| 3 ᠰᠠᠷ᠎ᠠ ᠶᠢᠨ 19 ᠤ ᠡᠳᠦᠷ᠂ 2023 ᠣᠨ ᠤ ᠤᠯᠤᠰ ᠤᠨ ᠰᠤᠷ ᠬᠠᠷᠪᠤᠬᠤ ᠠᠩᠭᠢ ᠶᠢᠨ ᠬᠠᠷᠪᠤᠯᠳᠠ ᠶᠢᠨ | ᠳᠡᠯᠡᠬᠡᠢ ᠶᠢᠨ ᠬᠤᠨᠳᠠᠭᠠᠲᠤ ᠤᠷᠤᠯᠳᠤᠭᠠᠨ ᠳᠤ ᠤᠷᠤᠯᠴᠠᠬᠤ ᠲᠠᠮᠢᠷᠴᠢᠨ ᠢ ᠰᠢᠯᠭᠠᠷᠠᠭᠤᠯᠬᠤ | ᠤᠷᠤᠯᠳᠤᠭᠠᠨ ︵ᠳᠥᠷᠪᠡᠳᠦᠭᠡᠷ ᠲᠠᠯᠠᠪᠤᠷ︶ ᠬᠠᠶᠢᠨᠠᠨ ᠮᠤᠵᠢ ᠶᠢᠨ ᠬᠠᠶᠢᠺᠧᠦ ᠬᠤᠲᠠ ᠳᠤ ᠥᠨᠳᠥᠷᠯᠡᠪᠡ᠃ ᠮᠠᠨ ᠤ | ᠣᠷᠣᠨ ᠤ ᠰᠤᠷ ᠬᠠᠷᠪᠤᠯᠲᠠ ᠶᠢᠨ ᠠᠩᠭᠢ ᠶᠢᠨ ᠲᠠᠮᠢᠷᠴᠢᠨ ᠬᠠᠶᠢᠯᠠᠭᠠᠨ ᠳᠥᠷᠪᠡᠨ ᠤᠳᠠᠭᠠᠨ ᠤ ᠬᠤᠪᠢ | ᠬᠤᠷᠠᠮᠳᠤᠭᠤᠯᠬᠤ ᠤᠷᠤᠯᠳᠤᠭᠠᠨ ᠤ ᠰᠢᠯᠭᠠᠷᠠᠭᠤᠯᠤᠯᠲᠠ ᠪᠠᠷ ᠳᠡᠮᠵᠢᠨ᠂ ᠡᠴᠦᠰ ᠲᠡᠭᠡᠨ ᠶᠡᠷᠦᠩᠬᠡᠢ ᠬᠤᠪᠢ ᠪᠠᠷ | ᠬᠤᠶᠠᠳᠤᠭᠠᠷ ᠲᠤ ᠤᠷᠤᠭᠰᠠᠨ ᠬᠢᠷᠢ ᠪᠦᠲᠦᠮᠵᠢ ᠪᠠᠷ ᠰᠣᠩᠭᠤᠭᠳᠠᠨ᠂ ᠳᠤᠮᠳᠠᠳᠤ ᠤᠯᠤᠰ ᠤᠨ ᠰᠤᠷ ᠬᠠᠷᠪᠤᠯᠲᠠ ᠶᠢᠨ | ᠠᠩᠭᠢ ᠶᠢ ᠲᠥᠯᠥᠭᠡᠯᠡᠨ 2023 ᠣᠨ ᠤ ᠰᠤᠷ ᠬᠠᠷᠪᠤᠯᠲᠠ ᠶᠢᠨ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠳᠤ | ᠣᠷᠤᠯᠴᠠᠬᠤ ᠬᠢᠷᠢ ᠬᠡᠮ ᠲᠠᠢ ᠪᠤᠯᠪᠠ᠂ ᠡᠨᠡ ᠨᠢ ᠮᠥᠨ ᠴᠦ ᠰᠢᠨ᠎ᠡ ᠵᠠᠭᠤᠨ ᠳᠤ ᠣᠷᠣᠭᠰᠠᠨ ᠠᠴᠠ ᠨᠠᠰᠢᠬᠢ ᠥᠪᠥᠷ | ᠮᠣᠩᠭᠤᠯ ᠤᠨ ᠰᠤᠷ ᠬᠠᠷᠪᠤᠯᠲᠠ ᠶᠢᠨ ᠠᠩᠭᠢ ᠶᠢᠨ ᠡᠮᠡᠭᠲᠡᠢ ᠲᠠᠮᠢᠷᠴᠢᠨ ᠠᠩᠬ᠎ᠠ ᠤᠳᠠᠭ᠎ᠠ ᠰᠤᠷ ᠬᠠᠷᠪᠤᠯᠲᠠ ᠶᠢᠨ | ᠳᠡᠯᠡᠬᠡᠢ ᠶᠢᠨ ᠬᠤᠨᠳᠠᠭᠠᠲᠤ ᠤᠷᠤᠯᠳᠤᠭᠠᠨ ᠳᠤ ᠤᠷᠤᠯᠴᠠᠬᠤ ᠭᠡᠵᠦ ᠪᠠᠶᠢᠭ᠎ᠠ ᠶᠠᠪᠤᠳᠠᠯ ᠪᠣᠯᠣᠨ᠎ᠠ᠃ |