰᠲ᠋ᠧᠮ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠭᠠᠵᠠᠷ ᠭᠡᠷ᠂ ᠡᠯ᠎ᠡ ᠲᠥᠪ ᠤᠨ ᠭᠤᠣᠯ ᠬᠠᠷᠢᠭᠤᠴᠠᠯᠭᠠᠲᠠᠨ ᠢᠶᠠᠷ ᠲᠦᠷᠦᠭᠦᠯᠡᠭᠦᠯᠦᠨ᠂ ᠥᠪᠡᠷ ᠤᠨ ᠪᠡᠶ᠎ᠡ ᠢᠶᠠᠷ ᠢᠶᠠᠨ ᠣᠷᠣᠯᠴᠠᠵᠤ᠂ ᠠᠵᠢᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠪᠣᠳᠣᠯᠬᠢᠯᠠᠨ ᠰᠦᠪᠡᠭᠴᠢᠯᠡᠵᠦ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠥᠨᠳᠥᠷ ᠪᠠᠶᠢᠬᠤ᠂ ᠨᠠᠷᠢᠨ ᠣᠨᠣᠪᠴᠢᠲᠠᠢ ᠪᠠᠶᠢᠬᠤ᠂ ᠪᠣᠳᠠᠲᠠᠢ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ︔ ᠭᠤᠷᠪᠠ ᠳᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ︽ᠲᠦᠷᠭᠡᠨ︾︾ ᠢ ᠲᠡᠷᠢᠭᠦᠨ ᠳᠤ ᠲᠠᠯᠪᠢᠵᠤ᠂ ︽ᠪᠣᠳᠠᠲᠠᠢ︾ ᠪᠠᠷ ᠭᠤᠣᠯᠳᠠᠯᠭ᠎ᠠ ᠪᠣᠯᠭᠠᠵᠤ᠂ ᠰᠢᠯᠭᠠᠯᠳᠠ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠬᠦᠷᠢᠶᠡᠨ  ᠳᠠᠬᠢ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢ ᡁᠢ ᠶᠢᠦ᠂ ᠵᠠᠩ ᡁᠢ᠂ ᠯᠢᠦ ᠬᠤ᠋ ᠴᠧᠩ᠂ ᠪᠠᠶᠢᠭᠤᠯᠭ᠎ᠠ ᠶᠢᠨ ᠪᠦᠬᠦ ᠠᠵᠢᠯᠲᠠᠨ᠂ ᠰᠢᠭᠤᠳ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠠᠯᠪᠠᠨ ᠭᠡᠷ ᠤᠨ ᠡᠷᠬᠢᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号