| 3 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠶᠢ | ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠪᠥᠷ ᠮᠣᠩᠭᠤᠯ ᠤᠨ ᠮᠣᠷᠢᠨ ᠤᠷᠤᠯᠳᠤᠭᠠᠨ ᠤ ᠲᠠᠯᠠᠪᠠᠶ ᠳᠤ | ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠵᠠᠩ ᡁᠢ ᠠᠵᠢᠯᠯᠠᠭ᠎ᠠ ᠳᠤ ᠤᠷᠤᠯᠴᠠᠪᠠ᠃ | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ᠂ ᠪᠡᠯᠡᠳᠬᠡᠯ | ᠲᠠᠮᠢᠷ᠂ ᠬᠡᠶᠢᠲᠦ ᠠᠯᠠᠭᠠᠳᠠᠬᠤ ᠪᠥᠮᠪᠦᠭᠡ᠂ ᠬᠡᠦᠬᠡᠳ ᠤᠨ ᠲᠡᠩᠴᠡᠭᠦᠷᠢ ᠶᠢᠨ ᠲᠡᠷᠭᠡ ᠵᠡᠷᠭᠡ ᠦᠵᠡᠭᠦᠯᠦᠯᠭᠡ ᠶᠢᠨ | ᠠᠵᠢᠯᠯᠠᠭ᠎ᠠ ᠶᠢ ᠥᠷᠨᠢᠭᠦᠯᠪᠡ᠃ ᠲᠤᠬᠠᠢ ᠶᠢᠨ ᠲᠠᠯᠠᠪᠤᠷ ᠤᠨ ᠣᠯᠠᠨ ᠲᠦᠮᠡᠨ ᠢᠯᠡᠷᠬᠡᠶᠢᠯᠡᠬᠦ ᠳᠡᠭᠡᠨ᠂ ᠪᠥᠬᠦ ᠠᠷᠠᠳ | ᠢᠶᠠᠷ ᠢᠶᠠᠨ ᠪᠡᠶ᠎ᠡ ᠴᠢᠬᠢᠷᠠᠭᠵᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠣᠯᠠᠨ ᠲᠦᠮᠡᠨ ᠳᠤ ᠡᠯ᠎ᠡ | ᠵᠦᠢᠯ ᠤᠨ ᠪᠡᠶ᠎ᠡ ᠴᠢᠭᠢᠷᠠᠭᠵᠢᠭᠤᠯᠬᠤ ᠦᠵᠡᠭᠦᠯᠦᠯᠭᠡ ᠶᠢ ᠦᠵᠡᠭᠦᠯᠵᠦ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ | ᠤᠷᠤᠯᠴᠠᠭᠤᠯᠤᠯᠠ᠂ ᠡᠶᠢᠮᠦᠷᠬᠦ ᠠᠵᠢᠯᠯᠠᠭ᠎ᠠ ᠶᠢ ᠦᠷᠭᠦᠯᠵᠢ ᠶᠠᠪᠤᠭᠳᠠᠭᠤᠯᠵᠤ᠂ ᠨᠠᠩ ᠣᠯᠠᠨ ᠠᠷᠠᠳ ᠲᠦᠮᠡᠨ ᠢ | ᠣᠷᠣᠯᠴᠠᠭᠤᠯᠵᠤ᠂ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠤᠨ᠂ ᠡᠷᠡᠭᠦᠯ ᠴᠢᠭᠢᠷᠠᠭ ᠪᠡᠶ᠎ᠡ ᠮᠠᠬᠠᠪᠤᠳ ᠲᠠᠢ | ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠣᠯᠠᠨ | ᠲᠦᠮᠡᠨᠴᠢ ᠪᠡᠶ᠎ᠡ ᠶᠢᠨ ᠲᠠᠮᠢᠷ ᠤᠨ ᠭᠠᠵᠠᠷ ᠤᠨ ᠲᠠᠷᠤᠭ᠎ᠠ ᠴᠢᠨ ᠶᠢᠩ ᠬᠡᠯᠡᠬᠦ ᠳᠡᠭᠡᠨ᠂ ᠡᠯᠪᠡᠭ ᠪᠠᠶᠠᠯᠢᠭ᠂ ᠣᠯᠠᠨ | ᠲᠦᠮᠡᠨ ᠤ ᠣᠷᠤᠯᠴᠠᠬᠤ ᠳᠤ ᠳᠥᠭᠦᠮ ᠦᠵᠡᠭᠦᠯᠬᠦ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠵᠡᠭᠦᠯᠦᠯᠭᠡ᠂ | ᠰᠣᠯᠢᠯᠴᠠᠭ᠎ᠠ᠂ ᠤᠷᠤᠯᠳᠤᠭᠠᠨ᠂ ᠪᠣᠯᠪᠠᠰᠤᠷᠠᠯ ᠵᠡᠷᠭᠡ ᠶᠢ ᠥᠷᠭᠡᠨ ᠳᠡᠯᠭᠡᠷ ᠥᠷᠨᠢᠭᠦᠯᠬᠦ ᠪᠠᠷ ᠳᠠᠮᠵᠢᠭᠤᠯᠤᠨ᠂ ᠪᠡᠶ᠎ᠡ | ᠴᠢᠭᠢᠷᠠᠭᠵᠢᠭᠤᠯᠬᠤ ᠦᠵᠡᠯ ᠤᠬᠠᠮᠰᠠᠷ ᠢ ᠴᠢᠩᠭᠠᠷᠠᠭᠤᠯᠵᠤ᠂ ᠰᠠᠶᠢᠨ ᠰᠠᠶᠢᠬᠠᠨ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠳᠠᠳᠬᠠᠯ ᠢ ᠪᠣᠶ ᠪᠣᠯᠭᠠᠵᠤ᠂ ᠪᠥᠬᠦ ᠨᠡᠶᠢᠭᠡᠮ ᠳᠤ ᠪᠡᠶ᠎ᠡ ᠴᠢᠭᠢᠷᠠᠭᠵᠢᠭᠤᠯᠬᠤ ᠶᠢ ᠡᠷᠬᠢᠮᠯᠡᠬᠦ᠂ ᠪᠡᠶ᠎ᠡ | ᠴᠢᠭᠢᠷᠠᠭᠵᠢᠭᠤᠯᠬᠤ ᠳᠤ ᠣᠷᠤᠯᠴᠠᠬᠤ᠂ ᠡᠷᠡᠭᠦᠯ ᠴᠢᠭᠢᠷᠠᠭ ᠢ ᠬᠥᠭᠡᠭᠡᠴᠡᠯᠳᠦᠬᠦ ᠪᠣᠯᠪᠠᠰᠤᠨ ᠠᠮᠢᠳᠤᠷᠠᠯ ᠤᠨ ᠠᠷᠭ᠎ᠠ | ᠮᠠᠶ᠋ᠢᠭ ᠪᠠ ᠪᠡᠶ᠎ᠡ ᠴᠢᠭᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠮᠠᠨ ᠤ ᠣᠷᠣᠨ ᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠳᠡᠯᠭᠡᠨ | ᠦᠵᠡᠭᠦᠯᠬᠦ ᠪᠣᠯᠣᠨ᠎ᠠ ᠭᠡᠪᠡ᠃ |