2022 ᠣᠨ ᠤ ᠪᠤᠭᠤᠲᠤ ᠬᠤᠲᠠ ᠶᠢᠨ ︽ᠲᠠᠮᠢᠷ ᠤᠨ ᠰᠤᠭᠤᠯᠤᠭ᠎ᠠ ᠬᠤᠨᠳᠠᠭᠠᠳᠦ︾ ᠬᠤᠳᠠ ᠶᠢᠨ ᠬᠦᠯ ᠪᠦᠮᠪᠦᠭᠡ ᠶᠢᠨ ᠬᠤᠯᠪᠤᠭᠠᠳᠦ ᠤᠷᠤᠯᠳᠤᠭᠠᠨ ᠵᠢᠴᠢ ︽ᠪᠡᠶ᠎ᠡ ᠶᠢᠨ ᠲᠠᠮᠢᠷ ᠤᠨ  ᠶᠡᠷᠦᠩᠬᠡᠢ ᠬᠤᠨᠳᠠᠭᠠᠲᠤ︾ ᠳᠤᠮᠳᠠᠳᠤ ᠤᠯᠤᠰ ᠤᠨ ᠬᠤᠲᠠ ᠶᠢᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠰᠢᠯᠭᠠᠷᠠᠭᠤᠯᠬᠤ ᠤᠷᠤᠯᠳᠤᠭᠠᠨ ᠦᠨᠳᠦᠷᠯᠡᠪᠡ
ᠨᠡᠶᠢᠲᠡᠯᠡᠭᠰᠡᠨ ᠴᠠᠭ᠄
2023/3/24
    2023 ᠣᠨ ᠤ 3 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ 2022 ᠣᠨ ᠤ ᠪᠤᠭᠤᠲᠤ ᠬᠤᠲᠠ ᠶᠢᠨ ︽ᠲᠠᠮᠢᠷ  ᠤᠨ ᠰᠤᠭᠤᠯᠤᠭ᠎ᠠ ᠬᠤᠨᠳᠠᠭᠠᠳᠦ︾  ᠬᠤᠳᠠ   ᠶᠢᠨ  ᠬᠦᠯ  ᠪᠦᠮᠪᠦᠭᠡ   ᠶᠢᠨ  ᠬᠤᠯᠪᠤᠭᠠᠳᠦ  ᠤᠷᠤᠯᠳᠤᠭᠠᠨ  ᠵᠢᠴᠢ ︽ᠪᠡᠶ᠎ᠡ ᠶᠢᠨ ᠲᠠᠮᠢᠷ ᠤᠨ  ᠶᠡᠷᠦᠩᠬᠡᠢ ᠬᠤᠨᠳᠠᠭᠠᠲᠤ︾ ᠳᠤᠮᠳᠠᠳᠤ ᠤᠯᠤᠰ ᠤᠨ ᠬᠤᠲᠠ ᠶᠢᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠰᠢᠯᠭᠠᠷᠠᠭᠤᠯᠬᠤ ᠤᠷᠤᠯᠳᠤᠭᠠᠨ ᠦᠨᠳᠦᠷᠯᠡᠪᠡ᠃
    ᠲᠤᠰ ᠤᠳᠠᠭᠠᠨ ᠤ ᠤᠷᠤᠯᠳᠤᠭᠠᠨ ᠳᠤ ᠨᠡᠶᠢᠲᠡ 12 ᠪᠥᠮᠪᠥᠭᠡᠨ ᠠᠩᠭᠢ ᠶᠢᠨ 349 ᠬᠥᠮᠥᠨ ᠤᠷᠤᠯᠴᠠᠵᠦ᠂ ᠪᠦᠬᠦ ᠲᠠᠮᠢᠷᠴᠢᠨ᠂ ᠬᠢᠨᠠᠭᠴᠢ ᠬᠢᠵᠢᠭ ᠤᠨ ᠨᠥᠯᠥᠭᠡ ᠶᠢ ᠢᠯᠠᠨ ᠳᠠᠪᠠᠵᠤ ᠤᠷᠤᠯᠳᠤᠭᠠᠨ ᠢ ᠤᠷᠤᠭᠰᠢᠳᠠᠢ ᠶᠠᠪᠤᠭᠳᠠᠭᠤᠯᠪᠠ᠃ ᠲᠤᠰ ᠤᠳᠠᠭ᠎ᠠ ᠶᠢᠨ ᠤᠷᠤᠯᠳᠤᠭᠠᠨ ᠳᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠮᠠᠩᠯᠠᠶᠢᠯᠠᠵᠤ᠂ ᠪᠤᠭᠤᠲᠤ ᠬᠤᠳᠠ ᠶᠢᠨ ᠵᠢᠶᠦ᠋ᠨ ᠴᠢᠩ ᠬᠥᠯ ᠪᠥᠮᠪᠦᠭᠡ ᠶᠢᠨ ᠺᠯᠦ᠋ᠪ ᠲᠡᠳ᠋ᠯᠡᠪᠡ᠃ ᠤᠷᠤᠯᠳᠤᠭᠠᠨ ᠳᠤ ᠪᠠᠰᠠ ᠰᠢᠯᠢᠳᠡᠭ ᠲᠠᠮᠢᠷᠴᠢᠨ᠂ ᠰᠢᠯᠢᠳᠡᠭ ᠬᠢᠨᠠᠭᠴᠢ᠂ ᠰᠢᠯᠢᠳᠡᠭ ᠲᠤᠪᠳᠤᠯᠤᠭᠴᠢ᠂  ᠰᠢᠯᠢᠳᠡᠭ ᠡᠭᠦᠳᠡ ᠰᠠᠬᠢᠭᠴᠢ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ᠂ ᠡᠷᠬᠡ ᠲᠡᠭᠰᠢ ᠤᠷᠤᠯᠳᠤᠭᠠᠨ ᠤ ᠱᠠᠩᠨᠠᠯ ᠵᠡᠷᠭᠡ ᠱᠠᠩᠨᠠᠯ ᠢ ᠰᠢᠯᠭᠠᠷᠠᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号