︽ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠦᠷᠢᠮ︾ ᠢ 2022 ᠣᠨ ᠤ 12 ᠰᠠᠷ᠎ᠠ ᠶᠢᠨ | 22 ᠤᠨ ᠡᠳᠦᠷ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠬᠤᠶᠠᠳᠤᠭᠠᠷ ᠤᠳᠠᠭ᠎ᠠ ᠶᠢᠨ | ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠣᠲᠣ ᠨᠡᠶᠢᠲᠡᠯᠡᠪᠡ᠂ 2023 | ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠡᠶ᠎ᠡ ᠶᠢᠨ ᠲᠠᠮᠢᠷ ᠤᠨ ᠵᠢᠭᠤᠷᠠᠯᠳᠤᠭᠠᠨ ᠢ ᠴᠠᠭ ᠲᠤᠬᠠᠢ ᠳᠤᠨᠢ᠂ ᠲᠥᠪ ᠭᠤᠣᠯᠴᠢ ᠪᠠᠷ | ᠰᠢᠢᠳᠪᠦᠷᠢᠯᠡᠵᠦ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠵᠡᠷᠭᠡ ᠬᠤᠯᠪᠣᠭᠳᠠᠯ | ᠪᠦᠬᠦᠢ ᠬᠠᠤᠯᠢ ᠴᠠᠭᠠᠵᠠ ᠶᠢ ᠦᠨᠳᠦᠰᠦᠯᠡᠨ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ | ︵ᠳᠣᠷᠣᠭᠰᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠭᠡᠵᠦ ᠲᠣᠪᠴᠢᠯᠠᠨ᠎ᠠ︶ ᠤᠨ ᠪᠠᠶᠢᠭ᠎ᠠ | ᠭᠠᠵᠠᠷ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠭᠡᠵᠢᠩ ᠬᠤᠲᠠ ᠪᠠᠶᠢᠵᠤ᠂ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ︵ᠳᠣᠷᠣᠭᠰᠢ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠭᠡᠵᠦ | ᠲᠣᠪᠴᠢᠯᠠᠨ᠎ᠠ︶ ᠠᠴᠠ ᠵᠤᠬᠢᠶᠠᠨ ᠪᠠᠶᠢᠭᠤᠯᠤᠨ᠎ᠡ᠃ | ᠭᠤᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠣᠣᠷ᠎ᠠ ᠵᠢᠭᠰᠠᠭᠠᠭᠰᠠᠨ | ᠬᠡᠷᠡᠭ ᠢ ᠬᠦᠯᠢᠶᠡᠨ ᠠᠪᠤᠨ᠎ᠡ᠄ | ︵ᠨᠢᠭᠡ︶ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠠᠮᠢᠷᠴᠢᠳ ᠤᠨ ᠬᠠᠮᠢᠶᠠᠷᠤᠯᠲᠠ ᠶᠢᠨ | ᠨᠢᠭᠡᠴᠢ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠭᠴᠢ ᠶᠢᠨ ᠬᠥᠭᠡᠷᠦᠭᠦᠯᠬᠦ | ᠡᠮ ᠤᠨ ᠬᠠᠮᠢᠶᠠᠷᠤᠯᠲᠠ ᠪᠤᠶᠤ ᠪᠤᠰᠤᠳ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠭᠠᠷᠭᠠᠭᠰᠠᠨ ᠤᠷᠤᠯᠳᠤᠭᠠᠨ ᠳᠤ | ᠣᠷᠤᠯᠴᠠᠬᠤ ᠬᠢᠷᠢ ᠬᠡᠮ ᠢ ᠨᠢ ᠬᠠᠰᠤᠬᠤ᠂ ᠤᠷᠤᠯᠳᠤᠭᠠᠨ ᠤ ᠬᠢᠷᠢ ᠪᠦᠲᠦᠮᠵᠢ ᠶᠢ ᠨᠢ ᠬᠠᠰᠤᠬᠤ᠂ ᠤᠷᠤᠯᠳᠤᠭᠠᠨ ᠢ | ᠴᠠᠭᠠᠵᠠᠯᠠᠬᠤ ᠵᠡᠷᠭᠡ ᠰᠢᠢᠳᠪᠦᠷᠢᠯᠡᠬᠦ ᠲᠣᠭᠲᠠᠭᠠᠯ ᠢ ᠵᠥᠪᠰᠢᠶᠡᠷᠡᠬᠦ ᠦᠭᠡᠢ ᠠᠴᠠ ᠪᠣᠯᠵᠤ ᠡᠭᠦᠰᠦᠭᠰᠡᠨ | ᠵᠢᠭᠤᠷᠠᠯᠳᠤᠭᠠᠨ︔ | ︵ᠬᠤᠶᠠᠷ︶ ᠲᠠᠮᠢᠷᠴᠢᠨ ᠢ ᠳᠠᠩᠰᠠᠯᠠᠭᠤᠯᠬᠤ᠂ ᠰᠣᠯᠢᠯᠴᠠᠬᠤ ᠠᠴᠠ ᠪᠣᠯᠵᠤ ᠡᠭᠦᠰᠦᠭᠰᠡᠨ ᠵᠢᠭᠤᠷᠠᠯᠳᠤᠭᠠᠨ︔ | (ᠭᠤᠷᠪᠠ) ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠳᠤᠮᠳᠠ ᠭᠠᠷᠤᠭᠰᠠᠨ ᠪᠤᠰᠤᠳ | ᠵᠢᠭᠤᠷᠠᠯᠳᠤᠭᠠᠨ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠨᠳᠡᠯᠡᠨ ᠠᠴᠠ ᠲᠠᠰᠤᠯᠬᠤ ᠬᠠᠤᠯᠢ︾ ᠳᠤ | ᠲᠣᠭᠲᠠᠭᠠᠭᠰᠠᠨ ᠬᠥᠨᠳᠡᠯᠡᠨ ᠠᠴᠠ ᠲᠠᠰᠤᠯᠵᠤ ᠪᠣᠯᠬᠤ ᠵᠢᠭᠤᠷᠠᠯᠳᠤᠭᠠᠨ ᠪᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠬᠠᠤᠯᠢ︾ | ᠳᠤ ᠲᠣᠭᠲᠠᠭᠠᠭᠰᠠᠨ ᠬᠥᠳᠡᠯᠮᠦᠷᠢ ᠶᠢᠨ ᠮᠠᠷᠭᠤᠯᠳᠤᠭᠠᠨ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠬᠡᠪᠴᠢᠶᠡᠨ ᠳᠤ ᠪᠠᠭᠲᠠᠬᠤ ᠦᠭᠡᠢ᠃ | ᠳᠥᠷᠪᠡᠳᠦᠭᠡᠷ ᠵᠦᠢᠯ ᠲᠤᠬᠠᠢ ᠶᠢᠨ ᠬᠥᠮᠥᠨ ᠬᠠᠮᠲᠤ ᠪᠠᠷ ᠵᠠᠭᠤᠷᠠᠯᠳᠤᠭᠠᠨ ᠢ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠳᠤ ᠲᠤᠰᠢᠶᠠᠵᠤ ᠬᠥᠨᠳᠡᠯᠡᠨ ᠠᠴᠠ ᠲᠠᠰᠤᠯᠤᠭᠤᠯᠤᠭᠰᠠᠨ ᠪᠠᠶᠢᠪᠠᠯ᠂ ᠲᠤᠰ | ᠳᠦᠷᠢᠮ ᠤᠨ ᠶᠣᠰᠣᠭᠠᠷ ᠬᠥᠨᠳᠡᠯᠡᠨ ᠠᠴᠠ ᠲᠠᠰᠤᠯᠬᠤ ᠶᠢ ᠵᠦᠪᠰᠢᠶᠡᠷᠡᠯ᠎ᠡ ᠭᠡᠵᠦ ᠦᠵᠡᠨ᠎ᠡ᠃ | ᠲᠤᠬᠠᠢ ᠶᠢᠨ ᠬᠥᠮᠥᠨ ᠨᠢ ᠲᠤᠰ ᠳᠦᠷᠢᠮ ᠤᠨ ᠶᠣᠰᠣᠭᠠᠷ ᠬᠥᠨᠳᠡᠯᠡᠨ ᠠᠴᠠ ᠲᠠᠰᠤᠯᠤᠭᠤᠯᠬᠤ ᠪᠠᠷ ᠪᠣᠯᠵᠣᠨ | ᠲᠣᠭᠲᠠᠭᠰᠠᠨ ᠪᠣᠯᠪᠠᠴᠤ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢ ᠪᠣᠯᠵᠣᠨ ᠲᠣᠭᠲᠠᠭᠰᠠᠨ ᠦᠭᠡᠢ᠂ ᠡᠰᠡᠬᠦᠯ᠎ᠡ | ᠲᠤᠬᠠᠢ ᠶᠢᠨ ᠬᠥᠮᠥᠨ ᠤ ᠪᠣᠯᠵᠣᠨ ᠲᠣᠭᠲᠠᠭᠰᠠᠨ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠨᠡᠷᠡᠶᠢᠳᠦᠯ ᠨᠢ | ᠬᠡᠳᠦᠶᠢᠪᠡᠷ ᠣᠨᠣᠪᠴᠢ ᠦᠭᠡᠢ ᠪᠣᠯᠪᠠᠴᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠮᠥᠨ ᠭᠡᠵᠦ | ᠲᠣᠭᠲᠠᠭᠠᠵᠤ ᠴᠢᠳᠠᠪᠠᠯ᠂ ᠵᠢᠭᠤᠷᠠᠯᠳᠤᠭᠠᠨ ᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ | ᠲᠤᠰᠢᠶᠠᠵᠤ ᠬᠥᠨᠳᠡᠯᠡᠨ ᠠᠴᠠ ᠲᠠᠰᠤᠯᠤᠭᠤᠯᠬᠤ ᠶᠢ ᠵᠥᠪᠰᠢᠶᠡᠷᠡᠭᠰᠡᠨ ᠢᠶᠠᠷ ᠦᠵᠡᠨ᠎ᠡ᠃ | ᠲᠠᠪᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ︽ᠳᠤᠮᠳᠠᠳᠤ ᠤᠯᠤᠰ ᠤᠨ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ | ᠳᠡᠪᠲᠡᠷ︾ ︵ᠳᠣᠷᠣᠭᠰᠢ ︽ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠭᠡᠵᠦ ᠲᠣᠪᠴᠢᠯᠠᠨ᠎ᠠ︶ ᠢ | ᠭᠠᠷᠭᠠᠬᠤ ᠶᠢᠨ ᠬᠠᠮᠳᠦ ᠵᠠᠷᠯᠠᠬᠤ ᠬᠡᠷᠡᠭᠳᠡᠢ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ︽ᠬᠥᠨᠳᠡᠯᠡᠨ ᠠᠴᠠ ᠲᠠᠰᠤᠯᠤᠭᠴᠢ ᠶᠢᠨ | ᠨᠡᠷᠡᠰ ᠤᠨ ᠳᠡᠪᠲᠡᠷ︾ ᠲᠤ ︽ᠬᠥᠭᠡᠷᠦᠭᠦᠯᠬᠦ ᠡᠮ ᠢ ᠡᠰᠡᠷᠭᠦᠴᠡᠬᠦ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ | ᠳᠡᠪᠲᠡᠷ︾ ᠵᠡᠷᠭᠡ ᠲᠤᠰᠬᠠᠢ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠲᠡᠪᠳᠡᠷ ᠢ ᠲᠤᠬᠢᠷᠠᠭᠤᠯᠵᠦ ᠪᠤᠯᠤᠨ᠎ᠡ᠃ | ᠵᠢᠷᠭᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠬᠥᠨᠳᠡᠯᠡᠨ ᠠᠴᠠ | ᠲᠠᠰᠤᠯᠤᠭᠴᠢ ᠨᠢ ᠲᠥᠪ ᠭᠤᠣᠯᠴᠢ ᠪᠠᠶᠢᠬᠤ ᠬᠡᠷᠡᠭᠲᠡᠢ ᠪᠦᠭᠡᠳ ᠲᠤᠤᠷᠡᠬᠢ ᠨᠥᠬᠦᠴᠡᠯ ᠤᠳ ᠤᠨ ᠨᠢᠭᠡ ᠳᠤᠨᠢ | ᠨᠡᠶᠢᠴᠡᠭᠰᠡᠨ ᠪᠠᠶᠢᠬᠤ ᠬᠡᠷᠡᠭᠲᠡᠢ᠄ | (ᠨᠢᠭᠡ) ᠬᠠᠤᠯᠢᠴᠢ ᠶᠢᠨ ᠠᠵᠢᠯ ᠡᠷᠬᠢᠯᠡᠭᠡᠳ ᠪᠦᠬᠦᠯᠢ ᠨᠠᠢᠮᠠᠨ ᠵᠢᠯ ᠪᠣᠯᠤᠭᠰᠠᠨ︔ | (ᠬᠤᠶᠠᠷ) ᠬᠠᠤᠯᠢ ᠶᠢᠨ ᠲᠤᠰᠢᠶᠠᠯᠲᠠᠨ ᠤ ᠲᠤᠰᠢᠶᠠᠯ ᠢ ᠪᠦᠬᠦᠯᠢ ᠨᠠᠢᠮᠠᠨ ᠵᠢᠯ ᠬᠠᠷᠢᠭᠤᠴᠠᠵᠤ ᠥᠩᠭᠡᠷᠡᠭᠰᠡᠨ︔ | ︵ᠭᠤᠷᠪᠠ︶ ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ | ᠰᠢᠯᠭᠠᠯᠲᠠ ᠪᠠᠷ ᠳᠠᠮᠵᠢᠭᠠᠳ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠣᠯᠵᠤ᠂ ᠬᠥᠨᠳᠡᠯᠡᠨ ᠠᠴᠠ | ᠲᠠᠰᠤᠯᠬᠤ ᠠᠵᠢᠯ ᠢ ᠪᠦᠬᠦᠯᠢ ᠨᠠᠢᠮᠠᠨ ᠵᠢᠯ ᠬᠢᠭᠰᠡᠨ︔ | (ᠲᠦᠷᠪᠡ) ᠬᠠᠤᠯᠢ ᠶᠢᠨ ᠤᠬᠠᠭᠠᠨ᠂ ᠪᠡᠶ᠎ᠡ ᠶᠢᠨ ᠲᠠᠮᠢᠷ ᠤᠨ ᠤᠬᠠᠭᠠᠨ ᠤ ᠰᠤᠳᠤᠯᠤᠯ ᠪᠤᠶᠤ ᠵᠢᠭᠠᠨ ᠰᠤᠷᠭᠠᠬᠤ | ᠠᠵᠢᠯ ᠬᠢᠵᠦ ᠪᠠᠶᠢᠭ᠎ᠠ ᠪᠥᠭᠡᠳ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠶᠢᠬᠤ︔ | (ᠲᠠᠪᠤ) ᠬᠠᠤᠯᠢ ᠴᠠᠭᠠᠵᠠ ᠶᠢᠨ ᠮᠡᠳᠡᠯᠭᠡ ᠲᠠᠢ ᠪᠥᠭᠡᠳ ᠪᠡᠶ᠎ᠡ ᠶᠢᠨ ᠲᠠᠮᠢᠷ ᠤᠨ ᠪᠣᠳᠠᠲᠤ ᠠᠵᠢᠯ ᠬᠢᠭᠡᠳ | ᠪᠦᠬᠦᠯᠢ ᠨᠠᠢᠮᠠᠨ ᠵᠢᠯ ᠪᠣᠯᠤᠭᠰᠠᠨ᠃ | ᠨᠠᠢᠮᠠᠳᠤᠭᠠᠷ ᠵᠦᠢᠯ ᠲᠤᠰ ᠳᠦᠷᠢᠮ ᠳᠤ ᠲᠣᠭᠲᠠᠭᠠᠭᠰᠠᠨ ᠬᠤᠭᠤᠴᠠᠭ᠎ᠠ ᠪᠤᠶᠤ ᠲᠤᠰ ᠳᠦᠷᠢᠮ ᠢ | ᠦᠨᠳᠦᠰᠦᠯᠡᠨ ᠲᠣᠭᠲᠠᠭᠠᠭᠰᠠᠨ ᠬᠤᠭᠤᠴᠠᠭ᠎ᠠ ᠶᠢ ᠬᠤᠭᠤᠴᠠᠭ᠎ᠠ ᠡᠬᠢᠯᠡᠭᠰᠡᠨ ᠤ ᠲᠠᠷᠠᠭ᠎ᠠ ᠡᠳᠦᠷ ᠠᠴᠠ ᠡᠬᠢᠯᠡᠵᠦ | ᠪᠤᠳᠤᠬᠤ ᠬᠡᠷᠡᠭᠲᠡᠢ᠃ ᠬᠤᠭᠤᠴᠠᠭ᠎ᠠ ᠡᠬᠢᠯᠡᠭᠰᠡᠨ ᠡᠳᠦᠷ ᠢ ᠬᠤᠭᠤᠴᠠᠭᠠᠨ ᠳᠤ ᠣᠷᠣᠭᠤᠯᠵᠤ ᠪᠤᠳᠦᠬᠤ ᠦᠭᠡᠢ᠃ | ᠬᠡᠷᠪᠡ ᠬᠤᠭᠤᠴᠠᠭ᠎ᠠ ᠡᠬᠢᠯᠡᠭᠰᠡᠨ ᠤ ᠲᠠᠷᠠᠭ᠎ᠠ ᠡᠳᠦᠷ ᠨᠢ ᠬᠦᠷᠭᠡᠭᠰᠡᠨ ᠭᠠᠵᠠᠷ ᠤᠨ ᠤᠯᠠᠨ ᠨᠡᠶᠢᠲᠡ ᠶᠢᠨ | ᠠᠮᠠᠷᠠᠯᠲᠠ ᠶᠢᠨ ᠡᠳᠦᠷ ᠪᠤᠶᠤ ᠠᠵᠢᠯ ᠤᠨ ᠡᠳᠦᠷ ᠪᠤᠰᠤ ᠡᠳᠦᠷ ᠪᠠᠶᠢᠪᠠᠯ᠂ ᠲᠡᠭᠦᠨ ᠤ ᠳᠠᠷᠠᠭᠠᠬᠢ ᠨᠢᠭᠡᠳᠦᠭᠡᠷ | ᠠᠵᠢᠯ ᠤᠨ ᠡᠳᠦᠷ ᠠᠴᠠ ᠡᠬᠢᠯᠡᠵᠦ ᠪᠤᠳᠤᠨ᠎ᠠ᠃ ᠬᠤᠭᠤᠴᠠᠭ᠎ᠠ ᠳᠦᠭᠦᠷᠦᠭᠰᠡᠨ ᠡᠳᠦᠷ ᠨᠢ ᠤᠯᠠᠨ ᠨᠡᠶᠢᠲᠡ ᠶᠢᠨ | ᠠᠮᠠᠷᠠᠯᠲᠠ ᠶᠢᠨ ᠡᠳᠦᠷ ᠪᠤᠶᠤ ᠠᠵᠢᠯ ᠤᠨ ᠡᠳᠦᠷ ᠪᠢᠰᠢ ᠪᠠᠶᠢᠪᠠᠯ᠂ ᠲᠡᠭᠦᠨ ᠤ ᠳᠠᠷᠠᠭᠠᠬᠢ ᠨᠢᠭᠡᠳᠦᠭᠡᠷ ᠠᠵᠢᠯ ᠤᠨ | ᠡᠳᠦᠷ ᠢᠶᠠᠷ ᠬᠤᠭᠤᠴᠠᠭ᠎ᠠ ᠳᠦᠭᠦᠷᠦᠭᠰᠡᠨ ᠡᠳᠦᠷ ᠪᠣᠯᠭᠠᠨ᠎ᠠ᠃ | ᠬᠤᠭᠤᠴᠠᠭ᠎ᠠ ᠳᠤᠨᠢ ᠵᠡᠮ ᠤᠨ ᠭᠤᠳᠦᠰ ᠲᠠᠬᠢ ᠴᠠᠭ ᠢ ᠪᠠᠭᠲᠠᠭᠠᠬᠤ ᠦᠭᠡᠢ᠂ ᠬᠥᠨᠳᠡᠯᠡᠨ ᠠᠴᠠ ᠲᠠᠰᠤᠯᠤᠭᠰᠠᠨ | ᠪᠢᠴᠢᠭ ᠬᠠᠷ᠎ᠠ᠂ ᠮᠡᠳᠡᠭᠳᠡᠯ᠂ ᠮᠠᠲ᠋ᠧᠷᠢᠶᠠᠯ ᠢ ᠬᠤᠭᠤᠴᠠᠭ᠎ᠠ ᠳᠦᠭᠦᠷᠬᠦ ᠠᠴᠠ ᠡᠮᠦᠨ᠎ᠡ ᠰᠢᠤᠳᠠᠨ ᠳᠤ ᠲᠤᠰᠢᠶᠠᠭᠰᠠᠨ᠂ | ᠲᠤᠰᠢᠶᠠᠨ ᠶᠠᠪᠤᠭᠤᠯᠤᠭᠰᠠᠨ ᠪᠠᠶᠢᠪᠠᠯ ᠬᠤᠭᠤᠴᠠᠭ᠎ᠠ ᠬᠡᠲᠦᠷᠡᠭᠰᠡᠨ ᠢᠶᠠᠷ ᠪᠤᠳᠦᠬᠤ ᠦᠭᠡᠢ᠃ | ᠲᠤᠬᠠᠢ ᠶᠢᠨ ᠬᠥᠮᠥᠨ ᠡᠰᠡᠷᠭᠦᠴᠡᠰᠢ ᠦᠭᠡᠢ ᠬᠦᠴᠦᠨ ᠪᠤᠶᠤ ᠪᠤᠰᠤᠳ ᠵᠦᠢ ᠶᠣᠰᠣᠨ ᠤ ᠰᠢᠯᠲᠠᠭᠠᠨ ᠠᠴᠠ | ᠪᠣᠯᠵᠤ ᠬᠤᠭᠤᠴᠠᠭ᠎ᠠ ᠶᠢ ᠰᠠᠭᠠᠲᠠᠭᠠᠭᠰᠠᠨ ᠪᠠᠶᠢᠪᠠᠯ᠂ ᠬᠠᠷᠰᠢ ᠰᠠᠭᠠᠳ ᠠᠷᠢᠯᠤᠭᠰᠠᠨ ᠤ ᠳᠠᠷᠠᠭᠠᠬᠢ ᠲᠠᠪᠤᠨ ᠡᠳᠦᠷ ᠤᠨ | ᠳᠣᠲᠣᠷ᠎ᠠ ᠬᠤᠶᠢᠰᠢᠯᠠᠭᠤᠯᠬᠤ ᠪᠠᠷ ᠭᠤᠶᠤᠴᠢᠯᠠᠵᠤ ᠪᠣᠯᠣᠨ᠎ᠠ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠵᠦᠪᠯᠡᠯ ᠤᠨ ᠡᠷᠬᠢᠯᠡᠭᠴᠢ ︵ᠳᠣᠷᠣᠭᠰᠢ ᠡᠷᠬᠢᠯᠡᠭᠴᠢ ᠭᠡᠵᠦ ᠲᠣᠪᠴᠢᠯᠠᠨ᠎ᠠ︶ ᠪᠤᠶᠤ ᠬᠥᠨᠳᠡᠯᠡᠨ ᠠᠴᠠ ᠲᠠᠰᠤᠯᠬᠤ | ᠲᠢᠩᠬᠢᠮ ᠠᠴᠠ ᠡᠭᠦᠨ ᠤ ᠲᠤᠬᠠᠢ ᠲᠣᠭᠲᠠᠭᠠᠯ ᠭᠠᠷᠭᠠᠨ᠎ᠠ᠃ | ᠶᠢᠰᠦᠳᠦᠭᠡᠷ ᠵᠦᠢᠯ ᠬᠥᠨᠳᠡᠯᠡᠨ ᠠᠴᠠ ᠲᠠᠰᠤᠯᠬᠤ ᠪᠢᠴᠢᠭ ᠮᠠᠲ᠋ᠧᠷᠢᠶᠠᠯ ᠢ ᠨᠢᠭᠤᠷᠳᠠᠨ ᠬᠦᠷᠭᠡᠬᠦ᠂ ᠰᠢᠤᠳᠠᠨ ᠢᠶᠠᠷ | ᠢᠯᠡᠭᠡᠬᠦ᠂ ᠹᠠᠺᠰ᠂ ᠡᠯᠧᠺᠲᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ ᠪᠤᠶᠤ ᠲᠤᠬᠠᠢ ᠶᠢᠨ ᠬᠥᠮᠥᠨ ᠤ ᠪᠣᠯᠵᠣᠨ | ᠲᠣᠭᠲᠠᠭᠰᠠᠨ ᠬᠡᠯᠪᠡᠷᠢ ᠪᠠᠷ ᠲᠤᠬᠠᠢ ᠶᠢᠨ ᠬᠥᠮᠥᠨ ᠪᠤᠶᠤ ᠲᠡᠭᠦᠨ ᠤ ᠬᠥᠨᠳᠡᠯᠡᠨ ᠠᠴᠠ ᠲᠠᠰᠤᠯᠬᠤ ᠣᠷᠣᠯᠠᠭᠴᠢ ᠳᠤ | ᠬᠦᠷᠭᠡᠵᠦ ᠪᠣᠯᠣᠨ᠎ᠠ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ ᠬᠥᠨᠳᠡᠯᠡᠨ ᠠᠴᠠ | ᠲᠠᠰᠤᠯᠬᠤ ᠲᠢᠩᠬᠢᠮ ᠨᠢ ᠬᠡᠷᠡᠭ ᠤᠨ ᠪᠣᠳᠠᠲᠠᠢ ᠪᠠᠶᠢᠳᠠᠯ ᠢ ᠦᠨᠳᠦᠰᠦᠯᠡᠨ ᠵᠣᠬᠢᠰᠲᠠᠢ ᠬᠦᠷᠭᠡᠬᠦ ᠠᠷᠭ᠎ᠠ ᠮᠠᠶ᠋ᠢᠭ ᠢ | ᠬᠡᠷᠡᠭᠯᠡᠬᠦ ᠪᠠᠷ ᠲᠣᠭᠲᠠᠭᠠᠬᠤ ᠡᠷᠬᠡ ᠲᠠᠢ᠃ | ᠲᠤᠬᠠᠢ ᠶᠢᠨ ᠬᠥᠮᠥᠨ ᠪᠤᠶᠤ ᠲᠡᠭᠦᠨ ᠤ ᠣᠷᠣᠯᠠᠭᠴᠢ ᠳᠤ ᠬᠥᠨᠳᠡᠯᠡᠨ ᠠᠴᠠ ᠲᠠᠰᠤᠯᠤᠭᠰᠠᠨ ᠪᠢᠴᠢᠭ | ᠮᠠᠲ᠋ᠧᠷᠢᠶᠠᠯ ᠢ ᠶᠠᠪᠤᠭᠤᠯᠬᠤ ᠳᠠᠭᠠᠨ ᠨᠢᠭᠤᠷᠳᠠᠨ ᠬᠦᠷᠭᠡᠭᠰᠡᠨ ᠪᠠᠶᠢᠪᠠᠯ᠂ ᠭᠥᠯᠢᠶᠡᠨ ᠠᠪᠤᠭᠴᠢ ᠳᠤ ᠨᠢᠭᠤᠷ ᠳᠡᠭᠡᠷ᠎ᠡ ᠨᠢ | ᠬᠦᠷᠭᠡᠵᠦ ᠥᠭᠭᠦᠭᠰᠡᠨ ᠢ ᠨᠢᠭᠡᠨᠲᠡ ᠬᠦᠷᠭᠡᠭᠰᠡᠨ ᠢᠶᠠᠷ ᠪᠤᠳᠦᠨ᠎ᠡ︔ ᠰᠢᠤᠳᠠᠨ ᠢᠶᠠᠷ ᠬᠦᠷᠭᠡᠭᠰᠡᠨ ᠪᠠᠶᠢᠪᠠᠯ᠂ ᠬᠦᠷᠭᠡᠯᠲᠡ | ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠳᠤ ᠬᠠᠶ᠋ᠢᠭ᠂ ᠡᠷᠦᠭᠡ ᠠᠮᠠ ᠶᠢᠨ ᠲᠠᠩᠰᠠ ᠶᠢᠨ ᠬᠠᠶ᠋ᠢᠭ᠂ ᠣᠷᠣᠰᠢᠨ ᠰᠠᠭᠤᠵᠤ | ᠪᠠᠶᠢᠭ᠎ᠠ ᠬᠠᠶ᠋ᠢᠭ᠂ ᠡᠵᠡᠩᠨᠡᠯᠲᠡ ᠶᠢᠨ ᠬᠠᠶ᠋ᠢᠭ᠂ ᠳᠠᠩᠰᠠᠯᠠᠭᠤᠯᠤᠭᠰᠠᠨ ᠬᠠᠶ᠋ᠢᠭ᠂ ᠲᠤᠬᠠᠢ ᠶᠢᠨ ᠬᠥᠮᠥᠨ ᠤ ᠪᠣᠯᠵᠣᠨ | ᠲᠣᠭᠲᠠᠭᠰᠠᠨ ᠬᠦᠷᠭᠡᠯᠲᠡ ᠶᠢᠨ ᠬᠠᠶ᠋ᠢᠭ ᠪᠤᠶᠤ ᠬᠠᠷᠢᠯᠴᠠᠬᠤ ᠬᠠᠶ᠋ᠢᠭ ᠤᠨ ᠨᠢᠭᠡ ᠶᠢ ᠲᠣᠳᠣᠷᠬᠠᠢ ᠲᠡᠮᠳᠡᠭᠯᠡᠭᠰᠡᠨ | ᠪᠠᠶᠢᠪᠠᠯ᠂ ᠨᠢᠭᠡᠨᠲᠡ ᠬᠦᠷᠭᠡᠭᠰᠡᠨ ᠢᠶᠠᠷ ᠪᠤᠳᠤᠨ᠎ᠠ︔ ᠹᠠᠺᠰ᠂ ᠡᠯᠧᠺᠲᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ | ᠬᠦᠷᠭᠡᠭᠰᠡᠨ ᠪᠠᠶᠢᠪᠠᠯ᠂ ᠡᠯᠧᠺᠲᠷᠣᠨ ᠳᠠᠮᠵᠢᠭᠤᠯᠭ᠎ᠠ ᠶᠢᠨ ᠲᠡᠮᠳᠡᠭᠯᠡᠯ ᠨᠢ ᠨᠢᠭᠡᠨᠲᠡ ᠢᠯᠡᠭᠡᠵᠦ ᠳᠠᠭᠤᠰᠤᠭᠰᠠᠨ ᠢ | ᠢᠯᠡᠷᠡᠭᠦᠯᠵᠦ ᠴᠢᠳᠠᠪᠠᠯ᠂ ᠳᠠᠷᠤᠢ ᠨᠢᠭᠡᠨᠲᠡ ᠬᠦᠷᠭᠡᠭᠰᠡᠨ ᠢᠶᠠᠷ ᠪᠤᠳᠤᠨ᠎ᠠ᠃ | ᠲᠤᠰ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠬᠦᠷᠭᠡᠬᠦ ᠶᠢᠨ ᠠᠷᠭ᠎ᠠ | ᠦᠭᠡᠢ ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤᠮᠳᠠᠳᠤ ᠤᠯᠤᠰ ᠤᠨ ᠰᠢᠤᠳᠠᠨ ᠤ | ᠣᠨᠴᠠ ᠲᠦᠷᠭᠡᠨ ᠬᠦᠷᠭᠡᠯᠲᠡ᠂ ᠠᠯᠪᠠᠨ ᠭᠡᠷᠡᠴᠢᠯᠡᠭᠡ ᠪᠠᠷ ᠬᠦᠷᠭᠡᠬᠦ᠂ ᠨᠠᠶᠢᠳᠠᠨ ᠬᠦᠷᠭᠡᠬᠦ ᠪᠠ ᠦᠯᠡᠳᠡᠭᠡᠨ ᠲᠠᠯᠪᠢᠵᠤ | ᠬᠦᠷᠭᠡᠬᠦ ᠵᠡᠷᠭᠡ ᠬᠦᠷᠭᠡᠯᠲᠡ ᠶᠢᠨ ᠲᠡᠮᠳᠡᠭᠯᠡᠯ ᠢ ᠬᠠᠩᠭᠠᠵᠤ ᠳᠡᠶᠢᠯᠬᠦ ᠠᠷᠭ᠎ᠠ ᠮᠠᠶ᠋ᠢᠭ ᠢᠶᠠᠷ ᠬᠦᠷᠭᠡᠯᠲᠡ | ᠬᠦᠯᠢᠶᠡᠭᠴᠢ ᠶᠢᠨ ᠬᠠᠮᠤᠭ ᠰᠡᠭᠦᠯᠴᠢ ᠶᠢᠨ ᠨᠢᠭᠡ ᠬᠥᠮᠥᠨ ᠤ ᠮᠡᠳᠡᠵᠦ ᠪᠠᠶᠢᠭ᠎ᠠ ᠪᠡᠶ᠎ᠡ ᠶᠢᠨ ᠦᠨᠡᠮᠯᠡᠯ ᠤᠨ ᠬᠠᠶ᠋ᠢᠭ᠂ | ᠡᠷᠦᠭᠡ ᠠᠮᠠ ᠶᠢᠨ ᠲᠠᠩᠰᠠ ᠶᠢᠨ ᠬᠠᠶ᠋ᠢᠭ᠂ ᠣᠷᠣᠰᠢᠨ ᠰᠠᠭᠤᠵᠤ ᠪᠠᠶᠢᠭ᠎ᠠ ᠬᠠᠶ᠋ᠢᠭ᠂ ᠡᠵᠡᠩᠨᠡᠯᠲᠡ ᠶᠢᠨ ᠬᠠᠶ᠋ᠢᠭ᠂ | ᠳᠠᠩᠰᠠᠯᠠᠭᠤᠯᠤᠭᠰᠠᠨ ᠬᠠᠶ᠋ᠢᠭ᠂ ᠲᠤᠬᠠᠢ ᠶᠢᠨ ᠬᠥᠮᠥᠨ ᠤ ᠪᠣᠯᠵᠣᠨ ᠲᠣᠭᠲᠠᠭᠰᠠᠨ ᠬᠦᠷᠭᠡᠯᠲᠡ ᠶᠢᠨ ᠬᠠᠶ᠋ᠢᠭ ᠪᠤᠶᠤ | ᠬᠠᠷᠢᠯᠴᠠᠬᠤ ᠬᠠᠶ᠋ᠢᠭ ᠤᠨ ᠨᠢᠭᠡ ᠶᠢ ᠲᠣᠳᠣᠷᠬᠠᠢ ᠲᠡᠮᠳᠡᠭᠯᠡᠭᠰᠡᠨ ᠪᠠᠶᠢᠪᠠᠯ᠂ ᠳᠠᠷᠤᠢ ᠬᠦᠴᠦᠨ ᠲᠠᠢ ᠬᠦᠷᠭᠡᠭᠰᠡᠨ ᠢᠶᠠᠷ | ᠪᠤᠳᠤᠨ᠎ᠠ᠃ | ᠠᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠵᠢᠭᠤᠷᠠᠯᠳᠤᠭᠠᠨ ᠢ | ᠬᠦᠯᠢᠶᠡᠨ ᠠᠪᠤᠭᠰᠠᠨ ᠪᠤᠶᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ᠂ ᠬᠥᠨᠳᠡᠯᠡᠨ ᠠᠴᠠ | ᠲᠠᠰᠤᠯᠬᠤ ᠲᠢᠩᠬᠢᠮ ᠤᠨ ᠲᠣᠭᠲᠠᠭᠠᠯ᠂ ᠲᠤᠰ ᠳᠦᠷᠢᠮ᠂ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢ | ᠵᠥᠷᠢᠴᠡᠭᠰᠡᠨ ᠵᠡᠷᠭᠡ ᠪᠠᠶᠢᠳᠠᠯ ᠲᠠᠢ ᠪᠠᠶᠢᠬᠤ ᠶᠢ ᠲᠤᠬᠠᠢ ᠶᠢᠨ ᠬᠥᠮᠥᠨ ᠮᠡᠳᠡᠬᠦ ᠪᠤᠶᠤ ᠮᠡᠳᠡᠬᠦ ᠶᠣᠰᠣᠲᠠᠢ ᠪᠠᠶᠢᠲᠠᠯ᠎ᠠ | ᠬᠥᠨᠳᠡᠯᠡᠨ ᠠᠴᠠ ᠲᠠᠰᠤᠯᠬᠤ ᠠᠵᠢᠯᠯᠠᠭ᠎ᠠ ᠳᠤ ᠮᠥᠨ ᠣᠷᠣᠯᠴᠠᠭᠰᠠᠨ ᠪᠤᠶᠤ ᠦᠷᠭᠦᠯᠵᠢᠯᠡᠨ ᠣᠷᠣᠯᠴᠠᠭᠰᠠᠨ ᠪᠥᠭᠡᠳ | ᠴᠠᠭ ᠲᠤᠬᠠᠢ ᠳᠤᠨᠢ ᠪᠢᠴᠢᠭ ᠢᠶᠠᠷ ᠣᠨᠳᠣᠣ ᠰᠠᠨᠠᠯ ᠳᠤᠷᠠᠳᠤᠭᠰᠠᠨ ᠦᠭᠡᠢ ᠪᠠᠶᠢᠪᠠᠯ᠂ ᠲᠡᠭᠦᠨ ᠤ ᠣᠨᠳᠣᠣ ᠰᠠᠨᠠᠯ ᠢᠶᠠᠨ | ᠬᠠᠶᠠᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠃ | ᠬᠤᠶᠠᠳᠤᠭᠠᠷ ᠪᠦᠯᠦᠭ ᠬᠡᠷᠡᠭ ᠭᠥᠯᠢᠶᠡᠨ ᠠᠪᠬᠤ ᠦᠨᠳᠦᠰᠦ ᠪᠠᠷᠢᠮᠲᠠ ᠪᠠ ᠬᠠᠮᠢᠶᠠᠷᠬᠤ ᠡᠷᠬᠡ | ᠠᠷᠪᠠᠨ ᠨᠢᠭᠡᠳᠦᠭᠡᠷ ᠵᠦᠢᠯ ᠲᠤᠬᠠᠢ ᠶᠢᠨ ᠬᠥᠮᠥᠨ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢᠶᠠᠨ | ᠦᠨᠳᠦᠰᠦᠯᠡᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠬᠥᠨᠳᠡᠯᠡᠨ ᠠᠴᠠ ᠲᠠᠰᠤᠯᠬᠤ ᠶᠢ | ᠭᠤᠶᠤᠴᠢᠯᠠᠵᠦ ᠪᠤᠯᠤᠨ᠎ᠡ᠃ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠲᠤ ᠭᠡᠷ᠎ᠡ ᠳᠤ ᠲᠣᠭᠲᠠᠭᠠᠭᠰᠠᠨ | ᠬᠥᠨᠳᠡᠯᠡᠨ ᠠᠴᠠ ᠲᠠᠰᠤᠯᠤᠭᠤᠯᠬᠤ ᠵᠦᠢᠯ ᠵᠤᠷᠪᠤᠰ ᠪᠠ ᠵᠢᠭᠤᠷᠠᠯᠳᠤᠭᠠᠨ ᠡᠭᠦᠰᠬᠦ ᠠᠴᠠ ᠡᠮᠦᠨ᠎ᠡ ᠪᠤᠶᠤ | ᠡᠭᠦᠰᠦᠭᠰᠡᠨ ᠤ ᠲᠡᠷᠠᠭ᠎ᠠ ᠬᠡᠯᠡᠯᠴᠡᠨ ᠲᠣᠬᠢᠷᠠᠭᠰᠠᠨ ᠬᠥᠨᠳᠡᠯᠡᠨ ᠠᠴᠠ ᠲᠠᠰᠤᠯᠤᠭᠤᠯᠬᠤ ᠰᠠᠨᠠᠭ᠎ᠠ ᠪᠠᠨ ᠢᠯᠡᠳᠬᠡᠭᠰᠡᠨ | ᠬᠡᠯᠡᠯᠴᠡᠭᠡᠷ ᠪᠠᠭᠲᠠᠨ᠎ᠠ᠃ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠲᠤ ᠪᠢᠴᠢᠭ ᠤᠨ ᠬᠡᠯᠪᠡᠷᠢ ᠶᠢ ᠠᠪᠬᠤ ᠬᠡᠷᠡᠭᠲᠡᠢ᠃ ᠪᠢᠴᠢᠭ ᠤᠨ | ᠬᠡᠯᠪᠡᠷᠢ ᠳᠤ ᠭᠡᠷ᠎ᠡ ᠶᠢᠨ ᠪᠢᠴᠢᠭ᠂ ᠵᠠᠬᠢᠳᠠᠯ ᠴᠢᠮᠡᠭᠡ᠂ ᠡᠯᠧᠺᠲᠷᠤᠨ ᠳᠠᠮᠵᠢᠭᠤᠯᠭ᠎ᠠ᠂ ᠹᠠᠺᠰ᠂ ᠡᠯᠧᠺᠲᠷᠣᠨ ᠳ᠋ᠠᠶᠢᠲ᠋ᠠ ᠶᠢᠨ | ᠰᠣᠯᠢᠯᠴᠠᠭ᠎ᠠ ᠪᠠ ᠢᠮᠧᠯ ᠵᠡᠷᠭᠡ ᠲᠡᠮᠳᠡᠭᠯᠡᠭᠰᠡᠨ ᠠᠭᠤᠯᠭ᠎ᠠ ᠪᠠᠨ ᠢᠯᠡᠳᠬᠡᠵᠦ ᠪᠣᠯᠬᠤ ᠬᠡᠯᠪᠡᠷᠢ ᠪᠠᠭᠲᠠᠨ᠎ᠠ᠃ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠪᠠ ᠬᠥᠨᠳᠡᠯᠡᠨ ᠠᠴᠠ ᠲᠠᠰᠤᠯᠤᠭᠤᠯᠬᠤ ᠬᠠᠷᠢᠭᠤ | ᠮᠠᠷᠭᠤᠬᠤ ᠪᠢᠴᠢᠭ ᠢ ᠰᠣᠯᠢᠯᠴᠠᠬᠤ ᠦᠶ᠎ᠡ ᠳᠤ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠬᠥᠨᠳᠡᠯᠡᠨ ᠠᠴᠠ | ᠲᠠᠰᠤᠯᠤᠭᠤᠯᠬᠤ ᠬᠡᠯᠡᠯᠴᠡᠭᠡᠷ ᠲᠠᠢ ᠭᠡᠵᠦ ᠪᠠᠶᠢᠲᠠᠯ᠎ᠠ ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠨᠢ | ᠦᠭᠡᠶᠢᠰᠬᠡᠬᠦ ᠪᠠᠨ ᠢᠯᠡᠷᠬᠡᠶᠢᠯᠡᠭᠰᠡᠨ ᠦᠭᠡᠢ ᠪᠠᠶᠢᠪᠠᠯ᠂ ᠬᠥᠨᠳᠡᠯᠡᠨ ᠠᠴᠠ ᠲᠠᠰᠤᠯᠤᠭᠤᠯᠬᠤ ᠪᠢᠴᠢᠭ ᠤᠨ ᠬᠡᠯᠡᠯᠴᠡᠭᠡᠷ | ᠪᠠᠶᠢᠬᠤ ᠪᠠᠷ ᠦᠵᠡᠨ᠎ᠡ᠃ | ᠭᠡᠷ᠎ᠡ ᠳᠠᠬᠢ ᠬᠥᠨᠳᠡᠯᠡᠨ ᠠᠴᠠ ᠲᠠᠰᠤᠯᠤᠭᠤᠯᠬᠤ ᠵᠦᠢᠯ ᠵᠤᠷᠪᠤᠰ ᠨᠢ ᠭᠡᠷ᠎ᠡ ᠳᠤ ᠬᠠᠷᠢᠶᠠᠯᠠᠭᠳᠠᠬᠤ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠪᠣᠯᠣᠨ ᠭᠡᠷ᠎ᠡ ᠶᠢᠨ ᠪᠤᠰᠤᠳ ᠵᠦᠢᠯ ᠵᠤᠷᠪᠤᠰ ᠤᠳ | ᠬᠤᠭᠤᠷᠣᠨᠳᠤ ᠪᠠᠨ ᠰᠠᠯᠵᠤ ᠲᠤᠰᠠᠭᠠᠷ ᠤᠷᠤᠰᠢᠨ᠎ᠡ︔ ᠭᠡᠷ᠎ᠡ ᠶᠢ ᠬᠤᠪᠢᠷᠠᠭᠤᠯᠬᠤ᠂ ᠴᠤᠴᠠᠯᠬᠤ᠂ ᠳᠠᠭᠤᠰᠬᠠᠬᠤ᠂ | ᠰᠢᠯᠵᠢᠭᠦᠯᠦᠨ ᠥᠭᠬᠦ᠂ ᠬᠦᠴᠦᠨ ᠢᠶᠠᠨ ᠠᠯᠳᠠᠬᠤ᠂ ᠬᠦᠴᠦᠨ ᠲᠠᠢ ᠪᠣᠯᠣᠭᠠᠳᠤᠢ᠂ ᠬᠦᠴᠦᠨ ᠦᠭᠡᠢ ᠪᠣᠯᠭᠠᠭᠳᠠᠬᠤ ᠵᠢᠴᠢ | ᠪᠠᠶᠢᠭᠤᠯᠤᠭᠳᠠᠬᠤ ᠡᠰᠡᠬᠦ ᠨᠢ ᠴᠥᠮ ᠬᠥᠨᠳᠡᠯᠡᠨ ᠠᠴᠠ ᠲᠠᠰᠤᠯᠤᠭᠤᠯᠬᠤ ᠵᠦᠢᠯ ᠵᠤᠷᠪᠤᠰ ᠪᠤᠶᠤ ᠬᠥᠨᠳᠡᠯᠡᠨ ᠠᠴᠠ | ᠲᠠᠰᠤᠯᠤᠭᠤᠯᠬᠤ ᠬᠡᠯᠡᠯᠴᠡᠭᠡᠷ ᠤᠨ ᠬᠦᠴᠦᠨ ᠢ ᠨᠥᠯᠥᠭᠡᠯᠡᠬᠦ ᠦᠭᠡᠢ᠃ | ᠠᠷᠪᠠᠨ ᠬᠤᠶᠠᠳᠤᠭᠠᠷ ᠵᠦᠢᠯ ᠲᠤᠬᠠᠢ ᠶᠢᠨ ᠬᠥᠮᠥᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ | ᠳᠦᠷᠢᠮ ᠬᠢᠭᠡᠳ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ ᠦᠨᠳᠦᠰᠦᠯᠡᠨ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠶᠢ ᠭᠤᠶᠤᠴᠢᠯᠠᠵᠦ ᠪᠤᠯᠤᠨ᠎ᠡ᠃ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠦᠷᠢᠮ ᠠᠴᠠ ᠡᠷᠬᠡ ᠣᠯᠭᠤᠵᠤ ᠲᠣᠭᠲᠠᠭᠠᠭᠰᠠᠨ | ᠬᠠᠮᠢᠶᠠᠷᠤᠯᠲᠠ ᠶᠢᠨ ᠲᠦᠷᠢᠮ ᠳᠠᠬᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠢᠯ ᠵᠤᠷᠪᠤᠰ ᠢ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠦᠷᠢᠮ ᠳᠠᠬᠢ ᠪᠡᠶ᠎ᠡ ᠶᠢᠨ ᠲᠠᠮᠢᠷ ᠤᠨ ᠬᠦᠨᠳᠡᠯᠡᠨ ᠠᠴᠠ | ᠲᠠᠰᠤᠯᠬᠤ ᠵᠤᠷᠪᠤᠰ ᠭᠡᠵᠦ ᠦᠵᠡᠨ᠎ᠡ᠃ | ᠪᠡᠶ᠎ᠡ ᠶᠢᠨ ᠲᠠᠮᠢᠷ ᠤᠨ ᠤᠷᠤᠯᠳᠤᠭᠠᠨ ᠤ ᠨᠡᠷ᠎ᠡ ᠮᠡᠳᠡᠭᠦᠯᠬᠦ ᠬᠦᠰᠦᠨᠦᠭᠲᠦ᠂ ᠤᠷᠤᠯᠳᠤᠭᠠᠨ ᠳᠤ ᠣᠷᠤᠯᠴᠠᠬᠤ | ᠬᠡᠯᠡᠯᠴᠡᠭᠡᠷ ᠪᠤᠶᠤ ᠤᠷᠤᠯᠳᠤᠭᠠᠨ ᠤ ᠳᠦᠷᠢᠮ ᠳᠠᠬᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠢᠯ | ᠵᠤᠷᠪᠤᠰ ᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠳᠠᠬᠢ ᠪᠡᠶ᠎ᠡ ᠶᠢᠨ ᠲᠠᠮᠢᠷ ᠤᠨ ᠪᠡᠶ᠎ᠡ ᠶᠢᠨ ᠲᠠᠮᠢᠷ ᠤᠨ | ᠬᠦᠨᠳᠡᠯᠡᠨ ᠠᠴᠠ ᠲᠠᠰᠤᠯᠬᠤ ᠵᠤᠷᠪᠤᠰ ᠭᠡᠵᠦ ᠦᠵᠡᠨ᠎ᠡ᠃ | ᠠᠷᠪᠠᠨ ᠭᠤᠷᠪᠠᠳᠤᠭᠠᠷ ᠵᠦᠢᠯ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠠᠮᠢᠷᠴᠢᠳ ᠤᠨ | ᠬᠠᠮᠢᠶᠠᠷᠤᠯᠲᠠ ᠶᠢᠨ ᠨᠢᠭᠡᠴᠢ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠵᠣᠬᠢᠶᠠᠨ | ᠪᠠᠶᠢᠭᠤᠯᠤᠭᠴᠢ ᠶᠢᠨ ᠰᠢᠢᠳᠪᠦᠷᠢᠯᠡᠭᠰᠡᠨ ᠲᠣᠭᠲᠠᠭᠠᠯ ᠪᠤᠶᠤ ᠳᠣᠲᠣᠭᠠᠳᠤ ᠶᠢᠨ ᠵᠠᠭᠤᠷᠠᠯᠳᠤᠭᠠᠨ ᠢ ᠰᠢᠢᠳᠪᠦᠷᠢᠯᠡᠬᠦ | ᠪᠠᠶᠢᠭᠤᠯᠤᠮᠵᠢ ᠶᠢᠨ ᠰᠢᠢᠳᠪᠦᠷᠢᠯᠡᠭᠰᠡᠨ ᠦᠷ᠎ᠡ ᠳ᠋ᠦᠩ ᠢ ᠵᠥᠪᠰᠢᠶᠡᠷᠡᠬᠦ ᠦᠭᠡᠢ ᠪᠠᠶᠢᠪᠠᠯ᠂ ᠲᠤᠬᠠᠢ ᠶᠢᠨ ᠬᠥᠮᠥᠨ ᠨᠢ | ᠰᠢᠢᠳᠪᠦᠷᠢᠯᠡᠭᠰᠡᠨ ᠲᠣᠭᠲᠠᠭᠠᠯ ᠪᠤᠶᠤ ᠵᠠᠭᠤᠷᠠᠯᠳᠤᠭᠠᠨ ᠢ ᠰᠢᠢᠳᠪᠦᠷᠢᠯᠡᠭᠰᠡᠨ ᠦᠷ᠎ᠡ ᠳ᠋ᠦᠩ ᠢ ᠣᠯᠣᠭᠰᠠᠨ | ᠡᠳᠦᠷ ᠠᠴᠠ ᠡᠬᠢᠯᠡᠨ ᠬᠤᠷᠢᠨ ᠨᠢᠭᠡᠨ ᠡᠳᠦᠷ ᠤᠨ ᠳᠣᠲᠣᠷ᠎ᠠ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠤᠭᠤᠯᠬᠤ ᠪᠠᠷ ᠭᠤᠶᠤᠴᠢᠯᠠᠵᠤ ᠪᠣᠯᠣᠨ᠎ᠠ᠃ | ᠠᠷᠪᠠᠨ ᠳᠥᠷᠪᠡᠳᠦᠭᠡᠷ ᠵᠦᠢᠯ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠳᠤ ᠳᠣᠲᠣᠭᠠᠳᠤ ᠶᠢᠨ | ᠵᠢᠭᠤᠷᠠᠯᠳᠤᠭᠠᠨ ᠢ ᠰᠢᠢᠳᠪᠦᠷᠢᠯᠡᠬᠦ ᠪᠠᠶᠢᠭᠤᠯᠤᠮᠵᠢ ᠪᠠᠶᠢᠬᠤ ᠦᠭᠡᠢ ᠪᠤᠶᠤ ᠳᠣᠲᠣᠭᠠᠳᠤ ᠶᠢᠨ ᠵᠢᠭᠤᠷᠠᠯᠳᠤᠭᠠᠨ ᠢ | ᠰᠢᠢᠳᠪᠦᠷᠢᠯᠡᠬᠦ ᠪᠠᠶᠢᠭᠤᠯᠤᠮᠵᠢ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ ᠪᠣᠯ ᠲᠤᠬᠠᠢ ᠶᠢᠨ ᠬᠥᠮᠥᠨ ᠨᠢ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠤᠭᠤᠯᠬᠤ ᠪᠠᠷ ᠭᠤᠶᠤᠴᠢᠯᠠᠵᠤ ᠪᠣᠯᠣᠨ᠎ᠠ᠃ | ᠲᠤᠬᠠᠢ ᠶᠢᠨ ᠬᠥᠮᠥᠨ ᠠᠴᠠ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ | ᠵᠢᠭᠤᠷᠠᠯᠳᠤᠭᠠᠨ ᠢ ᠰᠢᠢᠳᠪᠦᠷᠢᠯᠡᠬᠦ ᠪᠠᠶᠢᠭᠤᠯᠤᠮᠵᠢ ᠨᠢ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠭᠰᠡᠨ | ᠦᠭᠡᠢ ᠭᠡᠳᠡᠭ ᠢᠶᠠᠷ ᠰᠢᠯᠲᠠᠭᠠᠨ ᠪᠣᠯᠭᠠᠵᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠤᠭᠤᠯᠬᠤ ᠪᠠᠷ | ᠭᠤᠶᠤᠴᠢᠯᠠᠵᠤ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠢᠨᠠᠨ ᠪᠠᠶᠢᠴᠠᠭᠠᠭᠰᠠᠨ ᠤ ᠳᠠᠷᠠᠭ᠎ᠠ | ᠪᠠᠶᠢᠳᠠᠯ ᠨᠢ ᠦᠨᠡᠨ ᠪᠣᠳᠠᠲᠠᠢ ᠪᠥᠭᠡᠳ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠨᠥᠬᠦᠴᠡᠯ ᠳᠤ | ᠨᠡᠶᠢᠴᠡᠭᠰᠡᠨ ᠪᠤᠯ ᠬᠦᠯᠢᠶᠡᠨ ᠠᠪᠴᠦ ᠪᠤᠯᠤᠨ᠎ᠡ᠃ | ᠠᠷᠪᠠᠨ ᠲᠠᠪᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠣᠷᠣᠰᠢᠬᠤ ᠪᠠ ᠬᠦᠴᠦᠨ ᠲᠠᠢ ᠪᠠᠶᠢᠬᠤ ᠵᠢᠴᠢ ᠬᠥᠨᠳᠡᠯᠡᠨ ᠠᠴᠠ | ᠲᠠᠰᠤᠯᠬᠤ ᠬᠡᠷᠡᠭ ᠤᠨ ᠬᠠᠷᠢᠶᠠᠯᠠᠯ ᠤᠨ ᠡᠷᠬᠡ ᠶᠢᠨ ᠲᠤᠬᠠᠢ ᠲᠣᠭᠲᠠᠭᠠᠯ ᠭᠠᠷᠭᠠᠬᠤ ᠡᠷᠬᠡ ᠲᠠᠢ᠂ ᠬᠥᠨᠳᠡᠯᠡᠨ ᠠᠴᠠ | ᠲᠠᠰᠤᠯᠬᠤ ᠲᠢᠩᠬᠢᠮ ᠳᠤ ᠡᠷᠬᠡ ᠣᠯᠭᠤᠵᠤ ᠬᠠᠷᠢᠶᠠᠯᠠᠯ ᠤᠨ ᠡᠷᠬᠡ ᠶᠢᠨ ᠲᠣᠭᠲᠠᠭᠠᠯ ᠭᠠᠷᠭᠠᠭᠤᠯᠵᠤ ᠴᠤ ᠪᠣᠯᠣᠨ᠎ᠠ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠦᠡᠭᠭᠡᠨ ᠲᠠᠯ᠎ᠠ ᠶᠢᠨ ᠭᠡᠷᠡᠴᠢ ᠪᠠᠷᠢᠮᠲᠠ ᠶᠢ | ᠦᠨᠳᠦᠰᠦᠯᠡᠨ ᠬᠦᠴᠦᠨ ᠲᠠᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠣᠷᠣᠰᠢᠵᠤ ᠪᠠᠶᠢᠨ᠎ᠠ ᠭᠡᠵᠦ ᠦᠵᠡᠪᠡᠯ᠂ | ᠦᠡᠭᠭᠡᠨ ᠲᠠᠯ᠎ᠠ ᠶᠢᠨ ᠭᠡᠷᠡᠴᠢ ᠪᠠᠷᠢᠮᠲᠠ ᠶᠢ ᠦᠨᠳᠦᠰᠦᠯᠡᠨ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠵᠦᠪᠯᠡᠯ ᠬᠠᠷᠢᠶᠠᠯᠠᠬᠤ ᠡᠷᠬᠡ ᠲᠠᠢ ᠲᠣᠭᠲᠠᠭᠠᠯ ᠭᠠᠷᠭᠠᠵᠤ᠂ ᠬᠥᠨᠳᠡᠯᠡᠨ ᠠᠴᠠ ᠲᠠᠰᠤᠯᠬᠤ ᠵᠢᠷᠤᠮ ᠢ ᠦᠷᠭᠦᠯᠵᠢᠯᠡᠨ | ᠶᠠᠪᠤᠭᠳᠠᠭᠤᠯᠤᠨ᠎ᠠ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠦᠡᠭᠭᠡᠨ ᠲᠠᠯ᠎ᠠ ᠶᠢᠨ ᠭᠡᠷᠡᠴᠢ | ᠪᠠᠷᠢᠮᠲᠠ ᠶᠢ ᠦᠨᠳᠦᠰᠦᠯᠡᠨ ᠭᠠᠷᠭᠠᠭᠰᠠᠨ ᠬᠠᠷᠢᠶᠠᠯᠠᠯ ᠤᠨ ᠡᠷᠬᠡ ᠶᠢᠨ ᠲᠣᠭᠲᠠᠭᠠᠯ ᠨᠢ ᠲᠡᠭᠦᠨ ᠤ ᠬᠥᠨᠳᠡᠯᠡᠨ ᠠᠴᠠ | ᠲᠠᠰᠤᠯᠬᠤ ᠲᠢᠩᠬᠢᠮ ᠤᠨ ᠰᠢᠭᠦᠬᠦ ᠶᠠᠪᠤᠴᠠ ᠳᠤ ᠣᠯᠵᠤ ᠮᠡᠳᠡᠭᠰᠡᠨ ᠦᠡᠭᠭᠡᠨ ᠲᠠᠯ᠎ᠠ ᠶᠢᠨ ᠭᠡᠷᠡᠴᠢ ᠪᠠᠷᠢᠮᠲᠠ ᠲᠠᠢ | ᠨᠢᠭᠡᠳᠦᠯ ᠦᠭᠡᠢ ᠪᠣᠳᠠᠲᠤ ᠬᠡᠷᠡᠭ ᠪᠤᠶᠤ ᠭᠡᠷᠡᠴᠢ ᠪᠠᠷᠢᠮᠲᠠ ᠶᠢ ᠦᠨᠳᠦᠰᠦᠯᠡᠨ ᠬᠠᠷᠢᠶᠠᠯᠠᠯ ᠤᠨ ᠡᠷᠬᠡ ᠶᠢᠨ | ᠲᠣᠭᠲᠠᠭᠠᠯ ᠢ ᠲᠠᠬᠢᠵᠤ ᠭᠠᠷᠭᠠᠬᠤ ᠶᠢ ᠬᠠᠷᠰᠢᠯᠠᠬᠤ ᠦᠭᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ | ᠣᠯᠭᠤᠭᠰᠠᠨ ᠡᠷᠬᠡ ᠶᠢ ᠦᠨᠳᠦᠰᠦᠯᠡᠨ ᠬᠠᠷᠢᠶᠠᠯᠠᠯ ᠤᠨ ᠡᠷᠬᠡ ᠶᠢᠨ ᠲᠣᠭᠲᠠᠭᠠᠯ ᠭᠠᠷᠭᠠᠬᠤ ᠳᠠᠭᠠᠨ ᠬᠥᠨᠳᠡᠯᠡᠨ ᠠᠴᠠ | ᠲᠠᠰᠤᠯᠬᠤ ᠵᠢᠷᠤᠮ ᠤᠨ ᠶᠠᠪᠤᠭᠳᠠᠬᠤ ᠶᠠᠪᠤᠴᠠ ᠳᠤ ᠠᠰ ᠲᠤᠨᠢ ᠭᠠᠷᠭᠠᠵᠤ ᠪᠣᠯᠣᠨ᠎ᠠ᠂ ᠲᠣᠭᠲᠠᠭᠠᠯᠲᠠ ᠶᠢᠨ ᠪᠢᠴᠢᠭ ᠲᠤ | ᠬᠠᠮᠲᠤ ᠳᠤᠨᠢ ᠭᠠᠷᠭᠠᠭᠰᠠᠨ ᠴᠤ ᠪᠣᠯᠣᠨ᠎ᠠ᠃ | ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠪᠤᠶᠤ ᠬᠥᠨᠳᠡᠯᠡᠨ ᠠᠴᠠ ᠲᠠᠰᠤᠯᠬᠤ | ᠬᠡᠷᠡᠭ ᠤᠨ ᠬᠠᠷᠢᠶᠠᠯᠠᠯ ᠤᠨ ᠡᠷᠬᠡ ᠳᠤ ᠣᠨᠳᠣᠣ ᠰᠠᠨᠠᠯ ᠲᠠᠢ ᠪᠠᠶᠢᠪᠠᠯ᠂ ᠬᠠᠷᠢᠭᠤ ᠮᠠᠷᠭᠤᠬᠤ ᠬᠤᠭᠤᠴᠠᠭ᠎ᠠ | ᠳᠦᠭᠦᠷᠬᠦ ᠠᠴᠠ ᠡᠮᠦᠨ᠎ᠡ ᠪᠢᠴᠢᠭ ᠤᠨ ᠬᠡᠯᠪᠡᠷᠢ ᠪᠠᠷ ᠳᠤᠷᠠᠳᠬᠤ ᠬᠡᠷᠡᠭᠲᠡᠢ᠃ ᠬᠥᠨᠳᠡᠯᠡᠨ ᠠᠴᠠ ᠲᠠᠰᠤᠯᠤᠭᠤᠯᠬᠤ | ᠬᠡᠯᠡᠯᠴᠡᠭᠡᠷ ᠪᠤᠶᠤ ᠬᠥᠨᠳᠡᠯᠡᠨ ᠠᠴᠠ ᠲᠠᠰᠤᠯᠬᠤ ᠬᠡᠷᠡᠭ ᠤᠨ ᠬᠠᠷᠢᠶᠠᠯᠠᠯ ᠤᠨ ᠡᠷᠬᠡ ᠳᠤ ᠣᠨᠳᠣᠣ ᠰᠠᠨᠠᠯ ᠳᠤᠷᠠᠳᠬᠤ | ᠨᠢ ᠬᠥᠨᠳᠡᠯᠡᠨ ᠠᠴᠠ ᠲᠠᠰᠤᠯᠬᠤ ᠵᠢᠷᠤᠮ ᠤᠨ ᠶᠠᠪᠤᠭᠳᠠᠬᠤ ᠶᠢ ᠨᠥᠯᠥᠭᠡᠯᠡᠬᠦ ᠦᠭᠡᠢ᠃ ᠬᠠᠷᠢᠶᠠᠯᠠᠯ ᠤᠨ ᠡᠷᠬᠡ ᠶᠢᠨ | ᠲᠤᠬᠠᠢ ᠣᠨᠳᠣᠣ ᠰᠠᠨᠠᠯ ᠳᠤ ᠬᠥᠨᠳᠡᠯᠡᠨ ᠠᠴᠠ ᠲᠠᠰᠤᠯᠬᠤ ᠬᠡᠷᠡᠭ ᠤᠨ ᠪᠡᠶᠡᠴᠢ ᠴᠣᠭᠴᠠ ᠶᠢᠨ ᠬᠢᠷᠢ ᠬᠡᠮ ᠲᠠᠢ | ᠤᠨᠳᠤᠤ ᠰᠠᠨᠠᠯ ᠲᠠᠢ ᠪᠠᠶᠢᠬᠤ ᠶᠢ ᠪᠠᠭᠳᠠᠭᠠᠨ᠎ᠠ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠠᠴᠠ ᠡᠷᠬᠡ ᠣᠯᠭᠤᠭᠰᠠᠨ ᠬᠥᠨᠳᠡᠯᠡᠨ ᠠᠴᠠ ᠲᠠᠰᠤᠯᠬᠤ ᠲᠢᠩᠬᠢᠮ ᠨᠢ ᠬᠠᠮᠢᠶᠠᠷᠬᠤ ᠡᠷᠬᠡ ᠦᠭᠡᠢ | ᠲᠣᠭᠲᠠᠭᠠᠯ ᠭᠠᠷᠭᠠᠭᠰᠠᠨ ᠪᠠᠶᠢᠪᠠᠯ ᠬᠡᠷᠡᠭ ᠢ ᠬᠦᠴᠦᠨ ᠦᠭᠡᠢ ᠪᠣᠯᠭᠠᠬᠤ ᠬᠡᠷᠡᠭᠲᠡᠢ᠃ ᠬᠡᠷᠡᠭ ᠢ ᠬᠦᠴᠦᠨ ᠦᠭᠡᠢ | ᠪᠣᠯᠭᠠᠬᠤ ᠲᠣᠭᠲᠠᠭᠠᠯ ᠢ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠠᠴᠠ ᠭᠠᠷᠭᠠᠵᠤ᠂ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ | ᠳᠠᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠠᠴᠠ ᠭᠠᠷᠭᠠᠬᠤ ᠶᠢᠨ ᠬᠠᠮᠲᠤ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠲᠠᠮᠠᠭ᠎ᠠ ᠶᠢ ᠳᠠᠷᠤᠬᠤ ᠬᠡᠷᠡᠭᠲᠡᠢ᠃ | ᠭᠤᠷᠪᠠᠳᠤᠭᠠᠷ ᠪᠦᠯᠦᠭ ᠭᠤᠶᠤᠴᠢᠯᠠᠬᠤ ᠪᠠ ᠭᠥᠯᠢᠶᠡᠨ ᠠᠪᠴᠤ ᠰᠢᠢᠳᠪᠦᠷᠢᠯᠡᠬᠦ | ᠠᠷᠪᠠᠨ ᠵᠢᠷᠭᠤᠳᠤᠭᠠᠷ ᠵᠦᠢᠯ ᠭᠤᠶᠤᠴᠢᠯᠠᠭᠴᠢ ᠲᠤᠰ ᠳᠦᠷᠢᠮ ᠢ ᠦᠨᠳᠦᠰᠦᠯᠡᠨ ᠬᠥᠨᠳᠡᠯᠡᠨ ᠠᠴᠠ | ᠲᠠᠰᠤᠯᠤᠭᠤᠯᠬᠤ ᠪᠠᠷ ᠭᠤᠶᠤᠴᠢᠯᠠᠬᠤ ᠳᠠᠭᠠᠨ᠄ | ︵ᠨᠢᠭᠡ︶ ᠭᠤᠶᠤᠴᠢᠯᠠᠭᠴᠢ ᠪᠤᠶᠤ ᠲᠡᠭᠦᠨ ᠤ ᠨᠠᠶᠢᠳᠠᠭᠰᠠᠨ ᠣᠷᠣᠯᠠᠭᠴᠢ ᠠᠴᠠ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠳᠤ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠢᠶᠠᠨ | ᠲᠤᠰᠢᠶᠠᠨ᠎ᠠ᠃ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠲᠤ ᠲᠤᠤᠷᠡᠬᠢ ᠵᠦᠢᠯ ᠢ ᠲᠡᠮᠳᠡᠭᠯᠡᠨ | ᠲᠤᠳᠤᠷᠬᠠᠶᠢᠯᠠᠬᠤ ᠬᠡᠷᠡᠭᠳᠡᠢ᠃ | 1. ᠲᠤᠬᠠᠢ ᠶᠢᠨ ᠬᠥᠮᠥᠨ ᠤ ᠣᠪᠣᠭ ᠨᠡᠷ᠎ᠡ᠂ ᠬᠦᠢᠰᠦ᠂ ᠨᠠᠰᠤ᠂ ᠡᠷᠬᠢᠯᠡᠭᠰᠡᠨ ᠠᠵᠢᠯ᠂ ᠠᠵᠢᠯᠯᠠᠵᠤ ᠪᠠᠶᠢᠭ᠎ᠠ | ᠨᠢᠭᠡᠴᠢ ᠪᠠ ᠣᠷᠣᠨ ᠰᠠᠭᠤᠴᠠ᠂ ᠬᠠᠤᠯᠢ ᠶᠢᠨ ᠬᠥᠮᠥᠨ ᠪᠤᠶᠤ ᠬᠠᠤᠯᠢ ᠶᠢᠨ ᠬᠥᠮᠥᠨ ᠪᠤᠰᠤ ᠵᠣᠬᠢᠶᠠᠨ | ᠪᠠᠶᠢᠭᠤᠯᠤᠯᠲᠠ ᠶᠢᠨ ᠨᠡᠷᠡᠶᠢᠳᠦᠯ᠂ ᠣᠷᠣᠨ ᠰᠠᠭᠤᠴᠠ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ | ᠬᠠᠷᠢᠭᠤᠴᠠᠯᠭᠠᠲᠠᠨ ᠤ ᠣᠪᠣᠭ ᠨᠡᠷ᠎ᠡ᠂ ᠲᠤᠰᠢᠶᠠᠯ ᠪᠠ ᠬᠠᠷᠢᠯᠴᠠᠬᠤ ᠠᠷᠭ᠎ᠠ ᠮᠠᠶ᠋ᠢᠭ︔ | 2. ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠪᠠ ᠦᠨᠳᠦᠰᠦᠯᠡᠭᠰᠡᠨ ᠪᠣᠳᠠᠲᠤ ᠶᠠᠪᠤᠳᠠᠯ᠂ ᠤᠴᠢᠷ | ᠰᠢᠯᠲᠠᠭᠠᠨ︔ | 3. ᠭᠡᠷᠡᠴᠢ ᠪᠠᠷᠢᠮᠲᠠ ᠪᠠ ᠭᠡᠷᠡᠴᠢ ᠪᠠᠷᠢᠮᠲᠠ ᠶᠢᠨ ᠢᠷᠡᠯᠲᠡ᠂ ᠭᠡᠷᠡᠴᠢᠯᠡᠭᠴᠢ ᠶᠢᠨ ᠣᠪᠣᠭ ᠨᠡᠷ᠎ᠡ ᠪᠠ ᠣᠷᠣᠨ | ᠰᠠᠭᠤᠴᠠ ᠵᠢᠴᠢ ᠬᠠᠷᠢᠯᠴᠠᠬᠤ ᠠᠷᠭ᠎ᠠ ᠮᠠᠶ᠋ᠢᠭ᠃ | ︵ᠬᠤᠶᠠᠷ︶ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠬᠤ ᠳᠤ ᠦᠨᠳᠦᠰᠦᠯᠡᠭᠰᠡᠨ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠲᠦᠷᠢᠮ᠂ | ᠪᠡᠶ᠎ᠡ ᠶᠢᠨ ᠲᠠᠮᠢᠷ ᠤᠨ ᠤᠷᠤᠯᠳᠤᠭᠠᠨ ᠤ ᠲᠦᠷᠢᠮ ᠵᠡᠷᠭᠡ ᠪᠢᠴᠢᠭ ᠮᠠᠲ᠋ᠧᠷᠢᠶᠠᠯ ᠤᠨ ᠬᠠᠭᠤᠯᠪᠤᠷᠢ ᠳᠡᠪᠲᠡᠷ ᠢ | ᠳᠡᠪᠰᠢᠭᠦᠯᠦᠨ ᠲᠤᠰᠢᠶᠠᠬᠤ︔ | ︵ᠭᠤᠷᠪᠠ︶ ᠭᠤᠶᠤᠴᠢᠯᠠᠭᠴᠢ ᠶᠢᠨ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ︔ | ︵ᠲᠦᠷᠪᠡ︶ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠭᠰᠡᠨ ᠲᠣᠭᠲᠠᠭᠠᠯ ᠢ | ᠵᠥᠪᠰᠢᠶᠡᠷᠡᠬᠦ ᠦᠭᠡᠢ ᠵᠢᠭᠤᠷᠠᠯᠳᠤᠭᠠᠨ ᠪᠤᠯ ᠭᠤᠶᠤᠴᠢᠯᠠᠭᠴᠢ ᠨᠢ ᠪᠠᠰᠠ ᠪᠡᠶ᠎ᠡ ᠶᠢᠨ ᠲᠠᠮᠢᠷ ᠤᠨ ᠵᠣᠬᠢᠶᠠᠨ | ᠪᠠᠶᠢᠭᠤᠯᠤᠯᠲᠠ ᠶᠢᠨ ᠰᠢᠢᠳᠪᠦᠷᠢᠯᠡᠭᠰᠡᠨ ᠲᠣᠭᠲᠠᠭᠠᠯ ᠤᠨ ᠬᠠᠭᠤᠯᠪᠤᠷᠢ ᠳᠡᠪᠲᠡᠷ ᠢ ᠲᠤᠰᠢᠶᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠨᠢ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠢ ᠣᠯᠣᠭᠰᠠᠨ | ᠡᠳᠦᠷ ᠠᠴᠠ ᠡᠬᠢᠯᠡᠨ᠎ᠡ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠤᠨ ᠪᠢᠴᠢᠭ ᠢ ᠣᠯᠣᠭᠰᠠᠨ ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ ᠭᠥᠯᠢᠶᠡᠨ ᠠᠪᠴᠤ | ᠰᠢᠢᠳᠪᠦᠷᠢᠯᠡᠬᠦ ᠨᠥᠬᠦᠴᠡᠯ ᠳᠤ ᠨᠡᠶᠢᠴᠡᠨ᠎ᠡ ᠭᠡᠵᠦ ᠦᠵᠡᠪᠡᠯ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ | ᠲᠤᠬᠠᠢ ᠶᠢᠨ ᠬᠥᠮᠥᠨ ᠳᠤ ᠮᠡᠳᠡᠭᠳᠡᠬᠦ ᠬᠡᠷᠡᠭᠲᠡᠢ︔ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ | ᠦᠭᠡᠢ ᠭᠡᠵᠦ ᠦᠵᠡᠪᠡᠯ᠂ ᠭᠥᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠬᠤ ᠪᠠᠨ ᠭᠤᠶᠤᠴᠢᠯᠠᠭᠴᠢ ᠳᠤ ᠪᠢᠴᠢᠭ ᠢᠶᠠᠷ | ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠤᠨ ᠪᠢᠴᠢᠭ ᠢ ᠣᠯᠣᠭᠰᠠᠨ ᠤ ᠲᠡᠷᠠᠭ᠎ᠠ᠂ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ | ᠲᠣᠭᠲᠠᠭᠠᠯ ᠳᠤ ᠨᠡᠶᠢᠴᠡᠬᠦ ᠦᠭᠡᠢ ᠭᠡᠵᠦ ᠦᠵᠡᠪᠡᠯ᠂ ᠲᠤᠬᠠᠢ ᠶᠢᠨ ᠬᠥᠮᠥᠨ ᠢ ᠬᠤᠭᠤᠴᠠᠭ᠎ᠠ ᠲᠣᠭᠲᠠᠭᠠᠨ | ᠨᠥᠬᠦᠪᠦᠷᠢᠯᠡᠨ ᠵᠠᠯᠠᠷᠠᠭᠤᠯᠤᠭᠤᠯᠬᠤ ᠪᠠᠷ ᠱᠠᠭᠠᠷᠳᠠᠵᠤ ᠪᠣᠯᠣᠨ᠎ᠠ︔ ᠬᠤᠭᠤᠴᠠᠭ᠎ᠠ ᠬᠡᠲᠦᠷᠡᠲᠡᠯ᠎ᠡ ᠨᠥᠬᠦᠪᠦᠷᠢᠯᠡᠨ | ᠵᠠᠯᠠᠷᠠᠭᠤᠯᠬᠤ ᠦᠭᠡᠢ ᠪᠠᠶᠢᠪᠠᠯ᠂ ᠭᠤᠶᠤᠴᠢᠯᠠᠯ ᠢᠶᠠᠨ ᠪᠤᠴᠠᠭᠠᠭᠰᠠᠨ ᠢᠶᠠᠷ ᠦᠵᠡᠨ᠎ᠡ᠂ ᠭᠤᠶᠤᠴᠢᠯᠠᠭᠴᠢ ᠶᠢᠨ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠵᠢᠴᠢ ᠲᠡᠭᠦᠨ ᠤ ᠳᠠᠭᠠᠯᠳᠤᠭᠤᠯᠤᠯ ᠢ ᠪᠡᠶ᠎ᠡ ᠶᠢᠨ | ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠦᠯᠡᠳᠡᠭᠡᠨ ᠬᠠᠳᠠᠭᠠᠯᠠᠬᠤ ᠦᠭᠡᠢ᠃ | ᠠᠷᠪᠠᠨ ᠨᠠᠢᠮᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ | ᠲᠠᠰᠤᠯᠤᠭᠤᠯᠬᠤ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ᠂ ᠲᠠᠪᠤᠨ ᠡᠳᠦᠷ ᠤᠨ | ᠳᠣᠲᠣᠷ᠎ᠠ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ᠂ ᠬᠥᠨᠳᠡᠯᠡᠨ ᠠᠴᠠ ᠲᠠᠰᠤᠯᠬᠤ ᠳᠦᠷᠢᠮ᠂ ᠬᠥᠨᠳᠡᠯᠡᠨ ᠠᠴᠠ | ᠲᠠᠰᠤᠯᠤᠭᠴᠢ ᠶᠢᠨ ᠨᠡᠷᠡᠰ ᠤᠨ ᠳᠡᠪᠲᠡᠷ ᠢ ᠬᠤᠶᠠᠷ ᠡᠲᠡᠭᠡᠳ ᠤᠨ ᠲᠤᠬᠠᠢ ᠶᠢᠨ ᠬᠥᠮᠥᠨ ᠤ ᠬᠦᠮᠦᠨ ᠪᠦᠷᠢ ᠳᠤ ᠨᠢᠭᠡ | ᠬᠤᠪᠢ ᠶᠠᠪᠤᠭᠤᠯᠬᠤ ᠬᠡᠷᠡᠭᠳᠡᠢ︔ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ | ᠪᠢᠴᠢᠭ ᠵᠢᠴᠢ ᠲᠡᠭᠦᠨ ᠤ ᠳᠠᠭᠠᠯᠳᠤᠭᠤᠯᠤᠯ ᠢ ᠴᠤ ᠭᠤᠶᠤᠴᠢᠯᠠᠭᠳᠠᠭᠴᠢ ᠳᠤ ᠬᠠᠮᠲᠤ ᠳᠤᠨᠢ ᠶᠠᠪᠤᠭᠤᠯᠵᠤ ᠥᠭᠬᠦ | ᠬᠡᠷᠡᠭᠲᠡᠢ᠃ | ᠠᠷᠪᠠ ᠶᠢᠰᠦᠳᠦᠭᠡᠷ ᠵᠦᠢᠯ ᠭᠤᠶᠤᠴᠢᠯᠠᠭᠳᠠᠭᠴᠢ ᠨᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ | ᠪᠢᠴᠢᠭ ᠤᠨ ᠬᠠᠭᠤᠯᠪᠤᠷᠢ ᠳᠡᠪᠲᠡᠷ ᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ | ᠬᠠᠷᠢᠭᠤ ᠮᠠᠷᠭᠤᠬᠤ ᠪᠢᠴᠢᠭ ᠢᠶᠠᠨ ᠲᠤᠰᠢᠶᠠᠬᠤ ᠬᠡᠷᠡᠭᠲᠡᠢ᠃ ᠭᠤᠶᠤᠴᠢᠯᠠᠭᠳᠠᠭᠴᠢ ᠦᠨᠡᠬᠡᠷ ᠵᠦᠢ ᠶᠣᠰᠣᠨ ᠤ ᠤᠴᠢᠷ | ᠰᠢᠯᠲᠠᠭᠠᠨ ᠲᠠᠢ ᠪᠠᠶᠢᠵᠤ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠭᠰᠠᠨ ᠪᠠᠶᠢᠪᠠᠯ᠂ ᠬᠥᠨᠳᠡᠯᠡᠨ ᠠᠴᠠ | ᠲᠠᠰᠤᠯᠬᠤ ᠲᠢᠩᠬᠢᠮ ᠠᠴᠠ ᠲᠣᠭᠲᠠᠭᠠᠯ ᠭᠠᠷᠭᠠᠨ᠎ᠠ︔ ᠬᠥᠨᠳᠡᠯᠡᠨ ᠠᠴᠠ ᠲᠠᠰᠤᠯᠬᠤ ᠲᠢᠩᠬᠢᠮ ᠬᠠᠷᠠᠬᠠᠨ | ᠪᠦᠷᠢᠯᠳᠦᠭᠡᠳᠦᠢ ᠪᠠᠶᠢᠪᠠᠯ᠂ ᠡᠷᠬᠢᠯᠡᠭᠴᠢ ᠠᠴᠠ ᠲᠣᠭᠲᠠᠭᠠᠯ ᠭᠠᠷᠭᠠᠨ᠎ᠠ᠃ ᠬᠥᠨᠳᠡᠯᠡᠨ ᠠᠴᠠ ᠲᠠᠰᠤᠯᠬᠤ ᠲᠢᠩᠬᠢᠮ | ᠬᠤᠭᠤᠴᠠᠭ᠎ᠠ ᠬᠡᠲᠦᠷᠡᠭᠦᠯᠦᠨ ᠲᠤᠰᠢᠶᠠᠭᠰᠠᠨ ᠬᠠᠷᠢᠭᠤ ᠮᠠᠷᠭᠤᠬᠤ ᠪᠢᠴᠢᠭ ᠢ ᠭᠥᠯᠢᠶᠡᠨ ᠠᠪᠬᠤ ᠡᠰᠡᠬᠦ ᠶᠢ | ᠲᠣᠭᠲᠠᠭᠠᠬᠤ ᠡᠷᠬᠡ ᠲᠠᠢ᠃ | ᠬᠠᠷᠢᠭᠤ ᠮᠠᠷᠭᠤᠬᠤ ᠪᠢᠴᠢᠭ ᠢ ᠭᠤᠶᠤᠴᠢᠯᠠᠭᠳᠠᠭᠴᠢ ᠪᠤᠶᠤ ᠲᠡᠭᠦᠨ ᠤ ᠨᠠᠶᠢᠳᠠᠭᠰᠠᠨ ᠣᠷᠣᠯᠠᠭᠴᠢ ᠲᠤᠰᠢᠶᠠᠨ᠎ᠠ᠂ | ᠡᠭᠦᠨ ᠳᠤ ᠳᠣᠣᠷ᠎ᠠ ᠵᠢᠭᠰᠠᠭᠠᠭᠰᠠᠨ ᠠᠭᠤᠯᠭ᠎ᠠ ᠵᠢᠴᠢ ᠳᠠᠭᠠᠯᠳᠤᠭᠤᠯᠤᠯ ᠢ ᠪᠠᠭᠲᠠᠭᠠᠬᠤ ᠬᠡᠷᠡᠭᠲᠡᠢ᠄ | ︵ᠨᠢᠭᠡ︶ ᠭᠤᠶᠤᠴᠢᠯᠠᠭᠳᠠᠭᠴᠢ ᠶᠢᠨ ᠣᠪᠣᠭ ᠨᠡᠷ᠎ᠡ ᠪᠤᠶᠤ ᠨᠡᠷᠡᠶᠢᠳᠦᠯ᠂ ᠣᠷᠣᠨ ᠰᠠᠭᠤᠴᠠ᠂ ᠡᠭᠦᠨ ᠳᠤ ᠰᠢᠤᠳᠠᠨ | ᠳ᠋ᠤᠭᠠᠷ᠂ ᠤᠳᠠᠰᠦ᠂ ᠹᠠᠺᠰ᠂ ᠡᠯᠧᠺᠲᠷᠣᠨ ᠰᠢᠤᠳᠠᠨ ᠬᠠᠶᠢᠷᠴᠠᠭ ᠪᠤᠶᠤ ᠪᠤᠰᠤᠳ ᠡᠯᠧᠺᠲᠷᠣᠨ ᠮᠡᠳᠡᠭᠡ ᠬᠤᠯᠪᠣᠭᠠᠨ ᠤ | ᠠᠷᠭ᠎ᠠ ᠮᠠᠶ᠋ᠢᠭ ᠪᠠᠭᠲᠠᠨ᠎ᠠ︔ | ︵ᠬᠤᠶᠠᠷ︶ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠤᠨ ᠪᠢᠴᠢᠭ ᠤᠨ ᠬᠠᠷᠢᠭᠤ ᠮᠠᠷᠭᠤᠯᠲᠠ ᠵᠢᠴᠢ | ᠦᠨᠳᠦᠰᠦᠯᠡᠭᠰᠡᠨ ᠪᠣᠳᠠᠲᠤ ᠬᠡᠷᠡᠭ ᠪᠠ ᠤᠴᠢᠷ ᠰᠢᠯᠲᠠᠭᠠᠨ︔ | ︵ᠭᠤᠷᠪᠠ︶ ᠬᠠᠷᠢᠭᠤ ᠮᠠᠷᠭᠤᠬᠤ ᠳᠤ ᠦᠨᠳᠦᠰᠦᠯᠡᠭᠰᠡᠨ ᠭᠡᠷᠡᠴᠢ ᠪᠠᠷᠢᠮᠲᠠ ᠶᠢᠨ ᠮᠠᠲ᠋ᠧᠷᠢᠶᠠᠯ ᠵᠢᠴᠢ ᠪᠤᠰᠤᠳ | ᠭᠡᠷᠡᠴᠢᠯᠡᠬᠦ ᠪᠢᠴᠢᠭ ᠮᠠᠲ᠋ᠧᠷᠢᠶᠠᠯ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠠᠷᠢᠭᠤ ᠮᠠᠷᠭᠤᠬᠤ ᠪᠢᠴᠢᠭ ᠢ ᠣᠯᠣᠭᠰᠠᠨ ᠤ | ᠲᠡᠷᠠᠭ᠎ᠠ ᠲᠠᠪᠤᠨ ᠡᠳᠦᠷ ᠤᠨ ᠳᠣᠲᠣᠷ᠎ᠠ ᠬᠠᠷᠢᠭᠤ ᠮᠠᠷᠭᠤᠬᠤ ᠪᠢᠴᠢᠭ ᠤᠨ ᠬᠠᠭᠤᠯᠪᠤᠷᠢ ᠳᠡᠪᠲᠡᠷ ᠢ | ᠭᠤᠶᠤᠴᠢᠯᠠᠭᠴᠢ ᠳᠤ ᠶᠠᠪᠤᠭᠤᠯᠵᠤ ᠥᠭᠬᠦ ᠬᠡᠷᠡᠭᠲᠡᠢ᠃ ᠭᠤᠶᠤᠴᠢᠯᠠᠭᠳᠠᠭᠴᠢ ᠬᠠᠷᠢᠭᠤ ᠮᠠᠷᠭᠤᠬᠤ ᠪᠢᠴᠢᠭ | ᠳᠡᠪᠰᠢᠭᠦᠯᠦᠭᠰᠡᠨ ᠦᠭᠡᠢ ᠴᠦ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠤᠨ ᠶᠠᠪᠤᠭᠳᠠᠬᠤ ᠶᠢ ᠨᠥᠯᠥᠭᠡᠯᠡᠬᠦ | ᠦᠭᠡᠢ᠃ | ᠬᠤᠷᠢᠳᠤᠭᠠᠷ ᠵᠦᠢᠯ ᠭᠤᠶᠤᠴᠢᠯᠠᠭᠳᠠᠭᠴᠢ ᠠᠳᠠᠯᠢ ᠨᠢᠭᠡ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ᠂ | ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ | ᠦᠨᠳᠦᠰᠦᠯᠡᠨ ᠭᠡᠳᠡᠷᠬᠦ ᠭᠤᠶᠤᠴᠢᠯᠠᠯ ᠭᠠᠷᠭᠠᠵᠤ ᠪᠣᠯᠣᠨ᠎ᠠ᠃ ᠬᠡᠳᠡᠷᠬᠦ ᠭᠤᠶᠤᠴᠢᠯᠠᠯ ᠤᠨ ᠭᠤᠶᠤᠴᠢᠯᠠᠭᠳᠠᠭᠴᠢ ᠨᠢ | ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠤᠨ ᠭᠤᠶᠤᠴᠢᠯᠠᠭᠴᠢ ᠪᠠᠷ ᠬᠢᠵᠠᠭᠠᠷᠯᠠᠭᠳᠠᠨ᠎ᠠ᠃ | ᠭᠤᠶᠤᠴᠢᠯᠠᠭᠳᠠᠭᠴᠢ ᠬᠡᠳᠡᠷᠬᠦ ᠭᠤᠶᠤᠴᠢᠯᠠᠯ ᠭᠠᠷᠭᠠᠬᠤ ᠭᠡᠪᠡᠯ᠂ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ | ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠳᠤ ᠬᠡᠳᠡᠷᠬᠦ ᠭᠤᠶᠤᠴᠢᠯᠠᠯ ᠭᠠᠷᠭᠠᠬᠤ ᠭᠤᠶᠤᠴᠢᠯᠠᠯ ᠤᠨ ᠪᠢᠴᠢᠭ ᠢᠶᠠᠨ ᠲᠤᠰᠢᠶᠠᠬᠤ ᠬᠡᠷᠡᠭᠲᠡᠢ᠃ | ᠬᠤᠭᠤᠴᠠᠭ᠎ᠠ ᠬᠡᠳᠦᠷᠡᠨ ᠲᠤᠰᠢᠶᠠᠪᠠᠯ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠶᠢ ᠬᠥᠨᠳᠡᠯᠡᠨ ᠠᠴᠠ ᠲᠠᠰᠤᠯᠬᠤ | ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ | ᠲᠣᠭᠲᠠᠭᠠᠨ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ ᠳᠠᠷᠠᠭ᠎ᠠ ᠬᠥᠨᠳᠡᠯᠡᠨ ᠠᠴᠠ ᠲᠠᠰᠤᠯᠬᠤ | ᠲᠢᠩᠬᠢᠮ ᠠᠴᠠ ᠲᠣᠭᠲᠠᠭᠠᠨ᠎ᠠ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ ᠬᠥᠨᠳᠡᠯᠡᠨ ᠠᠴᠠ ᠲᠠᠰᠤᠯᠬᠤ ᠲᠢᠩᠬᠢᠮ | ᠭᠥᠯᠢᠶᠡᠨ ᠠᠪᠴᠤ ᠰᠢᠢᠳᠪᠦᠷᠢᠯᠡᠬᠦ ᠶᠢ ᠵᠥᠪᠰᠢᠶᠡᠷᠡᠬᠦ ᠦᠭᠡᠢ ᠪᠠᠶᠢᠪᠠᠯ᠂ ᠲᠤᠬᠠᠢ ᠶᠢᠨ ᠬᠥᠮᠥᠨ ᠨᠢ ᠬᠡᠳᠡᠷᠬᠦ | ᠭᠤᠶᠤᠴᠢᠯᠠᠯ ᠳᠤ ᠬᠤᠯᠪᠣᠭᠳᠠᠬᠤ ᠵᠦᠢᠯ ᠤᠨ ᠲᠤᠬᠠᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠺᠣᠮᠢᠰ ᠲᠤ | ᠣᠨᠳᠣᠣ ᠬᠡᠷᠡᠭ ᠢᠶᠠᠷ ᠭᠤᠶᠤᠴᠢᠯᠠᠯ ᠭᠠᠷᠭᠠᠵᠤ ᠪᠣᠯᠣᠨ᠎ᠠ᠃ ᠲᠤᠬᠠᠢ ᠶᠢᠨ ᠬᠥᠮᠥᠨ ᠨᠢ ᠣᠨᠳᠣᠣ ᠬᠡᠷᠡᠭ ᠲᠤ | ᠭᠤᠶᠤᠴᠢᠯᠠᠯ ᠭᠠᠷᠭᠠᠭᠰᠠᠨ ᠴᠤ ᠲᠤᠰ ᠬᠡᠷᠡᠭ ᠢ ᠰᠢᠭᠦᠬᠦ ᠶᠢ ᠨᠥᠯᠥᠭᠡᠯᠡᠬᠦ ᠦᠭᠡᠢ᠃ | ᠬᠡᠳᠡᠷᠬᠦ ᠭᠤᠶᠤᠴᠢᠯᠠᠯ ᠢ ᠳᠤᠷᠠᠳᠬᠤ ᠪᠠ ᠭᠥᠯᠢᠶᠡᠨ ᠠᠪᠴᠤ ᠰᠢᠢᠳᠪᠦᠷᠢᠯᠡᠬᠦ ᠳᠡᠭᠡᠨ ᠲᠤᠰ ᠳᠦᠷᠢᠮ ᠤᠨ | ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ | ᠰᠢᠢᠳᠪᠦᠷᠢᠯᠡᠨ᠎ᠡ᠃ ᠠᠳᠠᠯᠢ ᠨᠢᠭᠡᠨ ᠬᠡᠷᠡᠭ ᠤᠨ ᠳᠣᠲᠣᠷᠠᠬᠢ ᠭᠤᠶᠤᠴᠢᠯᠠᠯ ᠪᠠ ᠬᠡᠳᠡᠷᠬᠦ ᠭᠤᠶᠤᠴᠢᠯᠠᠯ ᠢ ᠨᠡᠶᠢᠯᠡᠭᠦᠯᠦᠨ | ᠰᠢᠭᠦᠬᠦ ᠬᠡᠷᠡᠭᠲᠡᠢ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠬᠡᠳᠡᠷᠬᠦ ᠭᠤᠶᠤᠴᠢᠯᠠᠯ ᠤᠨ ᠭᠤᠶᠤᠴᠢᠯᠠᠯ ᠢ | ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ ᠲᠠᠪᠤᠨ ᠡᠳᠦᠷ ᠤᠨ ᠳᠣᠲᠣᠷ᠎ᠠ ᠬᠡᠳᠡᠷᠬᠦ ᠭᠤᠶᠤᠴᠢᠯᠠᠯ ᠤᠨ | ᠭᠤᠶᠤᠴᠢᠯᠠᠯ ᠤᠨ ᠪᠢᠴᠢᠭ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠬᠡᠳᠡᠷᠬᠦ ᠭᠤᠶᠤᠴᠢᠯᠠᠯ ᠤᠨ | ᠭᠤᠶᠤᠴᠢᠯᠠᠭᠳᠠᠭᠴᠢ ᠳᠤ ᠬᠦᠷᠭᠡᠵᠦ ᠥᠭᠬᠦ ᠬᠡᠷᠡᠭᠲᠡᠢ᠃ ᠬᠡᠳᠡᠷᠬᠦ ᠭᠤᠶᠤᠴᠢᠯᠠᠬᠤ ᠪᠠᠷ ᠭᠤᠶᠤᠴᠢᠯᠠᠭᠳᠠᠭᠴᠢ ᠨᠢ ᠲᠤᠰ | ᠳᠦᠷᠢᠮ ᠤᠨ ᠠᠷᠪᠠ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠳᠤ ᠬᠠᠷᠢᠭᠤ ᠮᠠᠷᠭᠤᠬᠤ ᠪᠢᠴᠢᠭ ᠪᠠ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠬᠤ | ᠬᠡᠷᠡᠭᠲᠡᠢ︔ ᠳᠡᠪᠰᠢᠭᠦᠯᠦᠭᠰᠡᠨ ᠦᠭᠡᠢ ᠴᠦ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠶᠠᠪᠤᠭᠳᠠᠬᠤ ᠶᠢ | ᠨᠥᠯᠥᠭᠡᠯᠡᠬᠦ ᠦᠭᠡᠢ᠃ | ᠬᠡᠳᠡᠷᠬᠦ ᠭᠤᠶᠤᠴᠢᠯᠠᠭᠰᠠᠨ ᠪᠤᠰᠤᠳ ᠵᠦᠢᠯᠡᠰ ᠢ ᠲᠤᠰ ᠳᠦᠷᠢᠮ ᠳᠠᠬᠢ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠤᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠃ | ᠬᠤᠷᠢᠨ ᠨᠢᠭᠡᠳᠦᠭᠡᠷ ᠵᠦᠢᠯ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ | ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ ᠬᠥᠨᠳᠡᠯᠡᠨ ᠠᠴᠠ ᠲᠠᠰᠤᠯᠤᠭᠤᠯᠬᠤ ᠪᠠᠷ | ᠪᠢᠴᠢᠭ ᠤᠨ ᠬᠡᠯᠪᠡᠷᠢ ᠪᠠᠷ ᠭᠤᠶᠤᠴᠢᠯᠠᠬᠤ ᠪᠤᠶᠤ ᠬᠡᠳᠡᠷᠬᠦ ᠭᠤᠶᠤᠴᠢᠯᠠᠯ ᠢᠶᠠᠨ ᠬᠤᠪᠢᠷᠠᠭᠤᠯᠵᠤ ᠪᠣᠯᠣᠨ᠎ᠠ᠃ | ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠭᠥᠯᠢᠶᠡᠨ ᠠᠪᠴᠤ ᠰᠢᠢᠳᠪᠦᠷᠢᠯᠡᠨ᠎ᠡ᠂ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ | ᠳᠠᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠭᠥᠯᠢᠶᠡᠨ ᠠᠪᠴᠤ ᠰᠢᠢᠳᠪᠦᠷᠢᠯᠡᠨ᠎ᠡ᠃ ᠬᠤᠭᠤᠴᠠᠭ᠎ᠠ ᠬᠡᠳᠦᠷᠡᠭᠰᠡᠨ ᠤ | ᠲᠠᠷᠠᠭ᠎ᠠ ᠳᠤᠷᠠᠳᠤᠭᠰᠠᠨ ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ | ᠬᠥᠨᠳᠡᠯᠡᠨ ᠠᠴᠠ ᠲᠠᠰᠤᠯᠬᠤ ᠲᠢᠩᠬᠢᠮ ᠠᠴᠠ ᠭᠥᠯᠢᠶᠡᠨ ᠠᠪᠴᠤ ᠰᠢᠢᠳᠪᠦᠷᠢᠯᠡᠬᠦ ᠡᠰᠡᠬᠦ ᠪᠠᠨ ᠲᠣᠭᠲᠠᠭᠠᠨ᠎ᠠ᠃ | ᠬᠥᠨᠳᠡᠯᠡᠨ ᠠᠴᠠ ᠲᠠᠰᠤᠯᠤᠭᠤᠯᠬᠤ ᠶᠢ ᠬᠤᠪᠢᠷᠠᠭᠤᠯᠬᠤ ᠭᠤᠶᠤᠴᠢᠯᠠᠯ ᠢ ᠳᠤᠷᠠᠳᠬᠤ᠂ ᠭᠥᠯᠢᠶᠡᠨ ᠠᠪᠴᠤ | ᠰᠢᠢᠳᠪᠦᠷᠢᠯᠡᠬᠦ᠂ ᠬᠠᠷᠢᠭᠤ ᠮᠠᠷᠭᠤᠬᠤ ᠵᠡᠷᠭᠡ ᠵᠦᠢᠯᠡᠰ ᠢ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠠᠴᠠ | ᠠᠷᠪᠠ ᠶᠢᠰᠦᠳᠦᠭᠡᠷ ᠵᠦᠢᠯ ᠬᠦᠷᠲᠡᠯᠡᠬᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠃ | ᠬᠤᠷᠢᠨ ᠬᠤᠶᠠᠳᠤᠭᠠᠷ ᠵᠦᠢᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤᠨᠢ ᠨᠡᠶᠢᠴᠡᠭᠰᠡᠨ | ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠨᠢᠭᠡ ᠲᠠᠯ᠎ᠠ ᠶᠢᠨ ᠲᠤᠬᠠᠢ ᠶᠢᠨ | ᠬᠥᠮᠥᠨ ᠤ ᠭᠤᠶᠤᠴᠢᠯᠠᠯ ᠢᠶᠠᠷ ᠬᠤᠶᠠᠷ ᠪᠤᠶᠤ ᠬᠤᠶᠠᠷ ᠠᠴᠠ ᠲᠡᠭᠡᠭᠰᠢᠬᠢ ᠬᠥᠨᠳᠡᠯᠡᠨ ᠠᠴᠠ ᠲᠠᠰᠤᠯᠬᠤ ᠬᠡᠷᠡᠭ ᠢ | ᠨᠡᠶᠢᠯᠡᠭᠦᠯᠦᠭᠡᠳ ᠨᠢᠭᠡ ᠬᠡᠷᠡᠭ ᠪᠣᠯᠭᠠᠵᠤ ᠰᠢᠭᠦᠬᠦ ᠪᠠᠷ ᠲᠣᠭᠲᠠᠭᠠᠵᠤ ᠪᠣᠯᠣᠨ᠎ᠠ: | ︵ᠨᠢᠭᠡ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠠᠳᠠᠯᠢ ᠨᠢᠭᠡᠨ ᠬᠥᠨᠳᠡᠯᠡᠨ ᠠᠴᠠ | ᠲᠠᠰᠤᠯᠤᠭᠤᠯᠬᠤ ᠬᠡᠯᠡᠯᠴᠡᠭᠡᠷ ᠢ ᠦᠨᠳᠦᠰᠦᠯᠡᠨ ᠲᠤᠷᠠᠳᠤᠭᠰᠠᠨ︔ | ︵ᠬᠤᠶᠠᠷ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠠᠳᠠᠯᠢ ᠨᠢᠭᠡᠨ ᠪᠡᠶ᠎ᠡ ᠶᠢᠨ | ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠤᠶᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ | ᠦᠨᠳᠦᠰᠦᠯᠡᠨ ᠳᠤᠷᠠᠳᠤᠭᠰᠠᠨ ᠪᠥᠭᠡᠳ ᠬᠤᠯᠪᠣᠭᠳᠠᠬᠤ ᠲᠣᠭᠲᠠᠭᠠᠯ ᠨᠢ ᠠᠳᠠᠯᠢ ᠨᠢᠭᠡᠨ ᠪᠡᠶ᠎ᠡ ᠶᠢᠨ ᠲᠠᠮᠢᠷ ᠤᠨ | ᠵᠣᠬᠢᠶᠠᠨ ᠪᠠᠶᠢᠭᠤᠯᠤᠯᠲᠠ ᠶᠢᠨ ᠭᠠᠷᠭᠠᠭᠰᠠᠨ ᠬᠤᠯᠪᠣᠭᠳᠠᠬᠤ ᠲᠣᠭᠲᠠᠭᠠᠯ︔ | ︵ᠭᠤᠷᠪᠠ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠤᠯᠠᠨ ᠬᠤᠪᠢ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢ ᠦᠨᠳᠦᠰᠦᠯᠡᠨ ᠳᠤᠷᠠᠳᠴᠤ᠂ ᠬᠡᠷᠡᠭ ᠲᠤ ᠬᠤᠯᠪᠣᠭᠳᠠᠭᠰᠠᠨ ᠤᠯᠠᠨ | ᠬᠤᠪᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠠᠭᠤᠯᠭ᠎ᠠ ᠨᠢ ᠠᠳᠠᠯᠢ ᠪᠤᠶᠤ ᠬᠠᠷᠢᠯᠴᠠᠨ ᠵᠣᠬᠢᠴᠠᠬᠤ | ᠮᠥᠷᠲᠡᠭᠡᠨ ᠡᠯ᠎ᠡ ᠬᠡᠷᠡᠭ ᠤᠨ ᠲᠤᠬᠠᠢ ᠶᠢᠨ ᠬᠥᠮᠥᠨ ᠨᠢ ᠠᠳᠠᠯᠢ ᠪᠠᠶᠢᠵᠤ᠂ ᠬᠤᠯᠪᠣᠭᠳᠠᠭᠰᠠᠨ ᠬᠠᠤᠯᠢ ᠴᠠᠭᠠᠵᠠ ᠶᠢᠨ | ᠬᠠᠷᠢᠴᠠᠭ᠎ᠠ ᠶᠢᠨ ᠰᠢᠨᠵᠢ ᠴᠢᠨᠠᠷ ᠨᠢ ᠠᠳᠠᠯᠢ ᠪᠠᠶᠢᠬᠤ︔ | ︵ᠳᠥᠷᠪᠡ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠤᠯᠠᠨ ᠬᠤᠪᠢ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠢ ᠦᠨᠳᠦᠰᠦᠯᠡᠨ ᠳᠤᠷᠠᠳᠴᠤ᠂ ᠬᠡᠷᠡᠭ ᠲᠤ ᠬᠤᠯᠪᠣᠭᠳᠠᠭᠰᠠᠨ ᠤᠯᠠᠨ | ᠬᠤᠪᠢ ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠠᠭᠤᠯᠭ᠎ᠠ ᠨᠢ ᠠᠳᠠᠯᠢ ᠪᠤᠶᠤ ᠬᠠᠷᠢᠯᠴᠠᠨ ᠵᠣᠬᠢᠴᠠᠬᠤ | ᠮᠥᠷᠲᠡᠭᠡᠨ ᠬᠤᠯᠪᠣᠭᠳᠠᠭᠰᠠᠨ ᠤᠯᠠᠨ ᠬᠤᠪᠢ ᠭᠡᠷ᠎ᠡ ᠪᠠᠷ ᠭᠤᠣᠯ ᠪᠣᠯᠭᠠᠵᠤ ᠳᠠᠭᠠᠯᠲᠠ ᠭᠡᠷ᠎ᠡ ᠶᠢᠨ ᠬᠠᠷᠢᠴᠠᠭ᠎ᠠ ᠲᠠᠢ | ᠪᠠᠶᠢᠬᠤ︔ | ︵ᠲᠠᠪᠤ︶ ᠡᠯ᠎ᠡ ᠬᠡᠷᠡᠭ ᠢ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠤᠯᠠᠨ ᠬᠤᠪᠢ ᠬᠥᠨᠳᠡᠯᠡᠨ ᠠᠴᠠ | ᠲᠠᠰᠤᠯᠤᠭᠤᠯᠬᠤ ᠬᠡᠯᠡᠯᠴᠡᠭᠡᠷ ᠢ ᠦᠨᠳᠦᠰᠦᠯᠡᠨ ᠳᠤᠷᠠᠳᠴᠤ᠂ ᠬᠡᠷᠡᠭ ᠲᠤ ᠬᠤᠯᠪᠣᠭᠳᠠᠭᠰᠠᠨ ᠤᠯᠠᠨ ᠬᠤᠪᠢ | ᠬᠥᠨᠳᠡᠯᠡᠨ ᠠᠴᠠ ᠲᠠᠰᠤᠯᠤᠭᠤᠯᠬᠤ ᠬᠡᠯᠡᠯᠴᠡᠭᠡᠷ ᠤᠨ ᠠᠭᠤᠯᠭ᠎ᠠ ᠨᠢ ᠠᠳᠠᠯᠢ ᠪᠤᠶᠤ ᠬᠠᠷᠢᠯᠴᠠᠨ ᠵᠣᠬᠢᠴᠠᠬᠤ ᠮᠥᠷᠲᠡᠭᠡᠨ | ᠬᠤᠯᠪᠣᠭᠳᠠᠭᠰᠠᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠭᠰᠡᠨ ᠲᠣᠭᠲᠠᠭᠠᠯ ᠨᠢ ᠠᠳᠠᠯᠢ | ᠨᠢᠭᠡᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠭᠠᠷᠭᠠᠭᠰᠠᠨ ᠠᠳᠠᠯᠢ ᠨᠢᠭᠡᠨ ᠲᠣᠭᠲᠠᠭᠠᠯ︔ | ︵ᠵᠢᠷᠭᠤᠭ᠎ᠠ︶ ᠡᠯ᠎ᠡ ᠬᠡᠷᠡᠭ ᠤᠨ ᠲᠤᠬᠠᠢ ᠶᠢᠨ ᠬᠥᠮᠥᠨ ᠴᠥᠮ ᠨᠡᠶᠢᠯᠡᠭᠦᠯᠦᠨ ᠬᠥᠨᠳᠡᠯᠡᠨ ᠠᠴᠠ ᠲᠠᠰᠤᠯᠬᠤ ᠶᠢ | ᠵᠥᠪᠰᠢᠶᠡᠷᠡᠭᠰᠡᠨ᠃ | ᠲᠤᠰ ᠵᠦᠢᠯ ᠤᠨ ᠨᠢᠭᠡᠳᠦᠭᠡᠷ ᠪᠠᠳᠠᠭ ᠢ ᠦᠨᠳᠦᠰᠦᠯᠡᠨ ᠨᠡᠶᠢᠯᠡᠭᠦᠯᠦᠨ ᠬᠥᠨᠳᠡᠯᠡᠨ ᠠᠴᠠ ᠲᠠᠰᠤᠯᠬᠤ ᠦᠶ᠎ᠡ ᠳᠤ᠂ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠰᠠᠨᠠᠯ᠂ | ᠠᠳᠠᠯᠢ ᠪᠤᠰᠤ ᠬᠡᠷᠡᠭ ᠤᠨ ᠬᠥᠨᠳᠡᠯᠡᠨ ᠠᠴᠠ ᠲᠠᠰᠤᠯᠤᠭᠴᠢ ᠶᠢ ᠰᠣᠩᠭᠤᠨ ᠲᠣᠭᠲᠠᠭᠠᠭᠰᠠᠨ ᠪᠤᠶᠤ ᠵᠢᠭᠠᠨ | ᠲᠣᠭᠲᠠᠭᠠᠭᠰᠠᠨ ᠪᠠᠶᠢᠳᠠᠯ᠂ ᠬᠤᠯᠪᠣᠭᠳᠠᠯ ᠪᠦᠬᠦᠢ ᠬᠥᠨᠳᠡᠯᠡᠨ ᠠᠴᠠ ᠲᠠᠰᠤᠯᠬᠤ ᠬᠡᠷᠡᠭ ᠤᠨ ᠬᠤᠭᠤᠷᠣᠨᠳᠣᠬᠢ | ᠬᠤᠯᠪᠣᠭᠳᠠᠬᠤ ᠴᠢᠨᠠᠷ ᠵᠡᠷᠭᠡ ᠬᠦᠴᠦᠨ ᠵᠦᠢᠯ ᠢ ᠪᠣᠳᠣᠯᠬᠢᠯᠠᠬᠤ ᠬᠡᠷᠡᠭᠲᠡᠢ᠃ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠠᠰᠲᠠᠭᠠᠨ ᠪᠣᠯᠵᠣᠯ ᠲᠠᠢ ᠪᠢᠰᠢ ᠪᠣᠯ ᠡᠯ᠎ᠡ ᠬᠡᠷᠡᠭ ᠢ | ᠬᠠᠮᠤᠭ ᠤᠨ ᠲᠦᠷᠦᠭᠦᠨ ᠳᠤ ᠬᠥᠨᠳᠡᠯᠡᠨ ᠠᠴᠠ ᠲᠠᠰᠤᠯᠬᠤ ᠵᠢᠷᠤᠮ ᠢ ᠡᠬᠢᠯᠡᠭᠰᠡᠨ ᠬᠡᠷᠡᠭ ᠲᠤ ᠨᠡᠶᠢᠯᠡᠭᠦᠯᠦᠨ | ᠣᠷᠣᠭᠤᠯᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠬᠡᠷᠡᠭ ᠢ ᠨᠡᠶᠢᠯᠡᠭᠦᠯᠦᠭᠰᠡᠨ ᠤ ᠲᠡᠷᠠᠭ᠎ᠠ᠂ ᠬᠥᠨᠳᠡᠯᠡᠨ ᠠᠴᠠ ᠲᠠᠰᠤᠯᠬᠤ ᠲᠢᠩᠬᠢᠮ | ᠪᠦᠷᠢᠯᠳᠦᠬᠦ ᠠᠴᠠ ᠡᠮᠦᠨ᠎ᠡ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠬᠥᠨᠳᠡᠯᠡᠨ ᠠᠴᠠ | ᠲᠠᠰᠤᠯᠬᠤ ᠵᠢᠷᠤᠮ ᠤᠨ ᠵᠦᠢᠯᠡᠰ ᠤᠨ ᠲᠤᠬᠠᠢ ᠲᠣᠭᠲᠠᠭᠠᠯ ᠭᠠᠷᠭᠠᠨ᠎ᠠ︔ ᠬᠥᠨᠳᠡᠯᠡᠨ ᠠᠴᠠ ᠲᠠᠰᠤᠯᠬᠤ ᠲᠢᠩᠬᠢᠮ | ᠪᠦᠷᠢᠯᠳᠦᠭᠰᠡᠨ ᠤ ᠲᠡᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠠᠴᠠ ᠲᠣᠭᠲᠠᠭᠠᠯ ᠭᠠᠷᠭᠠᠨ᠎ᠠ᠃ | ᠬᠤᠷᠢᠨ ᠭᠤᠷᠪᠠᠳᠤᠭᠠᠷ ᠵᠦᠢᠯ ᠬᠡᠷᠡᠭ ᠲᠤ ᠬᠤᠶᠠᠷ ᠪᠤᠶᠤ ᠬᠤᠶᠠᠷ ᠠᠴᠠ ᠳᠡᠭᠡᠭᠰᠢ ᠭᠤᠶᠤᠴᠢᠯᠠᠭᠴᠢ ᠪᠤᠶᠤ | ᠭᠤᠶᠤᠴᠢᠯᠠᠭᠳᠠᠭᠴᠢ ᠪᠠᠶᠢᠪᠠᠯ᠂ ᠶᠠᠮᠠᠷᠪᠠ ᠲᠤᠬᠠᠢ ᠶᠢᠨ ᠬᠥᠮᠥᠨ ᠴᠥᠮ ᠠᠳᠠᠯᠢᠬᠠᠨ ᠬᠥᠨᠳᠡᠯᠡᠨ ᠠᠴᠠ ᠲᠠᠰᠤᠯᠤᠭᠤᠯᠬᠤ | ᠬᠡᠯᠡᠯᠴᠡᠭᠡᠷ᠂ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠳᠦᠷᠢᠮ᠂ ᠪᠡᠶ᠎ᠡ ᠶᠢᠨ ᠲᠠᠮᠢᠷ ᠤᠨ ᠤᠷᠤᠯᠳᠤᠭᠠᠨ ᠤ | ᠳᠦᠷᠢᠮ ᠢ ᠦᠨᠳᠦᠰᠦᠯᠡᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠣᠯᠣᠨ᠎ᠠ᠃ ᠬᠥᠨᠳᠡᠯᠡᠨ ᠠᠴᠠ | ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ | ᠭᠥᠯᠢᠶᠡᠨ ᠠᠪᠴᠤ ᠰᠢᠢᠳᠪᠦᠷᠢᠯᠡᠬᠦ ᠡᠰᠡᠬᠦ ᠶᠢ ᠲᠣᠭᠲᠠᠭᠠᠨ᠎ᠠ᠂ ᠬᠥᠨᠳᠡᠯᠡᠨ ᠠᠴᠠ ᠲᠠᠰᠤᠯᠬᠤ ᠲᠢᠩᠬᠢᠮ | ᠪᠦᠷᠢᠯᠳᠦᠭᠰᠡᠨ ᠤ ᠲᠡᠷᠠᠭ᠎ᠠ ᠬᠥᠨᠳᠡᠯᠡᠨ ᠠᠴᠠ ᠲᠠᠰᠤᠯᠬᠤ ᠲᠢᠩᠬᠢᠮ ᠲᠣᠭᠲᠠᠭᠠᠨ᠎ᠠ᠃ | ᠳᠡᠭᠡᠷ᠎ᠡ ᠳᠤᠷᠠᠳᠤᠭᠰᠠᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠳᠤᠷᠠᠳᠬᠤ᠂ ᠭᠥᠯᠢᠶᠡᠨ ᠠᠪᠴᠤ | ᠰᠢᠢᠳᠪᠦᠷᠢᠯᠡᠬᠦ᠂ ᠬᠠᠷᠢᠭᠤ ᠮᠠᠷᠭᠤᠬᠤ᠂ ᠬᠤᠪᠢᠷᠠᠭᠤᠯᠬᠤ ᠵᠡᠷᠭᠡ ᠵᠦᠢᠯᠡᠰ ᠢ ᠲᠤᠰ ᠳᠦᠷᠢᠮ ᠤᠨ ᠠᠷᠪᠠᠨ ᠵᠢᠷᠭᠤᠳᠤᠭᠠᠷ | ᠵᠦᠢᠯ ᠠᠴᠠ ᠬᠤᠷᠢᠨ ᠨᠢᠭᠡᠳᠦᠭᠡᠷ ᠵᠦᠢᠯ ᠬᠦᠷᠲᠡᠯᠡᠬᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠃ | ᠬᠤᠷᠢᠨ ᠳᠥᠷᠪᠡᠳᠦᠭᠡᠷ ᠵᠦᠢᠯ ᠲᠤᠬᠠᠢ ᠶᠢᠨ ᠬᠥᠮᠥᠨ ᠨᠢ ᠭᠤᠶᠤᠴᠢᠯᠠᠯ ᠤᠨ ᠪᠢᠴᠢᠭ᠂ ᠬᠠᠷᠢᠭᠤ ᠮᠠᠷᠭᠤᠬᠤ | ᠪᠢᠴᠢᠭ᠂ ᠬᠡᠳᠡᠷᠬᠦ ᠭᠤᠶᠤᠴᠢᠯᠠᠬᠤ ᠭᠤᠶᠤᠴᠢᠯᠠᠯ ᠤᠨ ᠪᠢᠴᠢᠭ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠵᠢᠴᠢ ᠪᠤᠰᠤᠳ | ᠪᠢᠴᠢᠭ ᠤᠨ ᠮᠠᠲ᠋ᠧᠷᠢᠶᠠᠯ ᠢᠶᠠᠨ ᠲᠤᠰᠢᠶᠠᠬᠤ ᠳᠠᠭᠠᠨ ᠨᠢᠭᠡ ᠬᠡᠯᠪᠡᠷᠢ ᠶᠢᠨ ᠲᠠᠪᠤᠨ ᠬᠤᠪᠢ ᠪᠠᠶᠢᠬᠤ ᠬᠡᠷᠡᠭᠲᠡᠢ᠃ | ᠲᠤᠬᠠᠢ ᠶᠢᠨ ᠬᠥᠮᠥᠨ ᠨᠢ ᠬᠤᠶᠠᠷ ᠡᠲᠡᠭᠡᠳ ᠢᠶᠠᠷ ᠵᠣᠭᠰᠣᠬᠤ ᠦᠭᠡᠢ ᠪᠠᠶᠢᠪᠠᠯ᠂ ᠵᠣᠬᠢᠴᠠᠩᠭᠤᠢ ᠬᠤᠪᠢ ᠶᠢᠨ | ᠲᠤᠭ᠎ᠠ ᠶᠢ ᠨᠡᠮᠡᠭᠳᠡᠭᠦᠯᠬᠦ ᠬᠡᠷᠡᠭᠲᠡᠢ︔ ᠬᠥᠨᠳᠡᠯᠡᠨ ᠠᠴᠠ ᠲᠠᠰᠤᠯᠬᠤ ᠲᠢᠩᠬᠢᠮ ᠤᠨ ᠪᠦᠷᠢᠯᠳᠦᠭᠦᠨ ᠤ ᠲᠤᠭ᠎ᠠ ᠨᠢ ᠨᠢᠭᠡ | ᠬᠥᠮᠥᠨ ᠪᠠᠶᠢᠪᠠᠯ᠂ ᠬᠤᠶᠠᠷ ᠬᠤᠪᠢ ᠬᠠᠰᠤᠵᠤ ᠪᠣᠯᠣᠨ᠎ᠠ᠃ | ᠬᠤᠷᠢᠨ ᠲᠠᠪᠤᠳᠤᠭᠠᠷ ᠵᠦᠢᠯ ᠲᠤᠬᠠᠢ ᠶᠢᠨ ᠬᠥᠮᠥᠨ ᠨᠢ ᠳᠤᠮᠳᠠᠳᠤ ᠤᠯᠤᠰ ᠤᠨ ᠪᠤᠶᠤ ᠭᠠᠳᠠᠭᠠᠳᠤ | ᠤᠯᠤᠰ ᠤᠨ ᠬᠥᠨᠳᠡᠯᠡᠨ ᠠᠴᠠ ᠲᠠᠰᠤᠯᠬᠤ ᠣᠷᠣᠯᠠᠭᠴᠢ ᠳᠤ ᠨᠠᠶᠢᠳᠠᠵᠤ ᠬᠤᠯᠪᠣᠭᠳᠠᠯ ᠪᠦᠬᠦᠢ ᠬᠥᠨᠳᠡᠯᠡᠨ ᠠᠴᠠ | ᠲᠠᠰᠤᠯᠬᠤ ᠤᠴᠢᠷ ᠶᠠᠪᠤᠳᠠᠯ ᠢ ᠰᠢᠢᠳᠪᠦᠷᠢᠯᠡᠭᠦᠯᠵᠦ ᠪᠣᠯᠣᠨ᠎ᠠ᠃ | ᠲᠤᠬᠠᠢ ᠶᠢᠨ ᠬᠥᠮᠥᠨ ᠪᠤᠶᠤ ᠲᠡᠭᠦᠨ ᠤ ᠬᠥᠨᠳᠡᠯᠡᠨ ᠠᠴᠠ ᠲᠠᠰᠤᠯᠬᠤ ᠣᠷᠣᠯᠠᠭᠴᠢ ᠨᠢ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠳᠤ ᠪᠣᠳᠠᠲᠠᠢ ᠨᠠᠶᠢᠳᠠᠭᠰᠠᠨ ᠵᠦᠢᠯ ᠪᠠ ᠡᠷᠬᠡ ᠶᠢᠨ ᠬᠡᠪᠴᠢᠶ᠎ᠡ ᠶᠢ ᠲᠣᠳᠣᠷᠬᠠᠢ | ᠲᠡᠮᠳᠡᠭᠯᠡᠭᠰᠡᠨ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠢᠶᠠᠨ ᠲᠤᠰᠢᠶᠠᠬᠤ ᠬᠡᠷᠡᠭᠲᠡᠢ᠃ | ᠲᠤᠬᠠᠢ ᠶᠢᠨ ᠬᠥᠮᠥᠨ ᠨᠢ ᠨᠢᠭᠡ ᠠᠴᠠ ᠭᠤᠷᠪᠠᠨ ᠬᠥᠨᠳᠡᠯᠡᠨ ᠠᠴᠠ ᠲᠠᠰᠤᠯᠬᠤ ᠣᠷᠣᠯᠠᠭᠴᠢ ᠳᠤ ᠨᠠᠶᠢᠳᠠᠵᠤ | ᠪᠣᠯᠣᠨ᠎ᠠ᠂ ᠭᠤᠶᠤᠴᠢᠯᠠᠭᠰᠠᠨ ᠪᠥᠭᠡᠳ ᠬᠥᠨᠳᠡᠯᠡᠨ ᠠᠴᠠ ᠲᠠᠰᠤᠯᠬᠤ ᠲᠢᠩᠬᠢᠮ ᠢᠶᠠᠷ ᠵᠥᠪᠰᠢᠶᠡᠷᠡᠭᠦᠯᠦᠭᠰᠡᠨ ᠪᠠᠶᠢᠪᠠᠯ᠂ | ᠣᠷᠣᠯᠠᠬᠤ ᠬᠥᠮᠥᠨ ᠤ ᠲᠤᠭ᠎ᠠ ᠶᠢ ᠵᠣᠬᠢᠰᠲᠠᠢ ᠪᠠᠷ ᠨᠡᠮᠡᠭᠳᠡᠭᠦᠯᠵᠦ ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠡᠷᠡᠭ ᠢ | ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ᠂ ᠭᠥᠯᠢᠶᠡᠨ ᠠᠪᠴᠤ ᠰᠢᠢᠳᠪᠦᠷᠢᠯᠡᠬᠦ ᠶᠣᠰᠣ ᠦᠭᠡᠢ ᠭᠡᠳᠡᠭ ᠢ | ᠣᠯᠵᠤ ᠮᠠᠲᠠᠪᠠᠯ᠂ ᠬᠡᠷᠡᠭ ᠢ ᠬᠦᠴᠦᠨ ᠦᠭᠡᠢ ᠪᠣᠯᠭᠠᠬᠤ ᠬᠡᠷᠡᠭᠲᠡᠢ ᠪᠦᠭᠡᠳ ᠬᠡᠷᠡᠭ ᠢ ᠬᠦᠴᠦᠨ ᠦᠭᠡᠢ ᠪᠣᠯᠭᠠᠬᠤ ᠪᠠᠷ | ᠲᠣᠭᠲᠠᠭᠠᠭᠰᠠᠨ ᠤ ᠳᠠᠷᠠᠭ᠎ᠠ ᠲᠠᠪᠤᠨ ᠡᠳᠦᠷ ᠤᠨ ᠳᠣᠲᠣᠷ᠎ᠠ ᠲᠣᠭᠲᠠᠭᠠᠯ ᠤᠨ ᠪᠢᠴᠢᠭ ᠤᠨ ᠬᠡᠯᠪᠡᠷᠢ ᠪᠠᠷ ᠲᠤᠬᠠᠢ ᠶᠢᠨ | ᠬᠥᠮᠥᠨ ᠳᠤ ᠮᠡᠳᠡᠭᠳᠡᠬᠦ ᠬᠡᠷᠡᠭᠲᠡᠢ᠃ | ᠲᠦᠷᠪᠡᠳᠦᠭᠡᠷ ᠪᠦᠯᠦᠭ ᠬᠦᠨᠳᠡᠯᠡᠨ ᠠᠴᠠ ᠲᠠᠰᠤᠯᠬᠤ ᠲᠢᠩᠬᠢᠮ | ᠬᠤᠷᠢᠨ ᠳᠣᠯᠣᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠨᠢᠭᠡ ᠪᠤᠶᠤ ᠭᠤᠷᠪᠠᠨ | ᠬᠥᠨᠳᠡᠯᠡᠨ ᠠᠴᠠ ᠲᠠᠰᠤᠯᠤᠭᠴᠢ ᠪᠠᠷ ᠪᠦᠷᠢᠯᠳᠦᠨ᠎ᠡ᠃ | ᠲᠤᠬᠠᠢ ᠶᠢᠨ ᠬᠥᠮᠥᠨ ᠠᠰᠲᠠᠭᠠᠨ ᠪᠣᠯᠵᠣᠯ ᠲᠠᠢ ᠪᠤᠶᠤ ᠲᠤᠰ ᠳᠦᠷᠢᠮ ᠳᠤ ᠠᠰᠲᠠᠭᠠᠨ ᠲᠣᠭᠲᠠᠭᠠᠯ ᠲᠠᠢ ᠪᠢᠰᠢ | ᠪᠠᠶᠢᠪᠠᠯ ᠬᠥᠨᠳᠡᠯᠡᠨ ᠠᠴᠠ ᠲᠠᠰᠤᠯᠬᠤ ᠲᠢᠩᠬᠢᠮ ᠨᠢ ᠭᠤᠷᠪᠠᠨ ᠬᠥᠨᠳᠡᠯᠡᠨ ᠠᠴᠠ ᠲᠠᠰᠤᠯᠤᠭᠴᠢ ᠪᠠᠷ ᠪᠦᠷᠢᠯᠳᠦᠨ᠎ᠡ᠃ | ᠬᠤᠷᠢᠨ ᠨᠠᠢᠮᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠭᠤᠷᠪᠠᠨ ᠬᠥᠨᠳᠡᠯᠡᠨ ᠠᠴᠠ | ᠲᠠᠰᠤᠯᠤᠭᠴᠢ ᠪᠠᠷ ᠪᠦᠷᠢᠯᠳᠦᠭᠰᠡᠨ ᠪᠠᠶᠢᠪᠠᠯ᠂ ᠭᠤᠶᠤᠴᠢᠯᠠᠭᠴᠢ ᠪᠠ ᠭᠤᠶᠤᠴᠢᠯᠠᠭᠳᠠᠭᠴᠢ ᠨᠢ ᠬᠥᠨᠳᠡᠯᠡᠨ ᠠᠴᠠ | ᠲᠠᠰᠤᠯᠤᠭᠤᠯᠬᠤ ᠮᠡᠳᠡᠭᠳᠡᠯ ᠢ ᠣᠯᠣᠭᠰᠠᠨ ᠤ ᠳᠠᠷᠠᠭ᠎ᠠ ᠠᠷᠪᠠᠨ ᠲᠠᠪᠤᠨ ᠡᠳᠦᠷ ᠤᠨ ᠳᠣᠲᠣᠷ᠎ᠠ ᠲᠤᠰ ᠲᠤᠰ ᠰᠣᠩᠭᠤᠨ | ᠲᠣᠭᠲᠠᠭᠠᠬᠤ ᠪᠤᠶᠤ ᠡᠷᠬᠢᠯᠡᠭᠴᠢ ᠳᠤ ᠨᠠᠶᠢᠳᠠᠵᠤ ︽ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠠᠴᠠ | ᠨᠢᠭᠡ ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠯᠭᠠᠬᠤ ᠬᠡᠷᠡᠭᠲᠡᠢ᠃ ᠲᠤᠬᠠᠢ ᠶᠢᠨ ᠬᠥᠮᠥᠨ ᠨᠢ ᠳᠡᠭᠡᠷ᠎ᠡ | ᠳᠤᠷᠠᠳᠤᠭᠰᠠᠨ ᠬᠤᠭᠤᠴᠠᠭᠠᠨ ᠤ ᠳᠣᠲᠣᠷ᠎ᠠ ᠡᠷᠬᠢᠯᠡᠭᠴᠢ ᠶᠢ ᠰᠣᠩᠭᠤᠨ ᠲᠣᠭᠲᠠᠭᠠᠭᠰᠠᠨ ᠦᠭᠡᠢ ᠪᠤᠶᠤ ᠡᠷᠬᠢᠯᠡᠭᠴᠢ ᠳᠤ | ᠨᠠᠶᠢᠳᠠᠵᠤ ᠵᠢᠭᠠᠨ ᠲᠣᠭᠲᠠᠭᠠᠯᠭᠠᠭᠰᠠᠨ ᠦᠭᠡᠢ ᠪᠠᠶᠢᠪᠠᠯ᠂ ᠡᠷᠬᠢᠯᠡᠭᠴᠢ ᠠᠴᠠ ᠵᠢᠭᠠᠨ ᠲᠣᠭᠲᠠᠭᠠᠨ᠎ᠠ᠃ | ᠭᠤᠷᠪᠠᠳᠤᠭᠠᠷ ᠨᠡᠷᠡᠰ ᠬᠥᠨᠳᠡᠯᠡᠨ ᠠᠴᠠ ᠲᠠᠰᠤᠯᠤᠭᠴᠢ ᠶᠢ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ | ᠭᠤᠶᠤᠴᠢᠯᠠᠭᠳᠠᠭᠴᠢ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ ᠣᠯᠣᠭᠰᠠᠨ ᠤ ᠲᠡᠷᠠᠭ᠎ᠠ ᠠᠷᠪᠠᠨ ᠲᠠᠪᠤᠨ | ᠡᠳᠦᠷ ᠤᠨ ᠳᠣᠲᠣᠷ᠎ᠠ ᠬᠠᠮᠲᠤ ᠪᠠᠷ ᠰᠣᠩᠭᠤᠨ ᠲᠣᠭᠲᠠᠭᠠᠬᠤ ᠪᠤᠶᠤ ᠬᠠᠮᠲᠤ ᠪᠠᠷ ᠡᠷᠬᠢᠯᠡᠭᠴᠢ ᠳᠤ ᠨᠠᠶᠢᠳᠠᠵᠤ | ︽ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠲᠡᠩᠰᠠ︾ ᠠᠴᠠ ᠵᠢᠭᠠᠨ ᠲᠣᠭᠲᠠᠭᠠᠯᠭᠠᠨ᠎ᠠ᠃ ᠭᠤᠷᠪᠠᠳᠤᠭᠠᠷ ᠨᠡᠷᠡᠰ | ᠬᠥᠨᠳᠡᠯᠡᠨ ᠠᠴᠠ ᠲᠠᠰᠤᠯᠤᠭᠴᠢ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠲᠦᠷᠦᠭᠦᠦ ᠬᠥᠨᠳᠡᠯᠡᠨ ᠠᠴᠠ | ᠲᠠᠰᠤᠯᠤᠭᠴᠢ ᠪᠣᠯᠣᠨ᠎ᠠ᠃ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠲᠤᠰ ᠲᠤᠰ ᠲᠠᠭᠠᠨ ᠨᠢᠭᠡ ᠠᠴᠠ ᠲᠠᠪᠤᠨ ᠵᠢᠱᠢᠭᠳᠡᠭᠰᠡᠳ ᠢ | ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢᠨ ᠵᠢᠱᠢᠭᠳᠡᠭᠴᠢ ᠪᠠᠷ ᠲᠠᠨᠢᠯᠴᠠᠭᠤᠯᠵᠤ ᠪᠣᠯᠬᠤ ᠪᠥᠭᠡᠳ ᠲᠤᠰ | ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠬᠤᠭᠤᠴᠠᠭᠠᠨ ᠳᠤ ᠲᠠᠨᠢᠯᠴᠠᠭᠤᠯᠤᠭᠰᠠᠨ ᠨᠡᠷᠡᠰ ᠢᠶᠠᠨ | ᠳᠡᠪᠰᠢᠭᠦᠯᠵᠦ ᠪᠣᠯᠣᠨ᠎ᠠ᠃ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠲᠠᠨᠢᠯᠴᠠᠭᠤᠯᠤᠭᠰᠠᠨ ᠨᠡᠷᠡᠰ ᠤᠨ ᠳᠣᠲᠣᠷᠠᠬᠢ | ᠨᠢᠭᠡ ᠵᠢᠱᠢᠭᠳᠡᠭᠴᠢ ᠨᠢ ᠠᠳᠠᠯᠢ ᠪᠠᠶᠢᠪᠠᠯ᠂ ᠲᠤᠰ ᠵᠢᠱᠢᠭᠳᠡᠭᠴᠢ ᠨᠢ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ | ᠬᠠᠮᠲᠤ ᠪᠠᠷ ᠰᠣᠩᠭᠤᠨ ᠲᠣᠭᠲᠠᠭᠠᠭᠰᠠᠨ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠣᠯᠣᠨ᠎ᠠ︔ ᠨᠢᠭᠡ ᠠᠴᠠ | ᠳᠡᠭᠡᠭᠰᠢ ᠵᠢᠱᠢᠭᠳᠡᠭᠴᠢ ᠨᠢ ᠠᠳᠠᠯᠢ ᠪᠠᠶᠢᠪᠠᠯ᠂ ᠡᠷᠬᠢᠯᠡᠭᠴᠢ ᠠᠴᠠ ᠬᠡᠷᠡᠭ ᠤᠨ ᠪᠣᠳᠠᠲᠤ ᠪᠠᠶᠢᠳᠠᠯ ᠢ ᠦᠨᠳᠦᠰᠦᠯᠡᠨ | ᠠᠳᠠᠯᠢ ᠵᠢᠱᠢᠭᠳᠡᠭᠴᠢ ᠶᠢᠨ ᠳᠣᠲᠣᠷ᠎ᠠ ᠠᠴᠠ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ ᠨᠢᠭᠡ ᠲᠣᠭᠲᠠᠭᠠᠨ᠎ᠠ᠂ | ᠲᠤᠰ ᠲᠦᠷᠦᠭᠦᠦ ᠬᠥᠨᠳᠡᠯᠡᠨ ᠠᠴᠠ ᠲᠠᠰᠤᠯᠤᠭᠴᠢ ᠨᠢ ᠮᠥᠨ ᠯᠡ ᠬᠤᠶᠠᠷ ᠡᠲᠡᠭᠡᠳ ᠤᠨ ᠬᠠᠮᠲᠤ ᠪᠠᠷ ᠰᠣᠩᠭᠤᠨ | ᠲᠣᠭᠲᠠᠭᠠᠭᠰᠠᠨ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠣᠯᠣᠨ᠎ᠠ︔ ᠲᠠᠨᠢᠯᠴᠠᠭᠤᠯᠤᠭᠰᠠᠨ ᠨᠡᠷᠡᠰ ᠤᠨ | ᠳᠣᠲᠣᠷ᠎ᠠ ᠠᠳᠠᠯᠢ ᠵᠢᠱᠢᠭᠳᠡᠭᠴᠢ ᠪᠠᠶᠢᠬᠤ ᠦᠭᠡᠢ ᠦᠶ᠎ᠡ ᠳᠤ᠂ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ | ᠡᠷᠬᠢᠯᠡᠭᠴᠢ ᠨᠢ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠲᠠᠨᠢᠯᠴᠠᠭᠤᠯᠤᠭᠰᠠᠨ ᠨᠡᠷᠡᠰ ᠠᠴᠠ ᠭᠠᠳᠠᠨᠠᠬᠢ | ︽ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠠᠴᠠ ᠠᠰ ᠲᠤᠨᠢ ᠵᠢᠭᠠᠨ ᠲᠣᠭᠲᠠᠭᠠᠵᠤ ᠭᠠᠷᠭᠠᠨ᠎ᠠ᠂ | ᠭᠡᠪᠡᠴᠦ ᠲᠤᠰ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ ᠲᠠᠨᠢᠯᠴᠠᠭᠤᠯᠤᠭᠰᠠᠨ ᠦᠭᠡᠢ ᠲᠤᠬᠠᠢ ᠶᠢᠨ ᠬᠥᠮᠥᠨ ᠤ | ᠵᠥᠪᠰᠢᠶᠡᠷᠡᠯ ᠢ ᠨᠢᠭᠡᠨᠲᠡ ᠣᠯᠣᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ ᠲᠦᠷᠦᠭᠦᠦ | ᠬᠥᠨᠳᠡᠯᠡᠨ ᠠᠴᠠ ᠲᠠᠰᠤᠯᠤᠭᠴᠢ ᠶᠢ ᠬᠠᠮᠲᠤ ᠪᠠᠷ ᠰᠣᠩᠭᠤᠨ ᠲᠣᠭᠲᠠᠭᠠᠵᠤ ᠴᠢᠳᠠᠭᠰᠠᠨ ᠦᠭᠡᠢ ᠪᠠᠶᠢᠪᠠᠯ᠂ | ᠡᠷᠬᠢᠯᠡᠭᠴᠢ ᠠᠴᠠ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠨ᠎ᠠ᠃ | ᠬᠥᠭᠡᠷᠦᠭᠦᠯᠬᠦ ᠡᠮ ᠢ ᠡᠰᠡᠷᠭᠦᠴᠡᠬᠦ ᠲᠠᠢ ᠬᠤᠯᠪᠣᠭᠳᠠᠯ ᠪᠦᠬᠦᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠳᠤ ᠠᠳᠠᠭ ᠲᠠᠭᠠᠨ ᠨᠢᠭᠡ ᠬᠠᠤᠯᠢ ᠶᠢᠨ ᠤᠬᠠᠭᠠᠨ ᠤ ᠠᠬᠤᠢ ᠪᠠᠶᠢᠳᠠᠯ ᠪᠤᠶᠤ ᠬᠠᠤᠯᠢ ᠴᠠᠭᠠᠵᠠ ᠶᠢᠨ | ᠲᠤᠰᠬᠠᠢ ᠮᠡᠷᠭᠡᠵᠢᠯ ᠤᠨ ᠲᠤᠷᠰᠢᠯᠭ᠎ᠠ ᠲᠠᠢ ᠬᠥᠨᠳᠡᠯᠡᠨ ᠠᠴᠠ ᠲᠠᠰᠤᠯᠤᠭᠴᠢ ᠪᠠᠶᠢᠬᠤ ᠬᠡᠷᠡᠭᠲᠡᠢ᠃ᠬᠤᠶᠠᠷ ᠲᠠᠯ᠎ᠠ ᠶᠢᠨ | ᠲᠤᠬᠠᠢ ᠶᠢᠨ ᠬᠥᠮᠥᠨ ᠨᠢ ᠲᠤᠰ ᠵᠦᠢᠯ ᠤᠨ ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠤᠨ ᠲᠣᠭᠲᠠᠭᠠᠯ | ᠶᠣᠰᠣᠭᠠᠷ᠂ ︽ᠬᠥᠭᠡᠷᠦᠭᠦᠯᠬᠦ ᠡᠮ ᠢ ᠡᠰᠡᠷᠭᠦᠴᠡᠬᠦ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠠᠴᠠ | ᠠᠳᠠᠭ ᠲᠠᠭᠠᠨ ᠨᠢᠭᠡ ᠬᠥᠨᠳᠡᠯᠡᠨ ᠠᠴᠠ ᠲᠠᠰᠤᠯᠤᠭᠴᠢ ᠶᠢ ᠰᠣᠩᠭᠤᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠨᠢᠭᠡ ᠬᠥᠨᠳᠡᠯᠡᠨ ᠠᠴᠠ | ᠲᠠᠰᠤᠯᠤᠭᠴᠢ ᠪᠠᠷ ᠪᠦᠷᠢᠯᠳᠦᠭᠰᠡᠨ ᠪᠠᠶᠢᠪᠠᠯ᠂ ᠲᠤᠰ ᠳᠦᠷᠢᠮ ᠤᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ | ᠪᠠᠳᠠᠭ ᠠᠴᠠ ᠳᠥᠷᠪᠡᠳᠦᠭᠡᠷ ᠪᠠᠳᠠᠭ ᠬᠦᠷᠲᠡᠯᠡᠬᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠲᠤᠰᠠᠭᠠᠷ ᠬᠥᠨᠳᠡᠯᠡᠨ ᠠᠴᠠ | ᠲᠠᠰᠤᠯᠤᠭᠴᠢ ᠶᠢ ᠰᠣᠩᠭᠤᠨ ᠲᠣᠭᠲᠠᠭᠠᠬᠤ ᠪᠤᠶᠤ ᠵᠢᠭᠠᠨ ᠲᠣᠭᠲᠠᠭᠠᠨ᠎ᠠ᠃ | ᠬᠥᠭᠡᠷᠦᠭᠦᠯᠬᠦ ᠡᠮ ᠢ ᠡᠰᠡᠷᠭᠦᠴᠡᠬᠦ ᠳᠤ ᠬᠤᠯᠪᠣᠭᠳᠠᠬᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠳᠤ᠂ | ᠲᠤᠰᠠᠭᠠᠷ ᠬᠥᠨᠳᠡᠯᠡᠨ ᠠᠴᠠ ᠲᠠᠰᠤᠯᠤᠭᠴᠢ ᠨᠢ ᠬᠠᠤᠯᠢ ᠶᠢᠨ ᠤᠬᠠᠭᠠᠨ ᠤ ᠠᠬᠤᠢ ᠪᠠᠶᠢᠳᠠᠯ ᠪᠠ ᠬᠠᠤᠯᠢ ᠴᠠᠭᠠᠵᠠ ᠶᠢᠨ | ᠲᠤᠰᠬᠠᠢ ᠮᠡᠷᠭᠡᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠢ᠃ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠲᠤᠰ | ᠳᠦᠷᠢᠮ ᠤᠨ ᠬᠤᠷᠢᠨ ᠨᠠᠢᠮᠠᠳᠤᠭᠠᠷ ᠵᠦᠢᠯ ᠤᠨ ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠤᠨ ᠲᠣᠭᠲᠠᠭᠠᠯ ᠢᠶᠠᠷ | ᠯᠠᠪᠯᠠᠯᠲᠠ ᠪᠣᠯᠭᠠᠵᠤ᠂ ︽ᠬᠥᠭᠡᠷᠦᠭᠦᠯᠬᠦ ᠡᠮ ᠢ ᠡᠰᠡᠷᠭᠦᠴᠡᠬᠦ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ | ᠠᠴᠠ ᠨᠢᠭᠡ ᠬᠥᠨᠳᠡᠯᠡᠨ ᠠᠴᠠ ᠲᠠᠰᠤᠯᠤᠭᠴᠢ ᠶᠢ ᠰᠣᠩᠭᠤᠬᠤ ᠬᠡᠷᠡᠭᠲᠡᠢ᠃ | ᠭᠤᠴᠢᠳᠤᠭᠠᠷ ᠵᠦᠢᠯ ᠬᠥᠨᠳᠡᠯᠡᠨ ᠠᠴᠠ ᠲᠠᠰᠤᠯᠬᠤ ᠬᠡᠷᠡᠭ ᠤᠨ ᠭᠤᠶᠤᠴᠢᠯᠠᠭᠴᠢ᠂ ᠭᠤᠶᠤᠴᠢᠯᠠᠭᠳᠠᠭᠴᠢ ᠨᠢ | ᠬᠤᠶᠠᠷ ᠪᠤᠶᠤ ᠬᠤᠶᠠᠷ ᠠᠴᠠ ᠳᠡᠭᠡᠭᠰᠢ ᠪᠠᠶᠢᠪᠠᠯ᠂ ᠭᠤᠶᠤᠴᠢᠯᠠᠭᠴᠢ᠂ ᠭᠤᠶᠤᠴᠢᠯᠠᠭᠳᠠᠭᠴᠢ ᠨᠢ ᠲᠤᠰ ᠲᠤᠰ ᠲᠠᠭᠠᠨ | ᠵᠥᠪᠳᠡᠯᠴᠡᠵᠦ᠂ ᠬᠠᠮᠲᠤ ᠪᠠᠷ ᠰᠣᠩᠭᠤᠨ ᠲᠣᠭᠲᠠᠭᠠᠬᠤ ᠪᠤᠶᠤ ᠬᠠᠮᠲᠤ ᠪᠠᠷ ᠡᠷᠬᠢᠯᠡᠭᠴᠢ ᠳᠤ ᠨᠠᠶᠢᠳᠠᠵᠤ ᠨᠢᠭᠡ | ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠯᠭᠠᠬᠤ ᠬᠡᠷᠡᠭᠲᠡᠢ᠃ | ᠲᠦᠷᠦᠭᠦᠦ ᠬᠥᠨᠳᠡᠯᠡᠨ ᠠᠴᠠ ᠲᠠᠰᠤᠯᠤᠭᠴᠢ ᠪᠤᠶᠤ ᠭᠠᠭᠴᠠᠭᠠᠷ ᠬᠥᠨᠳᠡᠯᠡᠨ ᠠᠴᠠ ᠲᠠᠰᠤᠯᠤᠭᠴᠢ ᠶᠢ ᠲᠤᠰ | ᠲᠦᠷᠢᠮ ᠤᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠪᠠᠳᠠᠭ ᠠᠴᠠ ᠳᠥᠷᠪᠡᠳᠦᠭᠡᠷ ᠪᠠᠳᠠᠭ ᠬᠦᠷᠲᠡᠯᠡᠬᠢ | ᠲᠣᠭᠲᠠᠭᠠᠯ ᠶᠣᠰᠣᠭᠠᠷ ᠰᠣᠩᠭᠤᠨ ᠲᠣᠭᠲᠠᠭᠠᠬᠤ ᠪᠤᠶᠤ ᠵᠢᠭᠠᠨ ᠲᠣᠭᠲᠠᠭᠠᠬᠤ ᠬᠡᠷᠡᠭᠲᠡᠢ᠃ ᠭᠤᠶᠤᠴᠢᠯᠠᠭᠴᠢ᠂ | ᠭᠤᠶᠤᠴᠢᠯᠠᠭᠳᠠᠭᠴᠢ ᠲᠤᠰ ᠳᠦᠷᠢᠮ ᠤᠨ ᠬᠤᠷᠢᠨ ᠨᠠᠢᠮᠠᠳᠤᠭᠠᠷ ᠵᠦᠢᠯ ᠤᠨ ᠭᠤᠷᠪᠠᠳᠤᠭᠠᠷ ᠪᠠᠳᠠᠭ ᠤᠨ ᠲᠣᠭᠲᠠᠭᠠᠯ | ᠶᠣᠰᠣᠭᠠᠷ ᠲᠦᠷᠦᠭᠦᠦ ᠬᠥᠨᠳᠡᠯᠡᠨ ᠠᠴᠠ ᠲᠠᠰᠤᠯᠤᠭᠴᠢ ᠪᠤᠶᠤ ᠲᠤᠰᠠᠭᠠᠷ ᠬᠥᠨᠳᠡᠯᠡᠨ ᠠᠴᠠ ᠲᠠᠰᠤᠯᠤᠭᠴᠢ ᠶᠢ | ᠰᠣᠩᠭᠤᠨ ᠲᠣᠭᠲᠠᠭᠠᠬᠤ ᠳᠠᠭᠠᠨ ᠬᠠᠮᠲᠤ ᠪᠠᠷ ᠵᠥᠪᠳᠡᠯᠴᠡᠵᠦ᠂ ᠬᠠᠮᠲᠤ ᠪᠠᠷ ᠰᠣᠩᠭᠤᠨ ᠲᠣᠭᠲᠠᠭᠠᠭᠰᠠᠨ | ᠵᠢᠱᠢᠭᠳᠡᠭᠰᠡᠳ ᠤᠨ ᠨᠡᠷᠡᠰ ᠢ ᠳᠡᠪᠰᠢᠭᠦᠯᠦᠨ ᠲᠤᠰᠢᠶᠠᠬᠤ ᠬᠡᠷᠡᠭᠲᠡᠢ᠃ | ᠬᠡᠷᠪᠡ ᠭᠤᠶᠤᠴᠢᠯᠠᠭᠴᠢ᠂ ᠭᠤᠶᠤᠴᠢᠯᠠᠭᠳᠠᠭᠴᠢ ᠨᠢ ᠬᠥᠨᠳᠡᠯᠡᠨ ᠠᠴᠠ ᠲᠠᠰᠤᠯᠤᠭᠤᠯᠬᠤ ᠮᠡᠳᠡᠭᠳᠡᠯ ᠢ | ᠣᠯᠣᠭᠰᠠᠨ ᠤ ᠲᠠᠷᠠᠭ᠎ᠠ ᠠᠷᠪᠠᠨ ᠲᠠᠪᠤᠨ ᠡᠳᠦᠷ ᠤᠨ ᠳᠣᠲᠣᠷ᠎ᠠ ᠬᠠᠮᠲᠤ ᠪᠠᠷ ᠰᠣᠩᠭᠤᠨ ᠲᠣᠭᠲᠠᠭᠠᠭᠰᠠᠨ ᠪᠤᠶᠤ | ᠬᠠᠮᠲᠤ ᠪᠠᠷ ᠡᠷᠬᠢᠯᠡᠭᠴᠢ ᠳᠤ ᠨᠠᠶᠢᠳᠠᠵᠤ ᠨᠢᠭᠡ ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠯᠭᠠᠵᠤ | ᠴᠢᠳᠠᠭᠰᠠᠨ ᠦᠭᠡᠢ ᠪᠠᠶᠢᠪᠠᠯ᠂ ᠡᠷᠬᠢᠯᠡᠭᠴᠢ ᠠᠴᠠ ᠭᠤᠷᠪᠠᠨ ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠵᠤ | ᠬᠥᠨᠳᠡᠯᠡᠨ ᠠᠴᠠ ᠲᠠᠰᠤᠯᠬᠤ ᠲᠢᠩᠬᠢᠮ ᠢ ᠪᠦᠷᠢᠯᠳᠦᠭᠦᠯᠬᠦ ᠶᠢᠨ ᠬᠠᠮᠲᠤ ᠲᠡᠭᠦᠨ ᠤ ᠳᠣᠲᠣᠷ᠎ᠠ ᠠᠴᠠ ᠨᠢᠭᠡ ᠬᠥᠮᠥᠨ ᠢ | ᠲᠦᠷᠦᠭᠦᠦ ᠬᠥᠨᠳᠡᠯᠡᠨ ᠠᠴᠠ ᠲᠠᠰᠤᠯᠤᠭᠴᠢ ᠪᠠᠷ ᠲᠣᠭᠲᠠᠭᠠᠨ᠎ᠠ᠃ | ᠭᠤᠴᠢᠨ ᠨᠢᠭᠡᠳᠦᠭᠡᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ | ᠬᠥᠨᠳᠡᠯᠡᠨ ᠠᠴᠠ ᠲᠠᠰᠤᠯᠬᠤ ᠲᠢᠩᠬᠢᠮ ᠢ ᠪᠦᠷᠢᠯᠳᠦᠭᠦᠯᠦᠭᠰᠡᠨ ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ | ᠲᠢᠩᠬᠢᠮ ᠪᠠᠶᠢᠭᠤᠯᠤᠭᠰᠠᠨ ᠪᠠᠶᠢᠳᠠᠯ ᠢᠶᠠᠨ ᠲᠤᠬᠠᠢ ᠶᠢᠨ ᠬᠥᠮᠥᠨ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ | ᠭᠤᠴᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠨᠢ ᠰᠢᠭᠦᠬᠦ ᠲᠢᠩᠬᠢᠮ ᠤᠨ ᠵᠣᠬᠢᠶᠠᠨ | ᠪᠠᠶᠢᠭᠤᠯᠬᠤ ᠮᠡᠳᠡᠭᠳᠡᠯ ᠢ ᠣᠯᠣᠭᠰᠠᠨ ᠤ ᠲᠠᠷᠠᠭ᠎ᠠ ᠢᠯᠡᠷᠬᠡᠶᠢᠯᠡᠯᠲᠡ ᠶᠢᠨ ᠪᠢᠴᠢᠭ ᠲᠤ ᠭᠠᠷ ᠤᠨ ᠦᠰᠦᠭ ᠵᠢᠷᠤᠵᠤ᠂ | ᠪᠡᠶ᠎ᠡ ᠪᠠᠨ ᠳᠠᠭᠠᠭᠠᠬᠤ᠂ ᠲᠥᠪ ᠭᠤᠣᠯᠴᠢ ᠪᠠᠷ ᠬᠥᠨᠳᠡᠯᠡᠨ ᠠᠴᠠ ᠲᠠᠰᠤᠯᠬᠤ ᠪᠠᠷ ᠠᠮᠠᠯᠠᠬᠤ ᠬᠡᠷᠡᠭᠲᠡᠢ ᠪᠥᠭᠡᠳ | ᠲᠡᠭᠦᠨ ᠤ ᠣᠯᠵᠤ ᠮᠡᠳᠡᠭᠰᠡᠨ ᠪᠡᠶ᠎ᠡ ᠪᠠᠨ ᠳᠠᠭᠠᠭᠠᠬᠤ ᠴᠢᠨᠠᠷ᠂ ᠲᠥᠪ ᠭᠤᠣᠯᠴᠢ ᠴᠢᠨᠠᠷ ᠲᠤ ᠵᠦᠢ ᠵᠣᠬᠢᠰᠲᠠᠢ | ᠰᠡᠵᠢᠭᠯᠡᠯ ᠡᠭᠦᠰᠬᠡᠵᠦ ᠮᠡᠳᠡᠬᠦ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠪᠢᠴᠢᠭ ᠢᠶᠠᠷ ᠨᠡᠶᠢᠲᠡᠯᠡᠬᠦ ᠬᠡᠷᠡᠭᠲᠡᠢ᠃ | ᠬᠥᠨᠳᠡᠯᠡᠨ ᠠᠴᠠ ᠲᠠᠰᠤᠯᠤᠭᠴᠢ ᠠᠴᠠ ᠨᠡᠶᠢᠲᠡᠯᠡᠬᠦ ᠶᠣᠰᠣᠲᠠᠢ ᠪᠠᠶᠢᠳᠠᠯ ᠨᠢ ᠵᠠᠶᠢᠯᠠᠬᠤ ᠶᠣᠰᠣᠲᠠᠢ ᠤᠴᠢᠷ | ᠰᠢᠯᠲᠠᠭᠠᠨ ᠢ ᠭᠦᠢᠴᠡᠳ ᠪᠦᠷᠢᠯᠳᠦᠭᠦᠯᠵᠦ ᠴᠢᠳᠠᠨ᠎ᠠ ᠭᠡᠵᠦ ᠦᠵᠡᠭᠰᠡᠨ ᠪᠠᠶᠢᠪᠠᠯ ᠰᠠᠨᠠᠭᠠᠴᠢᠯᠠᠭ᠎ᠠ ᠠᠴᠠ ᠪᠠᠨ ᠵᠠᠶᠢᠯᠠᠬᠤ | ᠬᠡᠷᠡᠭᠲᠡᠢ᠃ | ᠨᠡᠶᠢᠲᠡᠯᠡᠬᠦ ᠶᠣᠰᠣᠲᠠᠢ ᠪᠠᠶᠢᠳᠠᠯ ᠨᠢ ᠢᠯᠡᠷᠬᠡᠶᠢᠯᠡᠯᠲᠡ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠤ | ᠳᠠᠷᠠᠭ᠎ᠠ ᠢᠯᠡᠷᠡᠭᠰᠡᠨ ᠪᠠᠶᠢᠪᠠᠯ᠂ ᠬᠥᠨᠳᠡᠯᠡᠨ ᠠᠴᠠ ᠲᠠᠰᠤᠯᠤᠭᠴᠢ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ | ᠪᠢᠴᠢᠭ ᠢᠶᠠᠷ ᠨᠡᠶᠢᠲᠡᠯᠡᠬᠦ ᠬᠡᠷᠡᠭᠲᠡᠢ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠨᠢ ᠨᠡᠶᠢᠲᠡᠯᠡᠬᠦ ᠤᠴᠢᠷ ᠶᠠᠪᠤᠳᠠᠯ ᠣᠷᠣᠰᠢᠵᠤ | ᠪᠠᠶᠢᠬᠤ ᠢᠯᠡᠷᠬᠡᠶᠢᠯᠡᠯᠲᠡ ᠶᠢᠨ ᠪᠢᠴᠢᠭ ᠢ ᠣᠯᠣᠭᠰᠠᠨ ᠤ ᠲᠠᠷᠠᠭ᠎ᠠ᠂ ᠲᠤᠬᠠᠢ ᠶᠢᠨ ᠬᠥᠮᠥᠨ ᠳᠤ ᠴᠠᠭ ᠲᠤᠬᠠᠢ ᠳᠤᠨᠢ | ᠶᠠᠪᠤᠭᠤᠯᠵᠤ ᠥᠭᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠪᠠᠶᠢᠪᠠᠯ ᠵᠠᠶᠢᠯᠠᠬᠤ ᠬᠡᠷᠡᠭᠲᠡᠢ᠂ ᠲᠤᠬᠠᠢ ᠶᠢᠨ ᠬᠥᠮᠥᠨ ᠴᠦ ᠵᠠᠶᠢᠯᠠᠭᠤᠯᠬᠤ ᠭᠤᠶᠤᠴᠢᠯᠠᠯ ᠭᠠᠷᠭᠠᠬᠤ | ᠡᠷᠬᠡ ᠲᠠᠢ᠄ | ︵ᠨᠢᠭᠡ︶ ᠲᠤᠰ ᠬᠡᠷᠡᠭ ᠤᠨ ᠲᠤᠬᠠᠢ ᠶᠢᠨ ᠬᠥᠮᠥᠨ ᠪᠤᠶᠤ ᠲᠤᠬᠠᠢ ᠶᠢᠨ ᠬᠥᠮᠥᠨ ᠪᠠ ᠣᠷᠣᠯᠠᠭᠴᠢ ᠶᠢᠨ | ᠣᠶᠢᠷ᠎ᠠ ᠲᠦᠷᠦᠯ ᠰᠡᠳᠦᠠ︔ | ︵ᠬᠤᠶᠠᠷ︶ ᠬᠥᠨᠳᠡᠯᠡᠨ ᠠᠴᠠ ᠲᠠᠰᠤᠯᠤᠭᠴᠢ ᠪᠤᠶᠤ ᠲᠡᠭᠦᠨ ᠤ ᠣᠶᠢᠷ᠎ᠠ ᠲᠦᠷᠦᠯ ᠰᠡᠳᠦᠠ ᠨᠢ ᠲᠤᠰ ᠬᠡᠷᠡᠭ | ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ︔ | ︵ᠭᠤᠷᠪᠠ︶ ᠲᠤᠰ ᠬᠡᠷᠡᠭ ᠤᠨ ᠲᠤᠬᠠᠢ ᠶᠢᠨ ᠬᠥᠮᠥᠨ᠂ ᠣᠷᠣᠯᠠᠭᠴᠢ ᠲᠠᠢ ᠪᠤᠰᠤᠳ ᠬᠠᠷᠢᠴᠠᠭ᠎ᠠ ᠲᠠᠢ ᠪᠠᠶᠢᠵᠤ᠂ | ᠭᠤᠣᠯᠴᠢ ᠪᠠᠷ ᠬᠥᠨᠳᠡᠯᠡᠨ ᠠᠴᠠ ᠲᠠᠰᠤᠯᠬᠤ ᠶᠢ ᠨᠥᠯᠥᠭᠡᠯᠡᠵᠦ ᠮᠡᠳᠡᠬᠦ︔ | ︵ᠲᠦᠷᠪᠡ︶ ᠲᠤᠬᠠᠢ ᠶᠢᠨ ᠬᠥᠮᠥᠨ ᠪᠠ ᠣᠷᠣᠯᠠᠭᠴᠢ ᠲᠠᠢ ᠳᠤᠷ᠎ᠠ ᠪᠠᠷ ᠢᠶᠠᠨ ᠠᠭᠤᠯᠵᠠᠬᠤ ᠪᠤᠶᠤ ᠲᠤᠬᠠᠢ ᠶᠢᠨ | ᠬᠥᠮᠥᠨ ᠪᠠ ᠣᠷᠣᠯᠠᠭᠴᠢ ᠶᠢᠨ ᠳᠠᠶᠢᠯᠠᠯᠭ᠎ᠠ ᠳᠤ ᠣᠷᠣᠯᠴᠠᠨ ᠪᠡᠯᠡᠭ ᠢ ᠨᠢ ᠭᠥᠯᠢᠶᠡᠨ ᠠᠪᠬᠤ︔ | ︵ᠲᠠᠪᠤ︶ ᠭᠤᠣᠯᠴᠢ ᠪᠠᠷ ᠬᠥᠨᠳᠡᠯᠡᠨ ᠠᠴᠠ ᠲᠠᠰᠤᠯᠬᠤ ᠶᠢ ᠨᠥᠯᠥᠭᠡᠯᠡᠬᠦ ᠪᠤᠰᠤᠳ ᠪᠠᠶᠢᠳᠠᠯ᠃ | ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠴᠢ ᠳᠤ ᠵᠠᠶᠢᠯᠠᠭᠤᠯᠬᠤ ᠭᠤᠶᠤᠴᠢᠯᠠᠯ ᠭᠠᠷᠭᠠᠬᠤ ᠳᠠᠭᠠᠨ | ᠵᠠᠶᠢᠯᠠᠭᠤᠯᠬᠤ ᠤᠴᠢᠷ ᠰᠢᠯᠲᠠᠭᠠᠨ ᠢ ᠮᠡᠳᠡᠭᠰᠡᠨ ᠤ ᠳᠠᠷᠠᠭ᠎ᠠ ᠠᠷᠪᠠᠨ ᠡᠳᠦᠷ ᠤᠨ ᠳᠣᠲᠣᠷ᠎ᠠ ᠮᠥᠷᠲᠡᠭᠡᠨ ᠠᠩᠬᠠᠳᠤᠭᠠᠷ | ᠤᠳᠠᠭᠠᠨ ᠤ ᠲᠢᠩᠬᠢᠮ ᠤᠨ ᠰᠢᠭᠦᠯᠲᠡ ᠡᠬᠢᠯᠡᠬᠦ ᠠᠴᠠ ᠡᠮᠦᠨ᠎ᠡ ᠳᠤᠷᠠᠳᠬᠤ ᠬᠡᠷᠡᠭᠲᠡᠢ︔ ᠠᠩᠬᠠᠳᠤᠭᠠᠷ ᠤᠳᠠᠭᠠᠨ ᠤ | ᠲᠢᠩᠬᠢᠮ ᠤᠨ ᠰᠢᠭᠦᠯᠲᠡ ᠡᠬᠢᠯᠡᠭᠰᠡᠨ ᠤ ᠲᠠᠷᠠᠭ᠎ᠠ ᠰᠠᠶ᠋ᠢ ᠵᠠᠶᠢᠯᠠᠭᠤᠯᠬᠤ ᠤᠴᠢᠷ ᠰᠢᠯᠲᠠᠭᠠᠨ ᠢ ᠮᠡᠳᠡᠭᠰᠡᠨ ᠪᠠᠶᠢᠪᠠᠯ᠂ | ᠲᠤᠰ ᠤᠴᠢᠷ ᠰᠢᠯᠲᠠᠭᠠᠨ ᠢ ᠮᠡᠳᠡᠭᠰᠡᠨ ᠤ ᠲᠠᠷᠠᠭ᠎ᠠ ᠠᠷᠪᠠᠨ ᠡᠳᠦᠷ ᠤᠨ ᠳᠣᠲᠣᠷ᠎ᠠ ᠲᠤᠷᠠᠳᠬᠤ ᠬᠡᠷᠡᠭᠳᠡᠢ᠃ | ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠴᠢ ᠶᠢᠨ ᠲᠤᠰ ᠳᠦᠷᠢᠮ ᠤᠨ ᠭᠤᠴᠢᠨ ᠬᠤᠶᠠᠳᠤᠭᠠᠷ | ᠵᠦᠢᠯ ᠤᠨ ᠲᠣᠭᠲᠠᠭᠠᠯ ᠶᠣᠰᠣᠭᠠᠷ ᠨᠡᠶᠢᠲᠡᠯᠡᠭᠰᠡᠨ ᠤᠴᠢᠷ ᠶᠠᠪᠤᠳᠠᠯ ᠢᠶᠠᠷ ᠰᠢᠯᠲᠠᠭᠠᠨ ᠪᠣᠯᠭᠠᠵᠤ ᠵᠠᠶᠢᠯᠠᠭᠤᠯᠬᠤ | ᠭᠤᠶᠤᠴᠢᠯᠠᠯ ᠭᠠᠷᠭᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠤᠭᠴᠢ ᠶᠢᠨ ᠮᠡᠳᠡᠭᠡ ᠵᠠᠩᠭᠢ ᠶᠢ ᠨᠡᠶᠢᠲᠡᠯᠡᠬᠦ | ᠢᠯᠡᠷᠬᠡᠶᠢᠯᠡᠯᠲᠡ ᠶᠢᠨ ᠪᠢᠴᠢᠭ ᠢ ᠣᠯᠣᠭᠰᠠᠨ ᠤ ᠲᠠᠷᠠᠭ᠎ᠠ ᠠᠷᠪᠠᠨ ᠡᠳᠦᠷ ᠤᠨ ᠳᠣᠲᠣᠷ᠎ᠠ ᠳᠤᠷᠠᠳᠬᠤ ᠬᠡᠷᠡᠭᠲᠡᠢ︔ | ᠬᠤᠭᠤᠴᠠᠭ᠎ᠠ ᠬᠡᠲᠦᠷᠡᠲᠡᠯ᠎ᠡ ᠳᠤᠷᠠᠳᠤᠭᠰᠠᠨ ᠦᠭᠡᠢ ᠪᠠᠶᠢᠪᠠᠯ᠂ ᠬᠥᠨᠳᠡᠯᠡᠨ ᠠᠴᠠ ᠲᠠᠰᠤᠯᠤᠭᠴᠢ ᠶᠢᠨ ᠨᠢᠭᠡᠨᠲᠡ | ᠨᠡᠶᠢᠲᠡᠯᠡᠭᠰᠡᠨ ᠤᠴᠢᠷ ᠶᠠᠪᠤᠳᠠᠯ ᠢᠶᠠᠷ ᠰᠢᠯᠲᠠᠭ ᠪᠣᠯᠭᠠᠵᠤ ᠵᠠᠶᠢᠯᠠᠭᠤᠯᠬᠤ ᠭᠤᠶᠤᠴᠢᠯᠠᠯ ᠭᠠᠷᠭᠠᠵᠤ ᠪᠣᠯᠬᠤ ᠦᠭᠡᠢ᠃ | ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠪᠦᠷᠢᠯᠳᠦᠭᠦᠨ ᠢ ᠣᠯᠵᠤ ᠮᠡᠳᠡᠭᠰᠡᠨ ᠤ | ᠲᠡᠷᠠᠭ᠎ᠠ ᠤᠷᠢᠭᠰᠠᠨ ᠣᠷᠣᠯᠠᠭᠴᠢ ᠨᠢ ᠬᠥᠨᠳᠡᠯᠡᠨ ᠠᠴᠠ ᠲᠠᠰᠤᠯᠤᠭᠴᠢ ᠲᠠᠢ ᠵᠠᠶᠢᠯᠠᠪᠠᠯ ᠵᠣᠬᠢᠬᠤ ᠪᠠᠶᠢᠳᠠᠯ ᠢ ᠪᠤᠢ | ᠪᠣᠯᠭᠠᠭᠰᠠᠨ ᠪᠠᠶᠢᠪᠠᠯ᠂ ᠡᠭᠦᠨ ᠤ ᠲᠤᠬᠠᠢ ᠵᠠᠶᠢᠯᠠᠭᠤᠯᠬᠤ ᠪᠠᠷ ᠭᠤᠶᠤᠴᠢᠯᠠᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠂ | ᠭᠡᠪᠡᠴᠦ ᠪᠤᠰᠤᠳ ᠲᠤᠬᠠᠢ ᠶᠢᠨ ᠬᠥᠮᠥᠨ ᠤ ᠡᠭᠦᠨ ᠤ ᠲᠤᠬᠠᠢ ᠵᠠᠶᠢᠯᠠᠭᠤᠯᠬᠤ ᠪᠠᠷ ᠭᠤᠶᠤᠴᠢᠯᠠᠬᠤ ᠡᠷᠬᠡ ᠶᠢ | ᠨᠥᠯᠥᠭᠡᠯᠡᠬᠦ ᠦᠭᠡᠢ᠃ | ᠵᠠᠶᠢᠯᠠᠭᠤᠯᠬᠤ ᠭᠤᠶᠤᠴᠢᠯᠠᠯ ᠢ ᠪᠢᠴᠢᠭ ᠤᠨ ᠬᠡᠯᠪᠡᠷᠢ ᠪᠠᠷ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠵᠦᠪᠯᠡᠯ ᠳᠤ ᠳᠤᠷᠠᠳᠴᠤ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢ | ᠪᠠᠷᠢᠮᠲᠠ ᠶᠢ ᠬᠠᠩᠭᠠᠬᠤ ᠬᠡᠷᠡᠭᠲᠡᠢ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠲᠤᠬᠠᠢ ᠶᠢᠨ | ᠬᠥᠮᠥᠨ ᠤ ᠵᠠᠶᠢᠯᠠᠭᠤᠯᠬᠤ ᠭᠤᠶᠤᠴᠢᠯᠠᠯ ᠤᠨ ᠪᠢᠴᠢᠭ ᠢ ᠣᠯᠣᠭᠰᠠᠨ ᠤ ᠲᠡᠷᠠᠭ᠎ᠠ᠂ ᠪᠤᠰᠤᠳ ᠲᠤᠬᠠᠢ ᠶᠢᠨ ᠬᠥᠮᠥᠨ ᠪᠠ | ᠬᠥᠨᠳᠡᠯᠡᠨ ᠠᠴᠠ ᠲᠠᠰᠤᠯᠬᠤ ᠲᠢᠩᠬᠢᠮ ᠤᠨ ᠪᠦᠬᠦ ᠪᠦᠷᠢᠯᠳᠦᠭᠦᠨ ᠳᠤ ᠲᠡᠷᠡ ᠳᠠᠷᠤᠢ ᠳᠤᠨᠢ ᠰᠢᠯᠵᠢᠭᠦᠯᠦᠨ | ᠲᠤᠰᠢᠶᠠᠬᠤ ᠶᠢᠨ ᠬᠠᠮᠲᠤ ᠰᠠᠨᠠᠯ ᠰᠣᠨᠣᠰᠬᠤ ᠬᠡᠷᠡᠭᠲᠡᠢ᠃ | ᠬᠡᠷᠪᠡ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠴᠢ ᠶᠢ ᠵᠠᠶᠢᠯᠠᠭᠤᠯᠬᠤ ᠪᠠᠷ | ᠭᠤᠶᠤᠴᠢᠯᠠᠵᠤ᠂ ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠨᠢ ᠵᠠᠶᠢᠯᠠᠭᠤᠯᠬᠤ ᠭᠤᠶᠤᠴᠢᠯᠠᠯ ᠢ ᠵᠥᠪᠰᠢᠶᠡᠷᠡᠭᠰᠡᠨ᠂ | ᠡᠰᠡᠬᠦᠯ᠎ᠡ ᠵᠠᠶᠢᠯᠠᠭᠤᠯᠬᠤ ᠪᠠᠷ ᠭᠤᠶᠤᠴᠢᠯᠠᠭᠳᠠᠭᠰᠠᠨ ᠬᠥᠨᠳᠡᠯᠡᠨ ᠠᠴᠠ ᠲᠠᠰᠤᠯᠤᠭᠴᠢ ᠨᠢ ᠲᠤᠰ ᠬᠥᠨᠳᠡᠯᠡᠨ ᠠᠴᠠ | ᠲᠠᠰᠤᠯᠬᠤ ᠬᠡᠷᠡᠭ ᠤᠨ ᠬᠥᠨᠳᠡᠯᠡᠨ ᠠᠴᠠ ᠲᠠᠰᠤᠯᠤᠭᠴᠢ ᠶᠢᠨ ᠲᠤᠰᠢᠶᠠᠯ ᠢ ᠲᠠᠬᠢᠵᠤ ᠡᠭᠦᠷᠭᠡᠯᠡᠬᠦ ᠦᠭᠡᠢ ᠭᠡᠵᠦ | ᠰᠠᠨᠠᠭᠠᠴᠢᠯᠠᠭ᠎ᠠ ᠠᠴᠠ ᠪᠠᠨ ᠳᠤᠷᠠᠳᠤᠭᠰᠠᠨ ᠪᠠᠶᠢᠪᠠᠯ᠂ ᠲᠤᠰ ᠬᠥᠨᠳᠡᠯᠡᠨ ᠠᠴᠠ ᠲᠠᠰᠤᠯᠤᠭᠴᠢ ᠨᠢ ᠲᠤᠰ ᠬᠡᠷᠡᠭ ᠢ | ᠰᠢᠬᠦᠬᠦ ᠬᠥᠨᠳᠡᠯᠡᠨ ᠠᠴᠠ ᠲᠠᠰᠤᠯᠤᠭᠴᠢ ᠶᠢᠨ ᠲᠤᠰᠢᠶᠠᠯ ᠢ ᠲᠠᠬᠢᠵᠤ ᠡᠭᠦᠷᠭᠡᠯᠡᠬᠦ ᠦᠭᠡᠢ ᠃ ᠳᠡᠭᠡᠷ᠎ᠡ ᠳᠤᠷᠠᠳᠤᠭᠰᠠᠨ | ᠪᠠᠶᠢᠳᠠᠯ ᠨᠢ ᠲᠤᠬᠠᠢ ᠶᠢᠨ ᠬᠥᠮᠥᠨ ᠤ ᠵᠠᠶᠢᠯᠠᠭᠤᠯᠬᠤ ᠪᠠᠷ ᠳᠤᠷᠠᠳᠤᠭᠰᠠᠨ ᠤᠴᠢᠷ ᠰᠢᠯᠲᠠᠭᠠᠨ ᠨᠢ ᠵᠦᠢ ᠶᠣᠰᠣᠨ ᠳᠤ | ᠨᠡᠶᠢᠴᠡᠨ᠎ᠡ ᠭᠡᠰᠡᠨ ᠦᠭᠡ ᠪᠢᠰᠢ᠃ | ᠲᠤᠰ ᠵᠦᠢᠯ ᠤᠨ ᠵᠢᠷᠭᠤᠳᠤᠭᠠᠷ ᠪᠠᠳᠠᠭ ᠲᠤ ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠬᠥᠨᠳᠡᠯᠡᠨ ᠠᠴᠠ | ᠲᠠᠰᠤᠯᠤᠭᠴᠢ ᠶᠢ ᠵᠠᠶᠢᠯᠠᠭᠤᠯᠬᠤ ᠡᠰᠡᠬᠦ ᠶᠢ ᠡᠷᠬᠢᠯᠡᠭᠴᠢ ᠠᠴᠠ ᠡᠴᠦᠰ ᠤᠨ ᠲᠣᠭᠲᠠᠭᠠᠯ ᠭᠠᠷᠭᠠᠨ᠎ᠠ᠃ | ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ᠂ ᠣᠷᠴᠢᠭᠤᠯᠤᠭᠴᠢ᠂ ᠰᠢᠯᠭᠠᠨ ᠲᠣᠭᠲᠠᠭᠠᠭᠴᠢ᠂ ᠬᠠᠶᠢᠨ | ᠰᠢᠯᠭᠠᠭᠴᠢ ᠶᠢᠨ ᠵᠠᠶᠢᠯᠠᠬᠤ ᠳᠤ ᠲᠤᠰ ᠵᠦᠢᠯ ᠤᠨ ᠲᠣᠭᠲᠠᠭᠠᠯ ᠢ ᠯᠠᠪᠯᠠᠯᠲᠠ ᠪᠣᠯᠭᠠᠵᠤ ᠬᠡᠷᠡᠭᠯᠡᠨ᠎ᠡ᠃ | ᠭᠤᠴᠢᠨ ᠳᠥᠷᠪᠡᠳᠦᠭᠡᠷ ᠵᠦᠢᠯ ᠬᠥᠨᠳᠡᠯᠡᠨ ᠠᠴᠠ ᠲᠠᠰᠤᠯᠤᠭᠴᠢ ᠵᠠᠶᠢᠯᠠᠭᠰᠠᠨ᠂ ᠰᠠᠨᠠᠭᠠᠴᠢᠯᠠᠭ᠎ᠠ ᠠᠴᠠ ᠪᠠᠨ | ᠤᠬᠤᠷᠢᠨ ᠭᠠᠷᠤᠭᠰᠠᠨ ᠪᠤᠶᠤ ᠪᠤᠰᠤᠳ ᠣᠨᠴᠠᠭᠠᠶ ᠰᠢᠯᠲᠠᠭᠠᠨ ᠠᠴᠠ ᠪᠣᠯᠵᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ ᠴᠢᠳᠠᠬᠤ ᠦᠭᠡᠢ ᠪᠣᠯᠤᠭᠰᠠᠨ ᠪᠠᠶᠢᠪᠠᠯ ᠲᠡᠭᠦᠨ ᠢ ᠰᠣᠯᠢᠬᠤ ᠬᠡᠷᠡᠭᠲᠡᠢ᠃ | ᠬᠥᠨᠳᠡᠯᠡᠨ ᠠᠴᠠ ᠲᠠᠰᠤᠯᠤᠭᠴᠢ ᠨᠢ ᠬᠠᠤᠯᠢ ᠴᠠᠭᠠᠵᠠ ᠶᠢᠨ ᠲᠠᠯ᠎ᠠ ᠪᠠᠷ ᠪᠤᠶᠤ ᠬᠡᠷᠡᠭ ᠳᠡᠭᠡᠷ᠎ᠡ ᠪᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ ᠴᠢᠳᠠᠬᠤ ᠦᠭᠡᠢ᠂ ᠡᠰᠡᠬᠦᠯ᠎ᠡ ᠲᠤᠰ ᠲᠦᠷᠢᠮ ᠤᠨ ᠱᠠᠭᠠᠷᠳᠠᠯᠭ᠎ᠠ ᠶᠣᠰᠣᠭᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠡᠷᠬᠢᠯᠡᠭᠴᠢ ᠠᠴᠠ ᠲᠡᠭᠦᠨ ᠢ ᠰᠣᠯᠢᠬᠤ ᠪᠠᠷ | ᠲᠣᠭᠲᠠᠭᠠᠬᠤ ᠡᠷᠬᠡ ᠲᠠᠢ ᠪᠥᠭᠡᠳ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠪᠠ ᠬᠥᠨᠳᠡᠯᠡᠨ ᠠᠴᠠ ᠲᠠᠰᠤᠯᠬᠤ | ᠲᠢᠩᠬᠢᠮ ᠤᠨ ᠪᠦᠬᠦ ᠪᠦᠷᠢᠯᠳᠦᠭᠦᠨ ᠳᠤ ᠰᠠᠨᠠᠯ ᠢᠶᠠᠨ ᠪᠢᠴᠢᠭ ᠢᠶᠠᠷ ᠳᠤᠷᠠᠳᠬᠤ ᠲᠣᠬᠢᠶᠠᠯ ᠣᠯᠭᠤᠬᠤ ᠡᠷᠬᠡ ᠲᠠᠢ᠃ | ᠰᠣᠯᠢᠭᠳᠠᠭᠰᠠᠨ ᠬᠥᠨᠳᠡᠯᠡᠨ ᠠᠴᠠ ᠲᠠᠰᠤᠯᠤᠭᠴᠢ ᠶᠢ ᠤᠤᠯ ᠨᠢ ᠲᠤᠬᠠᠢ ᠶᠢᠨ ᠬᠥᠮᠥᠨ ᠵᠢᠭᠠᠨ ᠲᠣᠭᠲᠠᠭᠠᠭᠰᠠᠨ | ᠪᠠᠶᠢᠪᠠᠯ᠂ ᠲᠤᠬᠠᠢ ᠶᠢᠨ ᠬᠥᠮᠥᠨ ᠨᠢ ᠤᠤᠯ ᠤᠨ ᠵᠢᠭᠠᠨ ᠲᠣᠭᠲᠠᠭᠠᠭᠰᠠᠨ ᠬᠥᠨᠳᠡᠯᠡᠨ ᠠᠴᠠ ᠲᠠᠰᠤᠯᠤᠭᠴᠢ ᠶᠢᠨ ᠠᠷᠭ᠎ᠠ | ᠮᠠᠶ᠋ᠢᠭ ᠢᠶᠠᠷ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ ᠳᠠᠬᠢᠵᠤ ᠵᠢᠭᠠᠨ | ᠲᠣᠭᠲᠠᠭᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠳᠠᠬᠢᠵᠤ ᠵᠢᠭᠠᠨ ᠲᠣᠭᠲᠠᠭᠠᠭᠰᠠᠨ ᠦᠭᠡᠢ ᠪᠠᠶᠢᠪᠠᠯ᠂ | ᠡᠷᠬᠢᠯᠡᠭᠴᠢ ᠠᠴᠠ ᠵᠢᠭᠠᠨ ᠲᠣᠭᠲᠠᠭᠠᠨ᠎ᠠ︔ ᠤᠤᠯ ᠨᠢ ᠡᠷᠬᠢᠯᠡᠭᠴᠢ ᠠᠴᠠ ᠵᠢᠭᠠᠨ ᠲᠣᠭᠲᠠᠭᠠᠵᠤ ᠪᠠᠶᠢᠭᠰᠠᠨ ᠪᠣᠯ | ᠡᠷᠬᠢᠯᠡᠭᠴᠢ ᠠᠴᠠ ᠠᠰ ᠲᠤᠨᠢ ᠵᠢᠭᠠᠨ ᠲᠣᠭᠲᠠᠭᠠᠨ᠎ᠠ᠃ | ᠲᠤᠬᠠᠢ ᠶᠢᠨ ᠬᠥᠮᠥᠨ ᠠᠰᠲᠠᠭᠠᠨ ᠪᠣᠯᠵᠣᠯ ᠲᠠᠢ ᠪᠠᠶᠢᠬᠤ ᠶᠢ ᠭᠠᠷᠭᠠᠪᠠᠯ᠂ ᠬᠥᠨᠳᠡᠯᠡᠨ ᠠᠴᠠ ᠲᠠᠰᠤᠯᠤᠭᠴᠢ ᠶᠢ | ᠰᠣᠯᠢᠭᠰᠠᠨ ᠤ ᠲᠠᠷᠠᠭ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠠᠴᠠ ᠡᠭᠦᠨ ᠠᠴᠠ ᠡᠮᠦᠨ᠎ᠡ ᠨᠢᠭᠡᠨᠲᠡ | ᠶᠠᠪᠤᠭᠤᠯᠤᠭᠰᠠᠨ ᠪᠦᠬᠦ ᠰᠢᠭᠦᠯᠲᠡ ᠶᠢᠨ ᠠᠵᠢᠯ ᠤᠨ ᠲᠠᠷᠠᠭᠠᠯᠠᠯ ᠢ ᠪᠤᠶᠤ ᠬᠡᠰᠡᠭ ᠰᠢᠭᠦᠯᠲᠡ ᠶᠢᠨ ᠠᠵᠢᠯ ᠤᠨ | ᠲᠠᠷᠠᠭᠠᠯᠠᠯ ᠢ ᠲᠠᠬᠢᠵᠤ ᠶᠠᠪᠤᠭᠳᠠᠭᠤᠯᠬᠤ ᠴᠢᠬᠤᠯᠠᠲᠠᠢ ᠡᠰᠡᠬᠦ ᠶᠢ ᠲᠣᠭᠲᠠᠭᠠᠨ᠎ᠠ᠃ ᠬᠥᠨᠳᠡᠯᠡᠨ ᠠᠴᠠ ᠲᠠᠰᠤᠯᠬᠤ | ᠲᠢᠩᠬᠢᠮ ᠪᠦᠬᠦ ᠰᠢᠭᠦᠯᠲᠡ ᠶᠢᠨ ᠠᠵᠢᠯ ᠤᠨ ᠲᠠᠷᠠᠭᠠᠯᠠᠯ ᠢ ᠳᠠᠬᠢᠵᠤ ᠶᠠᠪᠤᠭᠳᠠᠭᠤᠯᠬᠤ ᠪᠠᠷ ᠲᠣᠭᠲᠠᠭᠠᠭᠰᠠᠨ ᠪᠠᠶᠢᠪᠠᠯ᠂ | ᠲᠣᠭᠲᠠᠭᠠᠯᠲᠠ ᠭᠠᠷᠭᠠᠬᠤ ᠬᠤᠭᠤᠴᠠᠭ᠎ᠠ ᠶᠢ ᠬᠥᠨᠳᠡᠯᠡᠨ ᠠᠴᠠ ᠲᠠᠰᠤᠯᠬᠤ ᠲᠢᠩᠬᠢᠮ ᠤᠨ ᠰᠢᠭᠦᠯᠲᠡ ᠶᠢᠨ ᠠᠵᠢᠯ ᠤᠨ | ᠲᠠᠷᠠᠭᠠᠯᠠᠯ ᠢ ᠳᠠᠬᠢᠵᠤ ᠶᠠᠪᠤᠭᠳᠠᠭᠤᠯᠬᠤ ᠪᠠᠷ ᠲᠣᠭᠲᠠᠭᠠᠭᠰᠠᠨ ᠡᠳᠦᠷ ᠠᠴᠠ ᠡᠬᠢᠯᠡᠵᠦ ᠪᠤᠳᠤᠨ᠎ᠠ᠃ | ᠭᠤᠴᠢᠨ ᠲᠠᠪᠤᠳᠤᠭᠠᠷ ᠵᠦᠢᠯ ᠬᠠᠮᠤᠭ ᠰᠡᠭᠦᠯᠴᠢ ᠶᠢᠨ ᠨᠢᠭᠡ ᠤᠳᠠᠭ᠎ᠠ ᠶᠢᠨ ᠲᠢᠩᠬᠢᠮ ᠨᠡᠭᠡᠭᠡᠵᠦ | ᠳᠠᠭᠤᠰᠤᠭᠰᠠᠨ ᠤ ᠲᠠᠷᠠᠭ᠎ᠠ᠂ ᠬᠡᠷᠪᠡ ᠭᠤᠷᠪᠠᠨ ᠬᠥᠮᠥᠨ ᠤ ᠬᠥᠨᠳᠡᠯᠡᠨ ᠠᠴᠠ ᠲᠠᠰᠤᠯᠬᠤ ᠲᠢᠩᠬᠢᠮ ᠤᠨ ᠳᠣᠲᠣᠷᠠᠬᠢ | ᠨᠢᠭᠡ ᠬᠥᠨᠳᠡᠯᠡᠨ ᠠᠴᠠ ᠲᠠᠰᠤᠯᠤᠭᠴᠢ ᠨᠢ ᠣᠨᠴᠠᠭᠠᠶ ᠰᠢᠯᠲᠠᠭᠠᠨ ᠠᠴᠠ ᠪᠣᠯᠵᠤ ᠬᠠᠮᠲᠤᠷᠠᠨ ᠵᠥᠪᠯᠡᠬᠦ ᠳᠤ | ᠣᠷᠣᠯᠴᠠᠵᠤ ᠴᠢᠳᠠᠬᠤ ᠦᠭᠡᠢ ᠪᠥᠭᠡᠳ ᠲᠣᠭᠲᠠᠭᠠᠯᠲᠠ ᠭᠠᠷᠭᠠᠵᠤ ᠴᠢᠳᠠᠬᠤ ᠦᠭᠡᠢ ᠪᠠᠶᠢᠪᠠᠯ᠂ ᠡᠷᠬᠢᠯᠡᠭᠴᠢ ᠨᠢ ᠲᠤᠰ | ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠲᠤᠰ ᠬᠥᠨᠳᠡᠯᠡᠨ ᠠᠴᠠ ᠲᠠᠰᠤᠯᠤᠭᠴᠢ ᠶᠢ | ᠣᠷᠣᠯᠠᠵᠤ ᠪᠣᠯᠣᠨ᠎ᠠ︔ ᠭᠡᠪᠡᠴᠦ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠵᠢᠴᠢ ᠡᠷᠬᠢᠯᠡᠭᠴᠢ ᠶᠢᠨ ᠵᠥᠪᠰᠢᠶᠡᠷᠡᠯ ᠢ | ᠣᠯᠣᠭᠰᠠᠨ ᠤ ᠲᠡᠷᠠᠭ᠎ᠠ᠂ ᠪᠤᠰᠤᠳ ᠬᠤᠶᠠᠷ ᠬᠥᠨᠳᠡᠯᠡᠨ ᠠᠴᠠ ᠲᠠᠰᠤᠯᠤᠭᠴᠢ ᠨᠢ ᠪᠠᠰᠠ ᠬᠥᠨᠳᠡᠯᠡᠨ ᠠᠴᠠ ᠲᠠᠰᠤᠯᠬᠤ | ᠠᠵᠢᠯ ᠤᠨ ᠲᠠᠷᠠᠭᠠᠯᠠᠯ ᠢ ᠦᠷᠭᠦᠯᠵᠢᠯᠡᠨ ᠶᠠᠪᠤᠭᠤᠯᠵᠤ᠂ ᠲᠣᠭᠲᠠᠭᠠᠯ ᠪᠤᠶᠤ ᠲᠣᠭᠲᠠᠭᠠᠯᠲᠠ ᠭᠠᠷᠭᠠᠵᠤ ᠪᠣᠯᠣᠨ᠎ᠠ᠃ | ᠲᠠᠪᠤᠳᠤᠭᠠᠷ ᠪᠦᠯᠦᠭ ᠰᠢᠭᠦᠨ ᠰᠢᠢᠳᠪᠦᠷᠢᠯᠡᠬᠦ | ᠭᠤᠴᠢᠨ ᠵᠢᠷᠭᠤᠳᠤᠭᠠᠷ ᠵᠦᠢᠯ ᠲᠤᠬᠠᠢ ᠶᠢᠨ ᠬᠥᠮᠥᠨ ᠠᠰᠲᠠᠭᠠᠨ ᠪᠣᠯᠵᠣᠯ ᠲᠠᠢ ᠪᠢᠰᠢ ᠪᠣᠯ ᠬᠥᠨᠳᠡᠯᠡᠨ ᠠᠴᠠ | ᠲᠠᠰᠤᠯᠬᠤ ᠲᠢᠩᠬᠢᠮ ᠵᠣᠬᠢᠰᠲᠠᠢ ᠠᠷᠭ᠎ᠠ ᠮᠠᠶ᠋ᠢᠭ ᠢᠶᠠᠷ ᠬᠡᠷᠡᠭ ᠢ ᠰᠢᠭᠦᠬᠦ ᠪᠠᠷ ᠲᠣᠭᠲᠠᠭᠠᠬᠤ ᠡᠷᠬᠡ ᠲᠠᠢ᠃ ᠶᠠᠮᠠᠷᠪᠠ | ᠪᠠᠶᠢᠳᠠᠯ ᠤᠨ ᠳᠣᠣᠷ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠴᠥᠮ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠳᠤ | ᠡᠷᠬᠡ ᠲᠡᠭᠰᠢ ᠲᠥᠪ ᠭᠤᠣᠯᠴᠢ ᠪᠠᠷ ᠬᠠᠨᠳᠤᠵᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠳᠤ ᠲᠣᠭᠠᠴᠢᠯᠲᠠ ᠬᠢᠬᠦ | ᠪᠠ ᠮᠠᠷᠭᠤᠯᠳᠤᠬᠤ ᠵᠦᠢ ᠵᠣᠬᠢᠰᠲᠠᠢ ᠲᠣᠬᠢᠶᠠᠯ ᠣᠯᠭᠤᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠵᠠᠷᠴᠢᠮ ᠳᠡᠭᠡᠷ᠎ᠡ ᠪᠠᠨ ᠬᠡᠷᠡᠭ ᠢ ᠲᠢᠩᠬᠢᠮ ᠨᠡᠭᠡᠭᠡᠵᠦ ᠰᠢᠭᠦᠬᠦ | ᠬᠡᠷᠡᠭᠲᠡᠢ᠂ ᠲᠢᠩᠬᠢᠮ ᠨᠡᠭᠡᠭᠡᠬᠦ ᠠᠷᠭ᠎ᠠ ᠮᠠᠶ᠋ᠢᠭ ᠢ ᠬᠥᠨᠳᠡᠯᠡᠨ ᠠᠴᠠ ᠲᠠᠰᠤᠯᠬᠤ ᠲᠢᠩᠬᠢᠮ ᠠᠴᠠ ᠬᠡᠷᠡᠭ ᠤᠨ ᠪᠣᠳᠠᠲᠠᠢ | ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠣᠨ᠎ᠠ᠃ | ᠲᠤᠬᠠᠢ ᠶᠢᠨ ᠬᠥᠮᠥᠨ ᠨᠢ ᠲᠢᠩᠬᠢᠮ ᠨᠡᠭᠡᠭᠡᠬᠦ ᠦᠭᠡᠢ ᠭᠡᠵᠦ ᠪᠣᠯᠵᠣᠨ ᠲᠣᠭᠲᠠᠭᠰᠠᠨ ᠪᠤᠶᠤ ᠬᠥᠨᠳᠡᠯᠡᠨ ᠠᠴᠠ | ᠲᠠᠰᠤᠯᠬᠤ ᠲᠢᠩᠬᠢᠮ ᠨᠢ ᠲᠢᠩᠬᠢᠮ ᠨᠡᠭᠡᠭᠡᠵᠦ ᠰᠢᠭᠦᠬᠦ ᠴᠢᠬᠤᠯᠠ ᠦᠭᠡᠢ ᠭᠡᠵᠦ ᠦᠵᠡᠭᠰᠡᠨ ᠪᠥᠭᠡᠳ ᠬᠤᠶᠠᠷ | ᠲᠠᠯ᠎ᠠ ᠶᠢᠨ ᠲᠤᠬᠠᠢ ᠶᠢᠨ ᠬᠥᠮᠥᠨ ᠤ ᠵᠥᠪᠰᠢᠶᠡᠷᠡᠯ ᠢ ᠣᠯᠣᠭᠰᠠᠨ ᠪᠠᠶᠢᠪᠠᠯ᠂ ᠲᠤᠬᠠᠢ ᠶᠢᠨ ᠬᠥᠮᠥᠨ ᠤ ᠲᠤᠰᠢᠶᠠᠭᠰᠠᠨ | ᠪᠢᠴᠢᠭ ᠮᠠᠲ᠋ᠧᠷᠢᠶᠠᠯ ᠢ ᠦᠨᠳᠦᠰᠦᠯᠡᠨ ᠪᠢᠴᠢᠭ ᠢᠶᠠᠷ ᠰᠢᠭᠦᠵᠦ ᠪᠣᠯᠣᠨ᠎ᠠ᠃ | ᠭᠤᠴᠢᠨ ᠳᠣᠯᠣᠳᠤᠭᠠᠷ ᠵᠦᠢᠯ ᠲᠤᠬᠠᠢ ᠶᠢᠨ ᠲᠠᠯᠠᠪᠠᠢ ᠶᠢᠨ ᠲᠢᠩᠬᠢᠮ ᠨᠡᠭᠡᠭᠡᠬᠦ ᠠᠵᠢᠯ ᠢ ᠡᠩ ᠤᠨ | ᠪᠠᠶᠢᠳᠠᠯ ᠳᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠪᠠᠶᠢᠭ᠎ᠠ ᠭᠠᠵᠠᠷ ᠲᠤ | ᠶᠠᠪᠤᠠᠠᠳᠠᠭᠤᠯᠤᠨᠡ᠃ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠢᠶᠠᠷ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠪᠡᠯ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠥᠪᠡᠰᠦᠪᠡᠨ ᠰᠣᠩᠭᠤᠬᠤ ᠪᠤᠶᠤ ᠲᠤᠬᠠᠢ ᠶᠢᠨ | ᠬᠥᠮᠥᠨ ᠤ ᠪᠣᠯᠵᠤᠭ᠎ᠠ ᠶᠢ ᠦᠨᠳᠦᠰᠦᠯᠡᠨ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠪᠠᠶᠢᠭ᠎ᠠ | ᠭᠠᠵᠠᠷ ᠠᠴᠠ ᠪᠤᠰᠤᠳ ᠭᠠᠵᠠᠷ ᠲᠤ ᠲᠢᠩᠬᠢᠮ ᠨᠡᠭᠡᠭᠡᠬᠦ ᠡᠷᠬᠡ ᠲᠠᠢ᠃ | ᠲᠤᠬᠠᠢ ᠶᠢᠨ ᠬᠥᠮᠥᠨ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠪᠠᠶᠢᠭ᠎ᠠ | ᠭᠠᠵᠠᠷ ᠠᠴᠠ ᠪᠤᠰᠤᠳ ᠭᠠᠵᠠᠷ ᠲᠤ ᠲᠤᠬᠠᠢ ᠶᠢᠨ ᠭᠠᠵᠠᠷ ᠲᠤᠨᠢ ᠲᠢᠩᠬᠢᠮ ᠨᠡᠭᠡᠭᠡᠬᠦ ᠪᠠᠷ ᠪᠣᠯᠵᠣᠨ ᠲᠣᠭᠲᠠᠭᠰᠠᠨ | ᠪᠠᠶᠢᠪᠠᠯ᠂ ᠡᠭᠦᠨ ᠠᠴᠠ ᠪᠣᠯᠤᠭᠰᠠᠨ ᠵᠠᠷᠤᠳᠠᠯ ᠢ ᠡᠭᠦᠷᠭᠡᠯᠡᠨ᠎ᠡ᠃ ᠲᠤᠬᠠᠢ ᠶᠢᠨ ᠬᠥᠮᠥᠨ ᠨᠢ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠣᠯᠵᠣᠨ ᠲᠣᠭᠲᠠᠭᠰᠠᠨ ᠪᠤᠶᠤ | ᠬᠥᠨᠳᠡᠯᠡᠨ ᠠᠴᠠ ᠲᠠᠰᠤᠯᠬᠤ ᠲᠢᠩᠬᠢᠮ ᠤᠨ ᠲᠣᠭᠲᠠᠭᠠᠭᠰᠠᠨ ᠬᠠᠷᠢᠴᠠᠯ ᠶᠣᠰᠣᠭᠠᠷ ᠳᠡᠭᠡᠷ᠎ᠡ ᠳᠤᠷᠠᠳᠤᠭᠰᠠᠨ ᠵᠠᠷᠤᠳᠠᠯ ᠢ | ᠤᠷᠢᠳᠴᠢᠯᠠᠨ ᠲᠤᠰᠢᠶᠠᠬᠤ ᠬᠡᠷᠡᠭᠲᠡᠢ︔ ᠤᠷᠢᠳᠴᠢᠯᠠᠨ ᠲᠤᠰᠢᠶᠠᠭᠰᠠᠨ ᠦᠭᠡᠢ ᠪᠠᠶᠢᠪᠠᠯ᠂ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠪᠠᠶᠢᠭ᠎ᠠ ᠭᠠᠵᠠᠷ ᠲᠤ ᠮᠥᠨ ᠯᠡ ᠲᠤᠬᠠᠢ ᠶᠢᠨ ᠲᠠᠯᠠᠪᠤᠷ ᠲᠤ ᠲᠢᠩᠬᠢᠮ | ᠨᠡᠭᠡᠭᠡᠵᠦ ᠰᠢᠭᠦᠨ᠎ᠡ᠃ | ᠭᠤᠴᠢᠨ ᠨᠠᠢᠮᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠶᠢ ᠢᠯᠠ ᠪᠠᠷ ᠶᠠᠪᠤᠭᠤᠯᠬᠤ ᠦᠭᠡᠢ᠂ ᠭᠡᠪᠡᠴᠦ | ᠲᠤᠰ ᠲᠦᠷᠢᠮ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠢᠯᠡ ᠪᠠᠷ ᠰᠢᠭᠦᠬᠦ ᠦᠭᠡᠢ ᠬᠡᠷᠡᠭ ᠲᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠵᠢᠴᠢ ᠲᠡᠭᠦᠨ ᠤ | ᠬᠥᠨᠳᠡᠯᠡᠨ ᠠᠴᠠ ᠲᠠᠰᠤᠯᠬᠤ ᠣᠷᠣᠯᠠᠭᠴᠢ᠂ ᠬᠥᠨᠳᠡᠯᠡᠨ ᠠᠴᠠ ᠲᠠᠰᠤᠯᠤᠭᠴᠢ᠂ ᠭᠡᠷᠡᠴᠢᠯᠡᠭᠴᠢ᠂ ᠣᠷᠴᠢᠭᠤᠯᠤᠭᠴᠢ᠂ | ᠬᠥᠨᠳᠡᠯᠡᠨ ᠠᠴᠠ ᠲᠠᠰᠤᠯᠬᠤ ᠲᠢᠩᠬᠢᠮ ᠤᠨ ᠠᠰᠠᠭᠤᠨ ᠯᠠᠪᠯᠠᠬᠤ ᠲᠤᠰᠬᠠᠢ ᠮᠡᠷᠭᠡᠵᠢᠯᠲᠡᠨ ᠪᠠ ᠰᠢᠯᠭᠠᠨ ᠲᠣᠭᠲᠠᠭᠠᠭᠴᠢ | ᠵᠢᠴᠢ ᠪᠤᠰᠤᠳ ᠬᠤᠯᠪᠣᠭᠳᠠᠯ ᠪᠦᠬᠦᠢ ᠬᠥᠮᠥᠰ ᠴᠥᠮ ᠬᠡᠷᠡᠭ ᠤᠨ ᠪᠣᠳᠠᠲᠤ ᠴᠣᠭᠴᠠ ᠪᠠ ᠠᠵᠢᠯ ᠤᠨ ᠲᠠᠷᠠᠭᠠᠯᠠᠯ | ᠤᠨ ᠬᠤᠯᠪᠣᠭᠳᠠᠯ ᠪᠦᠬᠦᠢ ᠪᠠᠶᠢᠳᠠᠯ ᠢ ᠭᠠᠳᠠᠭᠰᠢ ᠵᠠᠳᠠᠷᠠᠭᠤᠯᠵᠤ ᠪᠣᠯᠬᠤ ᠦᠭᠡᠢ᠃ | ᠲᠤᠬᠠᠢ ᠶᠢᠨ ᠬᠥᠮᠥᠨ ᠵᠢᠴᠢ ᠲᠡᠭᠦᠨ ᠤ ᠨᠠᠶᠢᠳᠠᠭᠰᠠᠨ ᠣᠷᠣᠯᠠᠭᠴᠢ ᠨᠢ ᠲᠢᠩᠬᠢᠮ ᠤᠨ ᠰᠢᠭᠦᠯᠲᠡ ᠶᠢᠨ | ᠲᠡᠮᠳᠡᠭᠯᠡᠯ ᠢ ᠰᠡᠭᠦᠳᠡᠷᠯᠡᠭᠦᠯᠬᠦ᠂ ᠪᠠᠭᠤᠯᠭᠠᠨ ᠠᠪᠬᠤ ᠪᠠᠷ ᠪᠢᠴᠢᠭ ᠢᠶᠠᠷ ᠭᠤᠶᠤᠴᠢᠯᠠᠭᠰᠠᠨ ᠪᠠᠶᠢᠪᠠᠯ᠂ ᠬᠥᠨᠳᠡᠯᠡᠨ ᠠᠴᠠ | ᠲᠠᠰᠤᠯᠬᠤ ᠲᠢᠩᠬᠢᠮ ᠵᠥᠪᠰᠢᠶᠡᠷᠡᠬᠦ ᠬᠡᠷᠡᠭᠲᠡᠢ᠂ ᠭᠡᠪᠡᠴᠦ ᠲᠢᠩᠬᠢᠮ ᠤᠨ ᠰᠢᠭᠦᠯᠲᠡ ᠶᠢᠨ ᠲᠡᠮᠳᠡᠭᠯᠡᠯ ᠢ ᠪᠠᠭᠤᠯᠭᠠᠨ | ᠠᠪᠤᠭᠰᠠᠨ ᠲᠤᠬᠠᠢ ᠶᠢᠨ ᠬᠥᠮᠥᠨ᠂ ᠣᠷᠣᠯᠠᠭᠴᠢ ᠨᠢ ᠠᠮᠠᠯᠠᠯᠲᠠ ᠶᠢᠨ ᠪᠢᠴᠢᠭ ᠲᠣᠭᠲᠠᠭᠠᠵᠤ᠂ ᠲᠢᠩᠬᠢᠮ ᠤᠨ | ᠰᠢᠭᠦᠯᠲᠡ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠂ ᠭᠠᠳᠠᠭᠰᠢ ᠵᠠᠳᠠᠷᠠᠭᠤᠯᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠲᠤᠬᠠᠢ ᠶᠢᠨ ᠬᠥᠮᠥᠨ ᠢᠯᠡ ᠪᠣᠯᠭᠠᠬᠤ ᠪᠠᠷ ᠪᠣᠯᠵᠣᠨ ᠲᠣᠭᠲᠠᠭᠰᠠᠨ ᠪᠠᠶᠢᠪᠠᠯ᠂ | ᠡᠷᠬᠢᠯᠡᠭᠴᠢ ᠪᠠᠷ ᠬᠢᠨᠠᠨ ᠪᠠᠶᠢᠴᠠᠭᠠᠯᠭᠠᠭᠠᠳ ᠤᠯᠤᠰ ᠤᠨ ᠨᠢᠭᠤᠴᠠ᠂ ᠬᠡᠷᠡᠭ ᠤᠨ ᠭᠠᠳᠠᠨᠠᠬᠢ ᠬᠥᠮᠥᠨ ᠤ | ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠳᠤ ᠬᠤᠯᠪᠣᠭᠳᠠᠬᠤ ᠦᠭᠡᠢ ᠭᠡᠵᠦ ᠦᠵᠡᠪᠡᠯ᠂ | ᠪᠡᠶ᠎ᠡ ᠶᠢᠨ ᠲᠠᠮᠢᠷ ᠤᠨ ᠬᠥᠨᠳᠡᠯᠡᠨ ᠤ ᠲᠠᠰᠤᠯᠤᠯᠲᠠ ᠶᠢ ᠢᠯᠡ ᠪᠠᠷ ᠶᠠᠪᠤᠭᠤᠯᠵᠤ ᠪᠣᠯᠣᠨ᠎ᠠ᠃ | ᠬᠥᠭᠡᠷᠦᠭᠦᠯᠬᠦ ᠡᠮ ᠢ ᠡᠰᠡᠷᠭᠦᠴᠡᠬᠦ ᠳᠤ ᠬᠤᠯᠪᠣᠭᠳᠠᠬᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠶᠠᠪᠤᠴᠠ ᠳᠤ᠂ ᠲᠠᠮᠢᠷᠴᠢᠨ ᠪᠤᠶᠤ ᠪᠤᠰᠤᠳ ᠪᠠᠶᠢᠭᠠᠯᠢ ᠬᠥᠮᠥᠨ ᠤ ᠲᠤᠬᠠᠢ ᠶᠢᠨ ᠬᠥᠮᠥᠨ ᠢᠯᠡ ᠪᠠᠷ ᠰᠢᠭᠦᠯᠭᠡᠬᠦ ᠪᠠᠷ | ᠭᠤᠶᠤᠴᠢᠯᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠢᠯᠡ ᠪᠠᠷ ᠰᠢᠭᠦᠬᠦ ᠬᠡᠷᠡᠭᠲᠡᠢ᠃ ᠤᠯᠤᠰ ᠤᠨ | ᠨᠢᠭᠤᠴᠠ᠂ ᠬᠤᠪᠢ ᠬᠥᠮᠥᠨ ᠤ ᠨᠢᠭᠤᠴᠠ ᠳᠤ ᠬᠤᠯᠪᠣᠭᠳᠠᠭᠰᠠᠨ ᠪᠤᠶᠤ ᠢᠯᠡ ᠪᠠᠷ ᠰᠢᠭᠦᠬᠦ ᠳᠤ ᠲᠣᠬᠢᠷᠠᠮᠵᠢ ᠦᠭᠡᠢ | ᠪᠤᠰᠤᠳ ᠪᠠᠶᠢᠳᠠᠯ ᠲᠠᠢ ᠬᠡᠷᠡᠭ ᠡᠭᠦᠨ ᠳᠤ ᠪᠠᠭᠲᠠᠬᠤ ᠦᠭᠡᠢ᠃ | ᠢᠯᠡ ᠪᠠᠷ ᠰᠢᠭᠦᠬᠦ ᠬᠡᠷᠡᠭ ᠢ ᠤᠯᠠᠨ ᠨᠡᠶᠢᠲᠡ ᠪᠠᠷ ᠢᠶᠠᠨ ᠰᠤᠯᠠ ᠰᠣᠨᠣᠰᠬᠤ ᠶᠢ ᠵᠥᠪᠰᠢᠶᠡᠷᠡᠬᠦ ᠪᠤᠶᠤ | ᠰᠦᠯᠵᠢᠶᠡᠨ ᠤ ᠸᠧᠳᠢᠤ᠋ ᠬᠡᠯᠪᠡᠷᠢ ᠪᠠᠷ ᠰᠢᠭᠤᠳ ᠨᠡᠪᠲᠡᠷᠡᠭᠦᠯᠬᠦ ᠵᠡᠷᠭᠡ ᠬᠡᠯᠪᠡᠷᠢ ᠪᠠᠷ ᠭᠠᠳᠠᠭᠰᠢ ᠢᠯᠡ ᠪᠣᠯᠭᠠᠬᠤ | ᠬᠡᠷᠡᠭᠲᠡᠢ᠃ | ᠳᠥᠴᠢᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠠᠩᠬᠠᠳᠠᠭᠴᠢ ᠰᠢᠭᠦᠯᠲᠡ ᠡᠬᠢᠯᠡᠬᠦ ᠠᠴᠠ | ᠠᠷᠪᠠᠨ ᠡᠳᠦᠷ ᠤᠨ ᠡᠮᠦᠨ᠎ᠡ᠂ ᠰᠢᠭᠦᠯᠲᠡ ᠡᠬᠢᠯᠡᠬᠦ ᠡᠳᠦᠷ ᠬᠤᠭᠤᠴᠠᠭ᠎ᠠ᠂ ᠭᠠᠵᠠᠷ ᠢᠶᠠᠨ ᠬᠤᠶᠠᠷ ᠡᠲᠡᠭᠡᠳ ᠤᠨ | ᠲᠤᠬᠠᠢ ᠶᠢᠨ ᠬᠥᠮᠥᠨ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ | ᠲᠤᠬᠠᠢ ᠶᠢᠨ ᠬᠥᠮᠥᠨ ᠨᠢ ᠵᠦᠢ ᠶᠣᠰᠣᠨ ᠤ ᠤᠴᠢᠷ ᠰᠢᠯᠲᠠᠭᠠᠨ ᠲᠠᠢ ᠪᠠᠶᠢᠪᠠᠯ᠂ ᠲᠢᠩᠬᠢᠮ ᠨᠡᠭᠡᠭᠡᠵᠦ | ᠰᠢᠭᠦᠬᠦ ᠠᠴᠠ ᠲᠠᠪᠤᠨ ᠡᠳᠦᠷ ᠤᠨ ᠡᠮᠦᠨ᠎ᠡ ᠲᠢᠩᠬᠢᠮ ᠨᠡᠭᠡᠭᠡᠬᠦ ᠶᠢ ᠤᠷᠢᠳᠴᠢᠯᠠᠭᠤᠯᠬᠤ ᠪᠤᠶᠤ ᠬᠤᠶᠢᠰᠢᠯᠠᠭᠤᠯᠬᠤ ᠪᠠᠷ | ᠭᠤᠶᠤᠴᠢᠯᠠᠬᠤ ᠬᠡᠷᠡᠭᠲᠡᠢ ᠪᠥᠭᠡᠳ ᠬᠥᠨᠳᠡᠯᠡᠨ ᠠᠴᠠ ᠲᠠᠰᠤᠯᠬᠤ ᠲᠢᠩᠬᠢᠮ ᠠᠴᠠ ᠡᠭᠦᠨ ᠤ ᠲᠤᠬᠠᠢ ᠲᠣᠭᠲᠠᠭᠠᠯ | ᠭᠠᠷᠭᠠᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ ᠭᠤᠶᠤᠴᠢᠯᠠᠭᠴᠢ ᠪᠢᠴᠢᠭ ᠤᠨ ᠮᠡᠳᠡᠭᠳᠡᠯ ᠢ ᠣᠯᠣᠭᠰᠠᠨ ᠪᠠᠶᠢᠲᠠᠯ᠎ᠠ ᠵᠦᠢ | ᠶᠣᠰᠣᠨ ᠤ ᠤᠴᠢᠷ ᠰᠢᠯᠲᠠᠭᠠᠨ ᠦᠭᠡᠢ ᠪᠠᠷ ᠲᠢᠩᠬᠢᠮ ᠳᠤ ᠣᠴᠢᠭᠰᠠᠨ ᠦᠭᠡᠢ ᠪᠤᠶᠤ ᠬᠥᠨᠳᠡᠯᠡᠨ ᠠᠴᠠ ᠲᠠᠰᠤᠯᠬᠤ | ᠲᠢᠩᠬᠢᠮ ᠤᠨ ᠵᠥᠪᠰᠢᠶᠡᠷᠡᠯ ᠦᠭᠡᠢ ᠪᠠᠷ ᠰᠢᠭᠦᠯᠲᠡ ᠶᠢᠨ ᠳᠤᠮᠳᠠ ᠠᠴᠠ ᠭᠠᠷᠴᠤ ᠶᠠᠪᠤᠭᠰᠠᠨ ᠪᠠᠶᠢᠪᠠᠯ᠂ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢᠶᠠᠨ ᠪᠤᠴᠠᠭᠠᠭᠰᠠᠨ ᠢᠶᠠᠷ ᠦᠵᠡᠵᠦ ᠪᠣᠯᠣᠨ᠎ᠠ᠃ ᠭᠤᠶᠤᠴᠢᠯᠠᠭᠳᠠᠭᠴᠢ | ᠬᠡᠳᠡᠷᠬᠦ ᠭᠤᠶᠤᠴᠢᠯᠠᠯ ᠭᠠᠷᠭᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠤᠨ ᠭᠤᠶᠤᠴᠢᠯᠠᠭᠳᠠᠭᠴᠢ ᠶᠢᠨ | ᠬᠡᠳᠡᠷᠬᠦ ᠭᠤᠶᠤᠴᠢᠯᠠᠯ ᠢ ᠰᠠᠭᠠᠲᠠᠯ ᠲᠠᠢ ᠪᠠᠷ ᠰᠢᠭᠦᠬᠦ ᠶᠢ ᠨᠥᠯᠥᠭᠡᠯᠡᠬᠦ ᠦᠭᠡᠢ᠃ | ᠭᠤᠶᠤᠴᠢᠯᠠᠭᠳᠠᠭᠴᠢ ᠪᠢᠴᠢᠭ ᠤᠨ ᠮᠡᠳᠡᠭᠳᠡᠯ ᠢ ᠣᠯᠣᠭᠰᠠᠨ ᠪᠠᠶᠢᠲᠠᠯ᠎ᠠ ᠵᠦᠢ ᠶᠣᠰᠣᠨ ᠤ ᠤᠴᠢᠷ ᠰᠢᠯᠲᠠᠭᠠᠨ | ᠦᠭᠡᠢ ᠪᠠᠷ ᠲᠢᠩᠬᠢᠮ ᠳᠤ ᠣᠴᠢᠭᠰᠠᠨ ᠦᠭᠡᠢ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠤᠨ ᠵᠥᠪᠰᠢᠶᠡᠷᠡᠯ | ᠦᠭᠡᠢ ᠪᠠᠷ ᠰᠢᠭᠦᠯᠲᠡ ᠶᠢᠨ ᠳᠤᠮᠳᠠ ᠠᠴᠠ ᠭᠠᠷᠴᠤ ᠶᠠᠪᠤᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ | ᠰᠠᠭᠠᠲᠠᠯ ᠲᠠᠢ ᠪᠠᠷ ᠰᠢᠭᠦᠵᠦ ᠪᠣᠯᠣᠨ᠎ᠠ᠃ ᠭᠤᠶᠤᠴᠢᠯᠠᠭᠳᠠᠭᠴᠢ ᠬᠡᠳᠡᠷᠬᠦ ᠭᠤᠶᠤᠴᠢᠯᠠᠯ ᠭᠠᠷᠭᠠᠭᠰᠠᠨ ᠪᠠᠶᠢᠪᠠᠯ᠂ ᠬᠡᠳᠡᠷᠬᠦ | ᠭᠤᠶᠤᠴᠢᠯᠠᠯ ᠢᠶᠠᠨ ᠪᠤᠴᠠᠭᠠᠭᠰᠠᠨ ᠢᠶᠠᠷ ᠪᠤᠳᠤᠨ᠎ᠠ᠃ | ᠳᠥᠴᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ ᠲᠢᠩᠬᠢᠮ ᠤᠨ ᠰᠢᠭᠦᠯᠲᠡ ᠶᠢᠨ | ᠪᠠᠶᠢᠳᠠᠯ ᠢ ᠦᠨᠳᠦᠰᠦᠯᠡᠨ ᠲᠢᠩᠬᠢᠮ ᠤᠨ ᠰᠢᠭᠦᠯᠲᠡ ᠶᠢᠨ ᠲᠡᠮᠳᠡᠭᠯᠡᠯ ᠬᠢᠬᠦ ᠬᠡᠷᠡᠭᠲᠡᠢ᠃ ᠲᠤᠬᠠᠢ ᠶᠢᠨ ᠬᠥᠮᠥᠨ ᠪᠤᠶᠤ | ᠬᠥᠨᠳᠡᠯᠡᠨ ᠠᠴᠠ ᠲᠠᠰᠤᠯᠬᠤ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠡᠶᠡᠳᠡᠭᠦᠯᠦᠭᠰᠡᠨ ᠪᠠᠶᠢᠳᠠᠯ ᠢ | ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠲᠡᠮᠳᠡᠭᠯᠡᠬᠦ ᠦᠭᠡᠢ ᠪᠠᠶᠢᠵᠤ ᠪᠣᠯᠣᠨ᠎ᠠ᠃ | ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠬᠥᠨᠳᠡᠯᠡᠨ ᠠᠴᠠ ᠲᠠᠰᠤᠯᠤᠭᠴᠢ᠂ ᠬᠥᠨᠳᠡᠯᠡᠨ ᠠᠴᠠ ᠲᠠᠰᠤᠯᠬᠤ | ᠨᠠᠷᠢᠨ ᠪᠢᠴᠢᠭᠡᠴᠢ᠂ ᠲᠤᠬᠠᠢ ᠶᠢᠨ ᠬᠥᠮᠥᠨ ᠪᠠ ᠬᠥᠨᠳᠡᠯᠡᠨ ᠠᠴᠠ ᠲᠠᠰᠤᠯᠬᠤ ᠳᠤ ᠣᠷᠣᠯᠴᠠᠭᠰᠠᠨ ᠪᠤᠰᠤᠳ ᠬᠥᠮᠥᠨ | ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠨ᠎ᠠ᠃ | ᠲᠤᠬᠠᠢ ᠶᠢᠨ ᠬᠥᠮᠥᠨ ᠪᠠ ᠬᠥᠨᠳᠡᠯᠡᠨ ᠠᠴᠠ ᠲᠠᠰᠤᠯᠬᠤ ᠳᠤ ᠣᠷᠣᠯᠴᠠᠭᠰᠠᠨ ᠪᠤᠰᠤᠳ ᠬᠥᠮᠥᠨ ᠲᠢᠩᠬᠢᠮ ᠤᠨ | ᠰᠢᠭᠦᠯᠲᠡ ᠶᠢᠨ ᠲᠡᠮᠳᠡᠭᠯᠡᠯ ᠳᠤ ᠥᠪᠡᠷ ᠤᠨ ᠲᠣᠭᠠᠴᠢᠯᠲᠠ ᠶᠢᠨ ᠲᠡᠮᠳᠡᠭᠯᠡᠯ ᠢ ᠣᠷᠬᠢᠭᠳᠠᠭᠤᠯᠤᠭᠰᠠᠨ ᠪᠤᠶᠤ | ᠪᠤᠷᠤᠭᠤᠳᠠᠭᠤᠯᠤᠭᠰᠠᠨ ᠵᠦᠢᠯ ᠪᠠᠶᠢᠨ᠎ᠠ ᠭᠡᠵᠦ ᠦᠵᠡᠪᠡᠯ᠂ ᠬᠥᠨᠳᠡᠯᠡᠨ ᠠᠴᠠ ᠲᠠᠰᠤᠯᠬᠤ ᠲᠢᠩᠬᠢᠮ ᠳᠤ ᠨᠥᠬᠦᠪᠦᠷᠢᠯᠡᠨ | ᠵᠠᠯᠠᠷᠠᠭᠤᠯᠤᠭᠤᠯᠬᠤ ᠪᠠᠷ ᠭᠤᠶᠤᠴᠢᠯᠠᠵᠤ ᠪᠣᠯᠣᠨ᠎ᠠ᠃ | ᠲᠤᠬᠠᠢ ᠶᠢᠨ ᠬᠥᠮᠥᠨ ᠪᠤᠶᠤ ᠬᠥᠨᠳᠡᠯᠡᠨ ᠠᠴᠠ ᠲᠠᠰᠤᠯᠬᠤ ᠳᠤ ᠣᠷᠣᠯᠴᠠᠭᠰᠠᠨ ᠪᠤᠰᠤᠳ ᠬᠥᠮᠥᠨ | ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠬᠤ ᠶᠢ | ᠲᠡᠪᠴᠢᠪᠡᠯ᠂ ᠲᠢᠩᠬᠢᠮ ᠤᠨ ᠰᠢᠭᠦᠯᠲᠡ ᠶᠢᠨ ᠲᠡᠮᠳᠡᠭᠯᠡᠯ ᠳᠤ ᠬᠤᠯᠪᠣᠭᠳᠠᠯ ᠪᠦᠬᠦᠢ ᠪᠠᠶᠢᠳᠠᠯ ᠢ ᠪᠢᠴᠢᠵᠦ ᠣᠷᠣᠭᠤᠯᠬᠤ | ᠬᠡᠷᠡᠭᠲᠡᠢ ᠪᠥᠭᠡᠳ ᠬᠥᠨᠳᠡᠯᠡᠨ ᠠᠴᠠ ᠲᠠᠰᠤᠯᠤᠭᠴᠢ᠂ ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ ᠭᠠᠷ ᠤᠨ | ᠦᠰᠦᠭ ᠵᠢᠷᠤᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠵᠡᠷᠭᠡᠴᠡᠭᠡ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠶᠢᠨ | ᠠᠷᠭ᠎ᠠ ᠮᠠᠶ᠋ᠢᠭ ᠢᠶᠠᠷ ᠲᠢᠩᠬᠢᠮ ᠤᠨ ᠰᠢᠭᠦᠯᠲᠡ ᠶᠢ ᠲᠡᠮᠳᠡᠭᠯᠡᠬᠦ ᠪᠠᠷ ᠲᠣᠭᠲᠠᠭᠠᠵᠤ ᠪᠣᠯᠬᠤ ᠪᠥᠭᠡᠳ ᠲᠢᠩᠬᠢᠮ ᠤᠨ | ᠰᠢᠭᠦᠯᠲᠡ ᠠᠴᠠ ᠡᠮᠦᠨ᠎ᠡ ᠲᠤᠬᠠᠢ ᠶᠢᠨ ᠬᠥᠮᠥᠨ ᠳᠤ ᠮᠡᠳᠡᠭᠳᠡᠨ᠎ᠡ᠃ | ᠳᠥᠴᠢᠨ ᠭᠤᠷᠪᠠᠳᠤᠭᠠᠷ ᠵᠦᠢᠯ ᠲᠤᠬᠠᠢ ᠶᠢᠨ ᠬᠥᠮᠥᠨ ᠥᠪᠡᠷ ᠤᠨ ᠵᠣᠷᠢᠯᠲᠠ ᠳᠠᠭᠠᠨ ᠭᠡᠷᠡᠴᠢ ᠳᠤᠷᠠᠳᠬᠤ | ᠬᠠᠷᠢᠭᠤᠴᠠᠯᠭ᠎ᠠ ᠡᠭᠦᠷᠭᠡᠯᠡᠨ᠎ᠡ᠃ | ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠠᠮᠢᠷᠴᠢᠳ ᠤᠨ ᠬᠠᠮᠢᠶᠠᠷᠤᠯᠲᠠ ᠶᠢᠨ ᠨᠢᠭᠡᠴᠢ᠂ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ ᠶᠢᠨ ᠰᠢᠢᠳᠪᠦᠷᠢᠯᠡᠭᠰᠡᠨ | ᠲᠣᠭᠲᠠᠭᠠᠯ ᠢ ᠵᠥᠪᠰᠢᠶᠡᠷᠡᠬᠦ ᠦᠭᠡᠢ ᠠᠴᠠ ᠪᠣᠯᠵᠤ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ | ᠬᠡᠷᠡᠭ ᠲᠤ ᠲᠤᠬᠠᠢ ᠶᠢᠨ ᠬᠥᠮᠥᠨ ᠨᠢ ᠭᠡᠷᠡᠴᠢ ᠳᠤᠷᠠᠳᠬᠤ ᠠᠴᠠ ᠭᠠᠳᠠᠨ᠎ᠠ᠂ ᠪᠡᠶ᠎ᠡ ᠶᠢᠨ ᠲᠠᠮᠢᠷ ᠤᠨ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠲᠠᠮᠢᠷᠴᠢᠳ ᠤᠨ ᠬᠠᠮᠢᠶᠠᠷᠤᠯᠲᠠ ᠶᠢᠨ ᠨᠢᠭᠡᠴᠢ᠂ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ ᠴᠤ ᠲᠡᠭᠦᠨ ᠤ ᠰᠢᠢᠳᠪᠦᠷᠢᠯᠡᠭᠰᠡᠨ ᠲᠣᠭᠲᠠᠭᠠᠯ ᠤᠨ ᠦᠨᠳᠦᠰᠦ | ᠪᠠᠷᠢᠮᠲᠠ ᠳᠤ ᠭᠡᠷᠡᠴᠢ ᠳᠤᠷᠠᠳᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠲᠤᠬᠠᠢ ᠶᠢᠨ ᠬᠥᠮᠥᠨ ᠤ ᠭᠡᠷᠡᠴᠢ ᠪᠠᠷᠢᠮᠲᠠ ᠲᠤᠰᠢᠶᠠᠬᠤ | ᠬᠤᠭᠤᠴᠠᠭ᠎ᠠ ᠶᠢ ᠲᠣᠭᠲᠠᠭᠠᠵᠤ ᠪᠣᠯᠣᠨ᠎ᠠ᠃ ᠲᠤᠬᠠᠢ ᠶᠢᠨ ᠬᠥᠮᠥᠨ ᠨᠢ ᠲᠣᠭᠲᠠᠭᠰᠠᠨ ᠬᠤᠭᠤᠴᠠᠭᠠᠨ ᠤ ᠳᠣᠲᠣᠷ᠎ᠠ | ᠭᠡᠷᠡᠴᠢ ᠪᠠᠷᠢᠮᠲᠠ ᠪᠠᠨ ᠲᠤᠰᠢᠶᠠᠬᠤ ᠬᠡᠷᠡᠭᠲᠡᠢ᠃ ᠬᠤᠭᠤᠴᠠᠭ᠎ᠠ ᠬᠡᠳᠦᠷᠡᠭᠡᠳ ᠲᠤᠰᠢᠶᠠᠪᠠᠯ ᠬᠥᠨᠳᠡᠯᠡᠨ ᠠᠴᠠ | ᠲᠠᠰᠤᠯᠬᠤ ᠲᠢᠩᠬᠢᠮ ᠭᠥᠯᠢᠶᠡᠨ ᠠᠪᠬᠤ ᠦᠭᠡᠢ ᠪᠠᠶᠢᠵᠤ ᠪᠣᠯᠣᠨ᠎ᠠ᠃ ᠲᠤᠬᠠᠢ ᠶᠢᠨ ᠬᠥᠮᠥᠨ ᠭᠡᠷᠡᠴᠢ ᠪᠠᠷᠢᠮᠲᠠ | ᠳᠤᠷᠠᠳᠬᠤ ᠬᠤᠭᠤᠴᠠᠭᠠᠨ ᠤ ᠳᠣᠲᠣᠷ᠎ᠠ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ ᠲᠤᠰᠢᠶᠠᠬᠤ ᠳᠤ ᠦᠨᠡᠬᠡᠷ | ᠬᠦᠴᠢᠷᠲᠡᠢ ᠪᠠᠶᠢᠪᠠᠯ᠂ ᠬᠤᠭᠤᠴᠠᠭ᠎ᠠ ᠳᠦᠭᠦᠷᠬᠦ ᠠᠴᠠ ᠡᠮᠦᠨ᠎ᠡ ᠭᠡᠷᠡᠴᠢ ᠪᠠᠷᠢᠮᠲᠠ ᠳᠤᠷᠠᠳᠬᠤ ᠬᠤᠭᠤᠴᠠᠭ᠎ᠠ ᠶᠢ | ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃ ᠤᠷᠲᠤᠳᠬᠠᠬᠤ ᠡᠰᠡᠬᠦ ᠶᠢ ᠬᠥᠨᠳᠡᠯᠡᠨ ᠠᠴᠠ ᠲᠠᠰᠤᠯᠬᠤ ᠲᠢᠩᠬᠢᠮ | ᠲᠣᠭᠲᠠᠭᠠᠨ᠎ᠠ᠃ | ᠲᠤᠬᠠᠢ ᠶᠢᠨ ᠬᠥᠮᠥᠨ ᠨᠢ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠭᠡᠷᠡᠴᠢ ᠪᠠᠷᠢᠮᠲᠠ ᠪᠠᠨ ᠲᠤᠰᠢᠶᠠᠵᠤ | ᠴᠢᠳᠠᠭᠰᠠᠨ ᠦᠭᠡᠢ᠂ ᠡᠰᠡᠬᠦᠯ᠎ᠡ ᠭᠡᠷᠡᠴᠢ ᠪᠠᠷᠢᠮᠲᠠ ᠲᠤᠰᠢᠶᠠᠭᠰᠠᠨ ᠪᠣᠯᠪᠠᠴᠤ ᠵᠣᠷᠢᠯᠲᠠ ᠪᠠᠨ ᠭᠡᠷᠡᠴᠢᠯᠡᠵᠦ ᠴᠢᠳᠠᠭᠰᠠᠨ | ᠦᠭᠡᠢ ᠪᠠᠶᠢᠪᠠᠯ᠂ ᠭᠡᠷᠡᠴᠢ ᠳᠤᠷᠠᠳᠬᠤ ᠬᠠᠷᠢᠭᠤᠴᠠᠯᠭ᠎ᠠ ᠲᠠᠢ ᠲᠤᠬᠠᠢ ᠶᠢᠨ ᠬᠥᠮᠥᠨ ᠡᠭᠦᠨ ᠠᠴᠠ ᠪᠣᠯᠤᠭᠰᠠᠨ ᠦᠷ᠎ᠡ | ᠤᠷᠰᠢᠭ ᠢ ᠡᠭᠦᠷᠭᠡᠯᠡᠨ᠎ᠡ᠃ | ᠳᠥᠴᠢᠨ ᠳᠥᠷᠪᠡᠳᠦᠭᠡᠷ ᠵᠦᠢᠯ ᠲᠢᠩᠬᠢᠮ ᠨᠡᠭᠡᠭᠡᠵᠦ ᠰᠢᠭᠦᠬᠦ ᠬᠡᠷᠡᠭ ᠤᠨ ᠲᠢᠩᠬᠢᠮ ᠤᠨ ᠰᠢᠭᠦᠯᠲᠡ ᠠᠴᠠ | ᠡᠮᠦᠨ᠎ᠡ ᠨᠢᠭᠡᠨᠲᠡ ᠰᠣᠯᠢᠯᠴᠠᠭᠰᠠᠨ ᠭᠡᠷᠡᠴᠢ ᠪᠠᠷᠢᠮᠲᠠ ᠶᠢ ᠲᠢᠩᠬᠢᠮ ᠤᠨ ᠰᠢᠭᠦᠯᠲᠡ ᠶᠢᠨ ᠪᠠᠶᠢᠴᠠᠭᠠᠯᠲᠠ ᠳᠤ ᠭᠠᠷᠭᠠᠨ | ᠦᠵᠡᠭᠦᠯᠵᠦ᠂ ᠲᠤᠬᠠᠢ ᠶᠢᠨ ᠬᠥᠮᠥᠨ ᠢᠶᠠᠷ ᠬᠠᠷᠢᠯᠴᠠᠨ ᠲᠤᠯᠭᠠᠨ ᠭᠡᠷᠡᠴᠢᠯᠡᠭᠦᠯᠬᠦ ᠬᠡᠷᠡᠭᠲᠡᠢ᠃ | ᠬᠡᠷᠡᠭ ᠤᠨ ᠭᠡᠷᠡᠴᠢ ᠪᠠᠷᠢᠮᠲᠠ ᠨᠢ ᠨᠡᠯᠢᠶᠡᠳ ᠤᠯᠠᠨ ᠪᠥᠭᠡᠳ ᠬᠥᠨᠳᠡᠯᠡᠨ ᠠᠴᠠ ᠲᠠᠰᠤᠯᠬᠤ ᠲᠢᠩᠬᠢᠮ ᠨᠢ | ᠴᠢᠬᠤᠯᠠᠲᠠᠢ ᠭᠡᠵᠦ ᠦᠵᠡᠪᠡᠯ᠂ ᠲᠢᠩᠬᠢᠮ ᠤᠨ ᠰᠢᠭᠦᠯᠲᠡ ᠠᠴᠠ ᠡᠮᠦᠨ᠎ᠡ ᠲᠦᠷᠦᠭᠦᠦ ᠬᠥᠨᠳᠡᠯᠡᠨ ᠠᠴᠠ ᠲᠠᠰᠤᠯᠤᠭᠴᠢ᠂ | ᠲᠤᠰᠠᠭᠠᠷ ᠬᠥᠨᠳᠡᠯᠡᠨ ᠠᠴᠠ ᠲᠠᠰᠤᠯᠤᠭᠴᠢ ᠪᠤᠶᠤ ᠬᠥᠨᠳᠡᠯᠡᠨ ᠠᠴᠠ ᠲᠠᠰᠤᠯᠬᠤ ᠨᠠᠷᠢᠨ ᠪᠢᠴᠢᠭᠡᠴᠢ ᠳᠤ ᠨᠠᠶᠢᠳᠠᠵᠤ | ᠲᠤᠬᠠᠢ ᠶᠢᠨ ᠬᠥᠮᠥᠨ ᠢ ᠴᠤᠭᠯᠠᠭᠤᠯᠤᠨ ᠲᠢᠩᠬᠢᠮ ᠨᠡᠭᠡᠭᠡᠬᠦ ᠠᠴᠠ ᠡᠮᠦᠨ᠎ᠡ ᠲᠤᠯᠭᠠᠨ ᠭᠡᠷᠡᠴᠢᠯᠡᠭᠦᠯᠵᠦ ᠪᠣᠯᠣᠨ᠎ᠠ᠃ | ᠲᠢᠩᠬᠢᠮ ᠤᠨ ᠰᠢᠭᠦᠯᠲᠡ ᠠᠴᠠ ᠡᠮᠦᠨ᠎ᠡ ᠲᠤᠯᠭᠠᠨ ᠭᠡᠷᠡᠴᠢᠯᠡᠭᠰᠡᠨ ᠭᠡᠷᠡᠴᠢ ᠪᠠᠷᠢᠮᠲᠠ ᠶᠢ ᠬᠥᠨᠳᠡᠯᠡᠨ ᠠᠴᠠ ᠲᠠᠰᠤᠯᠬᠤ | ᠲᠢᠩᠬᠢᠮ ᠲᠢᠩᠬᠢᠮ ᠤᠨ ᠰᠢᠭᠦᠯᠲᠡ ᠶᠢᠨ ᠪᠠᠶᠢᠴᠠᠭᠠᠯᠲᠠ ᠳᠤ ᠲᠣᠳᠣᠷᠬᠠᠶᠢᠯᠠᠭᠰᠠᠨ ᠤ ᠲᠡᠷᠠᠭ᠎ᠠ᠂ ᠲᠡᠬᠢᠵᠦ ᠭᠠᠷᠭᠠᠨ | ᠦᠵᠡᠭᠦᠯᠬᠦ ᠦᠭᠡᠢ ᠪᠤᠶᠤ ᠲᠤᠯᠭᠠᠨ ᠭᠡᠷᠡᠴᠢᠯᠡᠭᠦᠯᠬᠦ ᠦᠭᠡᠢ ᠪᠠᠶᠢᠵᠤ ᠪᠣᠯᠣᠨ᠎ᠠ᠃ | ᠲᠤᠬᠠᠢ ᠶᠢᠨ ᠬᠥᠮᠥᠨ ᠤ ᠲᠤᠬᠠᠢ ᠶᠢᠨ ᠲᠢᠩᠬᠢᠮ ᠳᠤ ᠪᠤᠶᠤ ᠲᠢᠩᠬᠢᠮ ᠤᠨ ᠰᠢᠭᠦᠯᠲᠡ ᠳᠠᠭᠤᠰᠤᠭᠰᠠᠨ ᠤ | ᠲᠠᠷᠠᠭ᠎ᠠ ᠲᠤᠰᠢᠶᠠᠭᠰᠠᠨ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠬᠥᠨᠳᠡᠯᠡᠨ ᠠᠴᠠ ᠲᠠᠰᠤᠯᠬᠤ ᠲᠢᠩᠬᠢᠮ ᠭᠥᠯᠢᠶᠡᠨ | ᠠᠪᠬᠤ ᠪᠠᠷ ᠲᠣᠭᠲᠠᠭᠠᠭᠰᠠᠨ ᠪᠣᠯᠪᠠᠴᠤ ᠲᠠᠬᠢᠵᠤ ᠲᠢᠩᠬᠢᠮ ᠨᠡᠭᠡᠭᠡᠬᠦ ᠦᠭᠡᠢ ᠪᠠᠶᠢᠪᠠᠯ᠂ ᠲᠤᠬᠠᠢ ᠶᠢᠨ ᠬᠥᠮᠥᠨ ᠢ ᠵᠢᠭᠠᠨ | ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠲᠤᠯᠭᠠᠨ ᠭᠡᠷᠡᠴᠢᠯᠡᠭᠦᠯᠦᠭᠰᠡᠨ ᠰᠠᠨᠠᠯ ᠢᠶᠠᠨ ᠪᠢᠴᠢᠭ ᠢᠶᠠᠷ | ᠲᠤᠰᠢᠶᠠᠯᠭᠠᠬᠤ ᠪᠠᠷ ᠱᠠᠭᠠᠷᠳᠠᠵᠤ ᠪᠣᠯᠣᠨ᠎ᠠ᠃ | ᠪᠢᠴᠢᠭ ᠢᠶᠠᠷ ᠰᠢᠭᠦᠭᠰᠡᠨ ᠬᠡᠷᠡᠭ ᠢ ᠪᠢᠴᠢᠭ ᠢᠶᠠᠷ ᠲᠤᠯᠭᠠᠨ ᠭᠡᠷᠡᠴᠢᠯᠡᠭᠦᠯᠬᠦ ᠬᠡᠷᠡᠭᠲᠡᠢ᠂ ᠲᠤᠬᠠᠢ ᠶᠢᠨ ᠬᠥᠮᠥᠨ ᠨᠢ | ᠬᠥᠨᠳᠡᠯᠡᠨ ᠠᠴᠠ ᠲᠠᠰᠤᠯᠬᠤ ᠲᠢᠩᠬᠢᠮ ᠤᠨ ᠵᠢᠭᠠᠨ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠲᠤᠯᠭᠠᠨ | ᠭᠡᠷᠡᠴᠢᠯᠡᠭᠦᠯᠦᠭᠰᠡᠨ ᠪᠢᠴᠢᠭ ᠤᠨ ᠰᠠᠨᠠᠯ ᠢᠶᠠᠨ ᠲᠤᠰᠢᠶᠠᠬᠤ ᠬᠡᠷᠡᠭᠲᠡᠢ᠃ | ᠪᠢᠴᠢᠭ ᠤᠨ ᠬᠡᠯᠪᠡᠷᠢ ᠪᠠᠷ ᠲᠤᠯᠭᠠᠨ ᠭᠡᠷᠡᠴᠢᠯᠡᠭᠦᠯᠦᠭᠰᠡᠨ ᠪᠠᠶᠢᠪᠠᠯ᠂ ᠲᠤᠬᠠᠢ ᠶᠢᠨ ᠬᠥᠮᠥᠨ ᠨᠢ ᠭᠡᠷᠡᠴᠢ | ᠪᠠᠷᠢᠮᠲᠠ ᠶᠢᠨ ᠤᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠷᠭᠤᠭᠤᠯᠬᠤ ᠪᠠᠷ ᠱᠠᠭᠠᠷᠳᠠᠬᠤ ᠡᠷᠬᠡ ᠲᠠᠢ᠃ | ᠳᠥᠴᠢᠨ ᠲᠠᠪᠤᠳᠤᠭᠠᠷ ᠵᠦᠢᠯ ᠲᠤᠬᠠᠢ ᠶᠢᠨ ᠬᠥᠮᠥᠨ ᠨᠢ ᠭᠡᠷᠡᠴᠢᠯᠡᠭᠴᠢ ᠶᠢ ᠰᠢᠭᠦᠯᠲᠡ ᠳᠤ ᠣᠷᠣᠯᠴᠠᠭᠤᠯᠤᠨ | ᠭᠡᠷᠡᠴᠢᠯᠡᠭᠦᠯᠬᠦ ᠪᠠᠷ ᠭᠤᠶᠤᠴᠢᠯᠠᠬᠤ ᠳᠤ ᠬᠦᠷᠪᠡᠯ᠂ ᠪᠢᠴᠢᠭ ᠤᠨ ᠬᠡᠯᠪᠡᠷᠢ ᠪᠠᠷ ᠳᠤᠷᠠᠳᠬᠤ ᠬᠡᠷᠡᠭᠲᠡᠢ᠂ ᠬᠥᠨᠳᠡᠯᠡᠨ ᠠᠴᠠ | ᠲᠠᠰᠤᠯᠬᠤ ᠲᠢᠩᠬᠢᠮ ᠠᠴᠠ ᠡᠭᠦᠨ ᠤ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃ ᠪᠢᠴᠢᠭ ᠤᠨ ᠭᠤᠶᠤᠴᠢᠯᠠᠯ ᠳᠤ | ᠭᠡᠷᠡᠴᠢᠯᠡᠭᠴᠢ ᠶᠢᠨ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ᠂ ᠬᠠᠷᠢᠯᠴᠠᠬᠤ ᠠᠷᠭ᠎ᠠ ᠮᠠᠶ᠋ᠢᠭ᠂ ᠭᠡᠷᠡᠴᠢᠯᠡᠬᠦ ᠠᠭᠤᠯᠭ᠎ᠠ᠂ | ᠭᠡᠷᠡᠴᠢᠯᠡᠬᠦ ᠠᠭᠤᠯᠭ᠎ᠠ ᠬᠢᠭᠡᠳ ᠭᠡᠷᠡᠴᠢᠯᠡᠬᠦ ᠵᠦᠢᠯᠡᠰ ᠤᠨ ᠬᠤᠯᠪᠣᠭᠳᠠᠯᠲᠤ ᠴᠢᠨᠠᠷ ᠵᠢᠴᠢ ᠭᠡᠷᠡᠴᠢᠯᠡᠭᠴᠢ ᠶᠢᠨ | ᠰᠢᠭᠦᠯᠲᠡ ᠳᠤ ᠣᠷᠤᠯᠴᠠᠬᠤ ᠶᠢᠨ ᠴᠢᠬᠤᠯᠠ ᠴᠢᠨᠠᠷ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ ᠪᠥᠭᠡᠳ | ᠭᠡᠷᠡᠴᠢᠯᠡᠭᠴᠢ ᠶᠢᠨ ᠪᠡᠶ᠎ᠡ ᠶᠢᠨ ᠬᠢᠷᠢ ᠬᠡᠮ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠭᠡᠷᠡᠴᠢᠯᠡᠭᠴᠢ ᠶᠢᠨ ᠰᠢᠭᠦᠯᠲᠡ ᠳᠤ ᠣᠷᠣᠯᠴᠠᠨ ᠭᠡᠷᠡᠴᠢᠯᠡᠬᠦ ᠶᠢ | ᠵᠥᠪᠰᠢᠶᠡᠷᠡᠭᠰᠡᠨ ᠪᠠᠶᠢᠪᠠᠯ᠂ ᠲᠤᠬᠠᠢ ᠶᠢᠨ ᠬᠥᠮᠥᠨ ᠤ ᠬᠠᠩᠭᠠᠭᠰᠠᠨ ᠬᠠᠷᠢᠯᠴᠠᠬᠤ ᠠᠷᠭ᠎ᠠ ᠮᠠᠶ᠋ᠢᠭ ᠢ ᠦᠨᠳᠦᠰᠦᠯᠡᠨ | ᠭᠡᠷᠡᠴᠢᠯᠡᠭᠴᠢ ᠶᠢ ᠰᠢᠭᠦᠯᠲᠡ ᠳᠤ ᠣᠷᠣᠯᠴᠠᠭᠤᠯᠬᠤ ᠪᠠᠷ ᠮᠡᠳᠡᠭᠳᠡᠵᠦ ᠪᠣᠯᠣᠨ᠎ᠠ᠃ | ᠭᠡᠷᠡᠴᠢᠯᠡᠭᠴᠢ ᠰᠢᠭᠦᠯᠲᠡ ᠳᠤ ᠣᠷᠣᠯᠴᠠᠨ ᠭᠡᠷᠡᠴᠢᠯᠡᠬᠦ ᠦᠶ᠎ᠡ ᠳᠤ᠂ ᠬᠥᠨᠳᠡᠯᠡᠨ ᠠᠴᠠ ᠲᠠᠰᠤᠯᠬᠤ ᠲᠢᠩᠬᠢᠮ᠂ | ᠲᠤᠬᠠᠢ ᠶᠢᠨ ᠬᠥᠮᠥᠨ ᠨᠢ ᠭᠡᠷᠡᠴᠢᠯᠡᠬᠦ ᠠᠭᠤᠯᠭ᠎ᠠ ᠶᠢᠨ ᠲᠤᠬᠠᠢ ᠭᠡᠷᠡᠴᠢᠯᠡᠭᠴᠢ ᠠᠴᠠ ᠠᠰᠠᠭᠤᠯᠲᠠ ᠠᠰᠠᠭᠤᠵᠤ | ᠪᠣᠯᠣᠨ᠎ᠠ᠂ ᠭᠡᠷᠡᠴᠢᠯᠡᠭᠴᠢ ᠦᠨᠡᠨ ᠮᠥᠨ ᠢᠶᠠᠷ ᠨᠢ ᠬᠠᠷᠢᠭᠤᠯᠲᠠ ᠥᠭᠬᠦ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠲᠤᠬᠠᠢ ᠶᠢᠨ ᠬᠥᠮᠥᠨ ᠨᠢ ᠪᠣᠳᠠᠲᠤ ᠶᠠᠪᠤᠳᠠᠯ ᠢ ᠪᠠᠶᠢᠴᠠᠭᠠᠨ ᠲᠣᠳᠣᠯᠠᠬᠤ | ᠲᠤᠰᠬᠠᠢ ᠴᠢᠨᠠᠷᠲᠠᠢ ᠠᠰᠠᠭᠤᠳᠠᠯ ᠤᠨ ᠲᠤᠬᠠᠢ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠵᠤ ᠪᠣᠯᠣᠨ᠎ᠠ᠃ | ᠲᠤᠬᠠᠢ ᠶᠢᠨ ᠬᠥᠮᠥᠨ ᠨᠢ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠪᠠᠯ᠂ ᠪᠢᠴᠢᠭ ᠤᠨ ᠭᠤᠶᠤᠴᠢᠯᠠᠯ ᠵᠢᠴᠢ | ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠰᠢᠯᠭᠠᠨ ᠲᠣᠭᠲᠠᠭᠠᠯᠭᠠᠬᠤ ᠪᠠᠷ | ᠭᠤᠶᠤᠴᠢᠯᠠᠭᠰᠠᠨ ᠵᠦᠢᠯ ᠨᠢ ᠭᠡᠷᠡᠴᠢᠯᠡᠬᠦ ᠪᠠᠷ ᠪᠠᠶᠢᠭ᠎ᠠ ᠪᠣᠳᠠᠲᠤ ᠶᠠᠪᠤᠳᠠᠯ ᠲᠠᠢ ᠬᠤᠯᠪᠣᠭ᠎ᠠ ᠦᠭᠡᠢ ᠪᠤᠶᠤ | ᠭᠡᠷᠡᠴᠢᠯᠡᠬᠦ ᠪᠠᠷ ᠪᠠᠶᠢᠭ᠎ᠠ ᠪᠣᠳᠠᠲᠤ ᠶᠠᠪᠤᠳᠠᠯ ᠢ ᠭᠡᠷᠡᠴᠢᠯᠡᠬᠦ ᠳᠤ ᠤᠳᠬ᠎ᠠ ᠠᠭᠤᠯᠭ᠎ᠠ ᠦᠭᠡᠢ ᠪᠠᠶᠢᠪᠠᠯ᠂ | ᠬᠥᠨᠳᠡᠯᠡᠨ ᠠᠴᠠ ᠲᠠᠰᠤᠯᠬᠤ ᠲᠢᠩᠬᠢᠮ ᠵᠥᠪᠰᠢᠶᠡᠷᠡᠬᠦ ᠦᠭᠡᠢ ᠪᠠᠶᠢᠵᠤ ᠪᠣᠯᠣᠨ᠎ᠠ᠃ ᠲᠤᠬᠠᠢ ᠶᠢᠨ ᠬᠥᠮᠥᠨ ᠨᠢ | ᠭᠤᠶᠤᠴᠢᠯᠠᠯ ᠭᠠᠷᠭᠠᠭᠰᠠᠨ ᠦᠭᠡᠢ ᠪᠣᠯᠪᠠᠴᠤ ᠬᠥᠨᠳᠡᠯᠡᠨ ᠠᠴᠠ ᠲᠠᠰᠤᠯᠬᠤ ᠲᠢᠩᠬᠢᠮ ᠰᠢᠯᠭᠠᠨ ᠲᠣᠭᠲᠠᠭᠠᠬᠤ | ᠴᠢᠬᠤᠯᠠᠲᠠᠢ ᠭᠡᠵᠦ ᠦᠵᠡᠪᠡᠯ᠂ ᠰᠢᠯᠭᠠᠨ ᠲᠣᠭᠲᠠᠭᠠᠯᠲᠠ ᠬᠢᠬᠦ ᠪᠠᠷ ᠲᠣᠭᠲᠠᠭᠠᠵᠤ ᠪᠣᠯᠣᠨ᠎ᠠ᠃ | ᠲᠤᠬᠠᠢ ᠶᠢᠨ ᠬᠥᠮᠥᠨ ᠨᠢ ᠰᠢᠯᠭᠠᠨ ᠲᠣᠭᠲᠠᠭᠠᠯᠲᠠ ᠬᠢᠯᠭᠡᠬᠦ ᠪᠠᠷ ᠭᠤᠶᠤᠴᠢᠯᠠᠪᠠᠯ᠂ ᠬᠥᠨᠳᠡᠯᠡᠨ ᠠᠴᠠ ᠲᠠᠰᠤᠯᠬᠤ | ᠲᠢᠩᠬᠢᠮ ᠨᠢ ᠵᠦᠢ ᠵᠣᠬᠢᠰᠲᠠᠢ ᠬᠤᠭᠤᠴᠠᠭᠠᠨ ᠤ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠢ᠃ ᠬᠥᠨᠳᠡᠯᠡᠨ ᠠᠴᠠ | ᠲᠠᠰᠤᠯᠬᠤ ᠲᠢᠩᠬᠢᠮ ᠰᠢᠯᠭᠠᠨ ᠲᠣᠭᠲᠠᠭᠠᠯᠲᠠ ᠬᠢᠬᠦ ᠪᠠᠷ ᠲᠣᠭᠲᠠᠭᠠᠭᠰᠠᠨ ᠪᠠᠶᠢᠪᠠᠯ᠂ ᠲᠤᠬᠠᠢ ᠶᠢᠨ ᠬᠥᠮᠥᠨ ᠳᠤ | ᠮᠡᠳᠡᠭᠳᠡᠵᠦ ᠲᠣᠭᠲᠠᠭᠰᠠᠨ ᠬᠤᠭᠤᠴᠠᠭᠠᠨ ᠤ ᠳᠣᠲᠣᠷ᠎ᠠ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ | ᠲᠣᠭᠲᠠᠭᠠᠯᠭᠠᠬᠤ ᠶᠢᠨ ᠬᠠᠮᠲᠤ ᠰᠢᠯᠭᠠᠨ ᠲᠣᠭᠲᠠᠭᠠᠬᠤ ᠵᠦᠢᠯᠡᠰ ᠢ ᠮᠡᠳᠡᠭᠳᠡᠬᠦ ᠬᠡᠷᠡᠭᠲᠡᠢ᠃ ᠲᠤᠬᠠᠢ ᠶᠢᠨ ᠬᠥᠮᠥᠨ ᠨᠢ | ᠰᠢᠯᠭᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠨ ᠲᠣᠭᠲᠠᠭᠠᠬᠤ ᠶᠢᠨ ᠬᠠᠮᠲᠤ ᠰᠢᠯᠭᠠᠨ ᠲᠣᠭᠲᠠᠭᠠᠬᠤ ᠴᠢᠬᠤᠯᠠᠲᠠᠢ | ᠵᠦᠢᠯ ᠢ ᠲᠣᠭᠲᠠᠭᠠᠭᠰᠠᠨ ᠤ ᠳᠠᠷᠠᠭ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠠᠴᠠ ᠰᠢᠯᠭᠠᠨ ᠲᠣᠭᠲᠠᠭᠠᠬᠤ | ᠪᠠᠶᠢᠭᠤᠯᠤᠮᠵᠢ ᠳᠤ ᠨᠢᠭᠡᠳᠦᠯᠲᠡᠢ ᠨᠠᠶᠢᠳᠠᠨ᠎ᠠ᠃ | ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠲᠣᠭᠲᠠᠭᠠᠭᠰᠠᠨ ᠬᠤᠭᠤᠴᠠᠭᠠᠨ | ᠳᠣᠲᠣᠷ᠎ᠠ ᠵᠣᠬᠢᠴᠠᠩᠭᠤᠢ ᠬᠢᠷᠢ ᠬᠡᠮ ᠪᠦᠬᠦᠢ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠬᠠᠮᠲᠤ ᠪᠠᠷ ᠰᠣᠩᠭᠤᠨ | ᠲᠣᠭᠲᠠᠭᠠᠬᠤ ᠪᠤᠶᠤ ᠰᠢᠯᠭᠠᠨ ᠲᠣᠭᠲᠠᠭᠠᠬᠤ ᠪᠠᠶᠢᠭᠤᠯᠤᠮᠵᠢ ᠶᠢ ᠰᠣᠩᠭᠤᠬᠤ ᠳᠦᠷᠢᠮ ᠢ ᠬᠠᠮᠲᠤ ᠪᠠᠷ ᠲᠣᠭᠲᠠᠭᠠᠬᠤ | ᠬᠡᠷᠡᠭᠲᠡᠢ᠃ ᠲᠤᠬᠠᠢ ᠶᠢᠨ ᠬᠥᠮᠥᠨ ᠨᠢ ᠰᠠᠨᠠᠯ ᠨᠢᠭᠡᠳᠦᠭᠰᠡᠨ ᠦᠭᠡᠢ ᠪᠠᠶᠢᠪᠠᠯ᠂ ᠬᠥᠨᠳᠡᠯᠡᠨ ᠠᠴᠠ ᠲᠠᠰᠤᠯᠬᠤ | ᠲᠢᠩᠬᠢᠮ ᠠᠴᠠ ᠵᠢᠭᠠᠨ ᠲᠣᠭᠲᠠᠭᠠᠨ᠎ᠠ᠃ | ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠲᠣᠭᠲᠠᠭᠠᠭᠰᠠᠨ ᠬᠠᠷᠢᠴᠠᠯ ᠪᠠ | ᠬᠤᠭᠤᠴᠠᠭ᠎ᠠ ᠶᠣᠰᠣᠭᠠᠷ ᠰᠢᠯᠭᠠᠨ ᠲᠣᠭᠲᠠᠭᠠᠬᠤ ᠵᠠᠷᠤᠳᠠᠯ ᠢ ᠤᠷᠢᠳᠴᠢᠯᠠᠨ ᠲᠤᠰᠢᠶᠠᠬᠤ ᠬᠡᠷᠡᠭᠲᠡᠢ᠃ ᠬᠥᠨᠳᠡᠯᠡᠨ ᠠᠴᠠ | ᠲᠠᠰᠤᠯᠬᠤ ᠲᠢᠩᠬᠢᠮ ᠴᠢᠬᠤᠯᠠᠲᠠᠢ ᠭᠡᠵᠦ ᠦᠵᠡᠭᠡᠳ ᠰᠢᠯᠭᠠᠨ ᠲᠣᠭᠲᠠᠭᠠᠯᠲᠠ ᠬᠢᠬᠦ ᠪᠠᠷ ᠲᠣᠭᠲᠠᠭᠠᠭᠰᠠᠨ ᠢ ᠭᠠᠷᠭᠠᠪᠠᠯ᠂ | ᠲᠤᠬᠠᠢ ᠶᠢᠨ ᠬᠥᠮᠥᠨ ᠨᠢ ᠵᠢᠭᠠᠨ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠰᠢᠯᠭᠠᠨ ᠲᠣᠭᠲᠠᠭᠠᠯᠲᠠ ᠶᠢᠨ | ᠵᠠᠷᠤᠳᠠᠯ ᠢ ᠤᠷᠢᠳᠴᠢᠯᠠᠨ ᠲᠤᠰᠢᠶᠠᠭᠰᠠᠨ ᠦᠭᠡᠢ ᠪᠠᠶᠢᠪᠠᠯ᠂ ᠰᠢᠯᠭᠠᠨ ᠲᠣᠭᠲᠠᠭᠠᠯᠲᠠ ᠬᠢᠬᠦ ᠦᠭᠡᠢ᠃ ᠰᠢᠯᠭᠠᠨ | ᠲᠣᠭᠲᠠᠭᠠᠬᠤ ᠵᠠᠷᠤᠳᠠᠯ ᠤᠨ ᠬᠠᠮᠤᠭ ᠡᠴᠦᠰ ᠤᠨ ᠡᠭᠦᠷᠭᠡᠯᠡᠬᠦ ᠪᠡᠶᠡᠴᠢ ᠴᠣᠭᠴᠠ ᠪᠠ ᠬᠠᠷᠢᠴᠠᠯ ᠢ ᠬᠥᠨᠳᠡᠯᠡᠨ ᠠᠴᠠ | ᠲᠠᠰᠤᠯᠬᠤ ᠲᠢᠩᠬᠢᠮ ᠠᠴᠠ ᠲᠣᠭᠲᠠᠭᠠᠯᠲᠠ ᠭᠠᠷᠭᠠᠬᠤ ᠳᠠᠭᠠᠨ ᠲᠣᠭᠲᠠᠭᠠᠨ᠎ᠠ᠃ | ᠳᠥᠴᠢᠨ ᠳᠣᠯᠣᠳᠤᠭᠠᠷ ᠵᠦᠢᠯ ᠲᠤᠬᠠᠢ ᠶᠢᠨ ᠬᠥᠮᠥᠨ ᠨᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ | ᠠᠵᠢᠯᠲᠠᠨ ᠤ ᠲᠤᠰᠬᠠᠢ ᠮᠡᠷᠭᠡᠵᠢᠯ ᠤᠨ ᠰᠠᠨᠠᠯ ᠢ ᠰᠣᠨᠣᠰᠬᠤ ᠪᠠᠷ ᠭᠤᠶᠤᠴᠢᠯᠠᠭᠰᠠᠨ ᠪᠠᠶᠢᠪᠠᠯ᠂ ᠳᠡᠪᠰᠢᠭᠦᠯᠦᠭᠰᠡᠨ | ᠪᠢᠴᠢᠭ ᠤᠨ ᠭᠤᠶᠤᠴᠢᠯᠠᠯ ᠳᠠᠭᠠᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠤ ᠮᠡᠳᠡᠭᠡ ᠵᠠᠩᠭᠢ᠂ | ᠬᠠᠷᠢᠯᠴᠠᠬᠤ ᠠᠷᠭ᠎ᠠ ᠮᠠᠶ᠋ᠢᠭ ᠵᠢᠴᠢ ᠭᠡᠷᠡᠴᠢᠯᠡᠬᠦ ᠪᠠᠷ ᠪᠠᠶᠢᠭ᠎ᠠ ᠲᠤᠰᠬᠠᠢ ᠮᠡᠷᠭᠡᠵᠢᠯ ᠤᠨ ᠴᠢᠨᠠᠷᠲᠠᠢ ᠠᠰᠠᠭᠤᠳᠠᠯ ᠵᠡᠷᠭᠡ | ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠤ ᠪᠡᠶ᠎ᠡ ᠶᠢ | ᠭᠡᠷᠡᠴᠢᠯᠡᠬᠦ ᠪᠢᠴᠢᠭ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠦᠬᠦᠢ | ᠭᠡᠷᠡᠴᠢᠯᠡᠬᠦ ᠪᠢᠴᠢᠭ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ ᠲᠤᠬᠠᠢ ᠶᠢᠨ ᠬᠥᠮᠥᠨ ᠤ ᠭᠤᠶᠤᠴᠢᠯᠠᠯ ᠢ ᠭᠥᠯᠢᠶᠡᠨ | ᠠᠪᠬᠤ ᠡᠰᠡᠬᠦ ᠶᠢ ᠬᠥᠨᠳᠡᠯᠡᠨ ᠠᠴᠠ ᠲᠠᠰᠤᠯᠬᠤ ᠲᠢᠩᠬᠢᠮ ᠲᠣᠭᠲᠠᠭᠠᠨ᠎ᠠ᠃ | ᠬᠥᠨᠳᠡᠯᠡᠨ ᠠᠴᠠ ᠲᠠᠰᠤᠯᠬᠤ ᠲᠢᠩᠬᠢᠮ ᠲᠤᠰᠬᠠᠢ ᠮᠡᠷᠭᠡᠵᠢᠯ ᠤᠨ ᠰᠠᠨᠠᠯ ᠢ ᠰᠣᠨᠣᠰᠬᠤ ᠳᠠᠭᠠᠨ ᠲᠢᠩᠬᠢᠮ ᠤᠨ | ᠰᠢᠭᠦᠯᠲᠡ ᠶᠢᠨ ᠪᠠᠶᠢᠴᠠᠭᠠᠯᠲᠠ ᠶᠢᠨ ᠠᠵᠢᠯ ᠤᠨ ᠲᠠᠷᠠᠭᠠᠯᠠᠯ ᠳᠤᠮᠳᠠ ᠶᠠᠪᠤᠭᠳᠠᠭᠤᠯᠵᠤ᠂ ᠲᠤᠬᠠᠢ ᠶᠢᠨ ᠬᠥᠮᠥᠨ ᠢ | ᠵᠣᠬᠢᠶᠠᠨ ᠪᠠᠶᠢᠭᠤᠯᠵᠤ ᠰᠢᠭᠦᠯᠲᠡ ᠳᠤ ᠣᠷᠣᠯᠴᠠᠭᠰᠠᠨ ᠲᠤᠰᠬᠠᠢ ᠮᠡᠷᠭᠡᠵᠢᠯ ᠤᠨ ᠠᠵᠢᠯᠲᠠᠨ ᠠᠴᠠ ᠯᠠᠪᠯᠠᠨ ᠠᠰᠠᠭᠤᠬᠤ | ᠬᠡᠷᠡᠭᠲᠡᠢ︔ ᠲᠤᠬᠠᠢ ᠶᠢᠨ ᠬᠥᠮᠥᠨ ᠤ ᠲᠤᠰ ᠲᠤᠰ ᠤᠨ ᠭᠤᠶᠤᠴᠢᠯᠠᠭᠰᠠᠨ ᠲᠤᠰᠬᠠᠢ ᠮᠡᠷᠭᠡᠵᠢᠯ ᠤᠨ ᠠᠵᠢᠯᠲᠠᠨ | ᠰᠢᠯᠭᠠᠨ ᠲᠣᠭᠲᠠᠭᠠᠭᠰᠠᠨ ᠰᠠᠨᠠᠯ ᠪᠤᠶᠤ ᠲᠤᠰᠬᠠᠢ ᠮᠡᠷᠭᠡᠵᠢᠯ ᠤᠨ ᠴᠢᠨᠠᠷᠲᠠᠢ ᠠᠰᠠᠭᠤᠳᠠᠯ ᠤᠨ ᠲᠤᠬᠠᠢ ᠨᠢᠭᠤᠷ | ᠲᠤᠯᠭᠠᠵᠤ ᠪᠣᠯᠣᠨ᠎ᠠ᠃ ᠲᠤᠬᠠᠢ ᠶᠢᠨ ᠬᠥᠮᠥᠨ ᠢᠶᠠᠷ ᠰᠠᠨᠠᠯ ᠨᠢᠭᠡᠲᠡᠢ ᠵᠥᠪᠰᠢᠶᠡᠷᠡᠭᠦᠯᠦᠭᠡᠳ ᠪᠢᠴᠢᠭ ᠢᠶᠠᠷ ᠲᠤᠯᠭᠠᠨ | ᠭᠡᠷᠡᠴᠢᠯᠡᠭᠦᠯᠦᠭᠰᠡᠨ ᠴᠦ ᠪᠣᠯᠣᠨ᠎ᠠ᠃ | ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠰᠢᠯᠭᠠᠨ ᠲᠣᠭᠲᠠᠭᠠᠭᠰᠠᠨ ᠰᠠᠨᠠᠯ ᠪᠤᠶᠤ ᠲᠤᠰᠬᠠᠢ | ᠮᠡᠷᠭᠡᠵᠢᠯ ᠤᠨ ᠴᠢᠨᠠᠷᠲᠠᠢ ᠠᠰᠠᠭᠤᠳᠠᠯ ᠠᠴᠠ ᠭᠠᠳᠠᠨᠠᠬᠢ ᠰᠢᠭᠦᠬᠦ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ | ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠤ ᠰᠢᠭᠦᠯᠲᠡ ᠳᠤ ᠣᠷᠤᠯᠴᠠᠬᠤ ᠵᠠᠷᠤᠳᠠᠯ ᠢ | ᠭᠤᠶᠤᠴᠢᠯᠠᠯ ᠭᠠᠷᠭᠠᠭᠰᠠᠨ ᠲᠤᠬᠠᠢ ᠶᠢᠨ ᠬᠥᠮᠥᠨ ᠥᠪᠡᠰᠦᠪᠡᠨ ᠡᠭᠦᠷᠭᠡᠯᠡᠨ᠎ᠡ᠃ | ᠳᠥᠴᠢᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠥᠨᠳᠡᠯᠡᠨ ᠠᠴᠠ | ᠲᠠᠰᠤᠯᠬᠤ ᠠᠵᠢᠯ ᠤᠨ ᠲᠠᠷᠠᠭᠠᠯᠠᠯ ᠢ ᠲᠤᠷᠭᠤᠨ ᠵᠣᠭᠰᠣᠭᠠᠵᠤ ᠪᠣᠯᠣᠨ᠎ᠠ᠄ | ︵ᠨᠢᠭᠡ︶ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠬᠠᠮᠲᠤ ᠪᠠᠷ ᠭᠤᠶᠤᠴᠢᠯᠠᠭᠰᠠᠨ ᠪᠤᠶᠤ ᠨᠢᠭᠡ | ᠲᠠᠯ᠎ᠠ ᠶᠢᠨ ᠲᠤᠬᠠᠢ ᠶᠢᠨ ᠬᠥᠮᠥᠨ ᠨᠢ ᠭᠤᠶᠤᠴᠢᠯᠠᠭᠰᠠᠨ ᠪᠠᠶᠢᠲᠠᠯ᠎ᠠ ᠪᠤᠰᠤᠳ ᠲᠤᠬᠠᠢ ᠶᠢᠨ ᠬᠥᠮᠥᠨ ᠨᠢ ᠡᠰᠡ | ᠡᠰᠡᠷᠭᠦᠴᠡᠭᠰᠡᠨ︔ | ︵ᠬᠤᠶᠠᠷ︶ ᠲᠤᠬᠠᠢ ᠶᠢᠨ ᠬᠥᠮᠥᠨ ᠨᠢ ᠡᠰᠡᠷᠭᠦᠴᠡᠰᠢ ᠦᠭᠡᠢ ᠬᠦᠴᠦᠨ ᠠᠴᠠ ᠪᠣᠯᠵᠤ ᠬᠥᠨᠳᠡᠯᠡᠨ ᠠᠴᠠ | ᠲᠠᠰᠤᠯᠬᠤ ᠳᠤ ᠣᠷᠣᠯᠴᠠᠵᠤ ᠴᠢᠳᠠᠬᠤ ᠦᠭᠡᠢ ᠪᠣᠯᠤᠭᠰᠠᠨ︔ | ︵ᠭᠤᠷᠪᠠ︶ ᠲᠤᠰ ᠬᠡᠷᠡᠭ ᠢ ᠰᠢᠭᠦᠬᠦ ᠳᠤ ᠲᠠᠰᠤᠯᠤᠭᠠᠳᠤᠢ ᠪᠤᠰᠤᠳ ᠵᠦᠢᠯᠡᠰ ᠢᠶᠠᠷ ᠦᠨᠳᠦᠰᠦ ᠪᠠᠷᠢᠮᠲᠠ | ᠪᠣᠯᠭᠠᠬᠤ ᠴᠢᠬᠤᠯᠠᠲᠠᠢ ᠪᠠᠶᠢᠬᠤ︔ | ︵ᠲᠦᠷᠪᠡ︶ ᠪᠤᠰᠤᠳ ᠣᠨᠴᠠᠭᠠᠶ ᠪᠠᠶᠢᠳᠠᠯ ᠲᠠᠢ ᠪᠠᠶᠢᠵᠤ ᠬᠥᠨᠳᠡᠯᠡᠨ ᠠᠴᠠ ᠲᠠᠰᠤᠯᠬᠤ ᠵᠢᠷᠤᠮ ᠢ ᠲᠤᠷᠭᠤᠠ | ᠵᠣᠭᠰᠤᠭᠠᠬᠤ ᠴᠢᠬᠤᠯᠠᠲᠠᠢ ᠪᠠᠶᠢᠬᠤ᠃ | ᠳᠥᠴᠢ ᠶᠢᠰᠦᠳᠦᠭᠡᠷ ᠵᠦᠢᠯ ᠳᠤᠷᠭᠤᠨ ᠵᠣᠭᠰᠤᠭᠠᠬᠤ ᠪᠠᠶᠢᠳᠠᠯ ᠠᠷᠢᠯᠤᠭᠰᠠᠨ ᠤ ᠳᠠᠷᠠᠭ᠎ᠠ᠂ ᠠᠯᠢ ᠨᠢᠭᠡ | ᠲᠠᠯ᠎ᠠ ᠶᠢᠨ ᠲᠤᠬᠠᠢ ᠶᠢᠨ ᠬᠥᠮᠥᠨ ᠨᠢ ᠴᠦ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠢ ᠰᠡᠷᠭᠦᠭᠡᠬᠦ ᠪᠠᠷ | ᠭᠤᠶᠤᠴᠢᠯᠠᠬᠤ ᠪᠤᠶᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ᠂ ᠬᠥᠨᠳᠡᠯᠡᠨ ᠠᠴᠠ ᠲᠠᠰᠤᠯᠬᠤ | ᠲᠢᠩᠬᠢᠮ ᠨᠢ ᠰᠡᠷᠭᠦᠭᠡᠬᠦ ᠴᠢᠬᠤᠯᠠᠲᠠᠢ ᠭᠡᠵᠦ ᠦᠵᠡᠪᠡᠯ᠂ ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠢ | ᠰᠡᠷᠭᠦᠭᠡᠵᠦ ᠪᠣᠯᠣᠨ᠎ᠠ᠃ | ᠬᠥᠨᠳᠡᠯᠡᠨ ᠠᠴᠠ ᠲᠠᠰᠤᠯᠬᠤ ᠠᠵᠢᠯ ᠤᠨ ᠲᠠᠷᠠᠭᠠᠯᠠᠯ ᠢ ᠵᠣᠭᠰᠤᠭᠠᠬᠤ ᠪᠠ ᠰᠡᠷᠭᠦᠭᠡᠬᠦ ᠶᠢ ᠬᠥᠨᠳᠡᠯᠡᠨ ᠠᠴᠠ | ᠲᠠᠰᠤᠯᠬᠤ ᠲᠢᠩᠬᠢᠮ ᠲᠣᠭᠲᠠᠭᠠᠨ᠎ᠠ︔ ᠬᠥᠨᠳᠡᠯᠡᠨ ᠠᠴᠠ ᠲᠠᠰᠤᠯᠬᠤ ᠲᠢᠩᠬᠢᠮ ᠬᠠᠷᠠᠬᠠᠨ ᠪᠦᠷᠢᠯᠳᠦᠭᠡᠳᠦᠢ ᠪᠠᠶᠢᠪᠠᠯ᠂ | ᠡᠷᠬᠢᠯᠡᠭᠴᠢ ᠠᠴᠠ ᠲᠣᠭᠲᠠᠭᠠᠨ᠎ᠠ᠃ | ᠲᠠᠪᠢᠳᠤᠭᠠᠷ ᠵᠦᠢᠯ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠤᠯᠬᠤ ᠪᠦᠬᠦ ᠭᠤᠶᠤᠴᠢᠯᠠᠯ ᠪᠤᠶᠤ | ᠬᠥᠨᠳᠡᠯᠡᠨ ᠠᠴᠠ ᠲᠠᠰᠤᠯᠤᠭᠤᠯᠬᠤ ᠪᠦᠬᠦ ᠬᠡᠳᠡᠷᠬᠦ ᠭᠤᠶᠤᠴᠢᠯᠠᠯ ᠢᠶᠠᠨ ᠪᠤᠴᠠᠭᠠᠨ ᠠᠪᠴᠤ ᠪᠣᠯᠣᠨ᠎ᠠ᠃ | ᠭᠤᠶᠤᠴᠢᠯᠠᠭᠴᠢ ᠬᠥᠨᠳᠡᠯᠡᠨ ᠠᠴᠠ ᠲᠠᠰᠤᠯᠤᠭᠤᠯᠬᠤ ᠪᠦᠬᠦ ᠭᠤᠶᠤᠴᠢᠯᠠᠯ ᠢᠶᠠᠨ ᠪᠤᠴᠠᠭᠠᠭᠰᠠᠨ ᠴᠤ ᠬᠥᠨᠳᠡᠯᠡᠨ ᠠᠴᠠ | ᠲᠠᠰᠤᠯᠬᠤ ᠲᠢᠩᠬᠢᠮ ᠤᠨ ᠭᠤᠶᠤᠴᠢᠯᠠᠭᠳᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠡᠲᠡᠷᠭᠦ ᠭᠤᠶᠤᠴᠢᠯᠠᠯ ᠢ | ᠰᠢᠭᠦᠬᠦ ᠪᠠ ᠲᠠᠰᠤᠯᠤᠨ ᠲᠣᠭᠲᠠᠭᠠᠬᠤ ᠶᠢ ᠨᠥᠯᠥᠭᠡᠯᠡᠬᠦ ᠦᠭᠡᠢ᠃ ᠭᠤᠶᠤᠴᠢᠯᠠᠭᠳᠠᠭᠴᠢ ᠨᠢ ᠬᠥᠨᠳᠡᠯᠡᠨ ᠠᠴᠠ | ᠲᠠᠰᠤᠯᠤᠭᠤᠯᠬᠤ ᠪᠦᠬᠦ ᠬᠡᠳᠡᠷᠬᠦ ᠭᠤᠶᠤᠴᠢᠯᠠᠯ ᠢᠶᠠᠨ ᠪᠤᠴᠠᠭᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ | ᠲᠢᠩᠬᠢᠮ ᠤᠨ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠰᠢᠭᠦᠬᠦ ᠪᠠ ᠲᠠᠰᠤᠯᠤᠨ | ᠲᠣᠭᠲᠠᠭᠠᠬᠤ ᠶᠢ ᠨᠥᠯᠥᠭᠡᠯᠡᠬᠦ ᠦᠭᠡᠢ᠃ | ᠲᠤᠬᠠᠢ ᠶᠢᠨ ᠬᠥᠮᠥᠨ ᠤ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ ᠬᠥᠨᠳᠡᠯᠡᠨ ᠠᠴᠠ ᠲᠠᠰᠤᠯᠬᠤ ᠠᠵᠢᠯ ᠤᠨ | ᠲᠠᠷᠠᠭᠠᠯᠠᠯ ᠢ ᠶᠠᠪᠤᠭᠳᠠᠭᠤᠯᠵᠤ ᠴᠢᠳᠠᠬᠤ ᠦᠭᠡᠢ ᠪᠣᠯᠭᠠᠭᠰᠠᠨ ᠪᠠᠶᠢᠪᠠᠯ᠂ ᠲᠡᠭᠦᠨ ᠤ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠢᠶᠠᠨ ᠪᠤᠴᠠᠭᠠᠭᠰᠠᠨ ᠪᠤᠶᠤ ᠬᠡᠳᠡᠷᠬᠦ ᠭᠤᠶᠤᠴᠢᠯᠠᠯ ᠢᠶᠠᠨ ᠪᠤᠴᠠᠭᠠᠭᠰᠠᠨ ᠢᠶᠠᠷ ᠦᠵᠡᠵᠦ ᠪᠤᠯᠤᠨ᠎ᠡ᠃ | ᠲᠤᠬᠠᠢ ᠶᠢᠨ ᠬᠥᠮᠥᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢᠶᠠᠨ ᠪᠤᠴᠠᠭᠠᠭᠰᠠᠨ ᠪᠠᠶᠢᠪᠠᠯ᠂ | ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠬᠦ ᠠᠴᠠ ᠡᠮᠦᠨ᠎ᠡ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠠᠴᠠ ᠲᠣᠭᠲᠠᠭᠠᠵᠤ᠂ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ ᠳᠠᠷᠠᠭ᠎ᠠ | ᠬᠥᠨᠳᠡᠯᠡᠨ ᠠᠴᠠ ᠲᠠᠰᠤᠯᠬᠤ ᠲᠢᠩᠬᠢᠮ ᠲᠣᠭᠲᠠᠭᠠᠨ᠎ᠠ᠃ | ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠪᠠ ᠭᠡᠳᠡᠷᠬᠦ ᠭᠤᠶᠤᠴᠢᠯᠠᠯ ᠢᠶᠠᠨ ᠪᠦᠬᠦᠠ ᠢ ᠪᠤᠴᠠᠭᠠᠭᠰᠠᠨ | ᠪᠠᠶᠢᠪᠠᠯ᠂ ᠬᠡᠷᠡᠭ ᠢ ᠬᠦᠴᠦᠨ ᠦᠭᠡᠢ ᠪᠣᠯᠭᠠᠵᠤ ᠪᠣᠯᠣᠨ᠎ᠠ᠃ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠬᠦ ᠠᠴᠠ | ᠡᠮᠦᠨ᠎ᠡ ᠬᠡᠷᠡᠭ ᠢ ᠬᠦᠴᠦᠨ ᠦᠭᠡᠢ ᠪᠣᠯᠭᠠᠭᠰᠠᠨ ᠪᠠᠶᠢᠪᠠᠯ᠂ ᠡᠷᠬᠢᠯᠡᠭᠴᠢ ᠠᠴᠠ ᠬᠡᠷᠡᠭ ᠢ ᠬᠦᠴᠦᠨ ᠦᠭᠡᠢ ᠪᠣᠯᠭᠠᠬᠤ | ᠲᠣᠭᠲᠠᠭᠠᠯ ᠭᠠᠷᠭᠠᠨ᠎ᠠ︔ ᠬᠥᠨᠳᠡᠯᠡᠨ ᠠᠴᠠ ᠲᠠᠰᠤᠯᠬᠤ ᠲᠢᠩᠬᠢᠮ ᠪᠦᠷᠢᠯᠳᠦᠭᠰᠡᠨ ᠤ ᠲᠡᠷᠠᠭ᠎ᠠ ᠬᠡᠷᠡᠭ ᠢ ᠬᠦᠴᠦᠨ | ᠦᠭᠡᠢ ᠪᠣᠯᠭᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠠᠴᠠ ᠬᠡᠷᠡᠭ ᠢ ᠬᠦᠴᠦᠨ ᠦᠭᠡᠢ ᠪᠣᠯᠭᠠᠬᠤ | ᠲᠣᠭᠲᠠᠭᠠᠯ ᠭᠠᠷᠭᠠᠨ᠎ᠠ᠃ ᠭᠠᠷᠭᠠᠭᠰᠠᠨ ᠬᠡᠷᠡᠭ ᠢ ᠬᠦᠴᠦᠨ ᠦᠭᠡᠢ ᠪᠣᠯᠭᠠᠬᠤ ᠲᠣᠭᠲᠠᠭᠠᠯ ᠳᠤ ᠴᠥᠮ ᠪᠡᠶ᠎ᠡ ᠶᠢᠨ | ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠲᠠᠮᠠᠭ᠎ᠠ ᠶᠢ ᠳᠠᠷᠤᠬᠤ ᠬᠡᠷᠡᠭᠲᠡᠢ᠃ | ᠲᠡᠪᠢᠠ ᠨᠢᠭᠡᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠬᠥᠨᠳᠡᠯᠡᠨ ᠠᠴᠠ ᠲᠠᠰᠤᠯᠬᠤ ᠠᠵᠢᠯ | ᠤᠨ ᠲᠠᠷᠠᠭᠠᠯᠠᠯ ᠳᠤᠮᠳᠠ ᠬᠡᠷᠡᠭ ᠢ ᠡᠶᠡᠳᠡᠭᠦᠯᠵᠦ ᠪᠣᠯᠣᠨ᠎ᠠ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠴᠦ | ᠥᠪᠡᠰᠦᠪᠡᠨ ᠡᠶᠡᠳᠡᠵᠦ ᠪᠣᠯᠣᠨ᠎ᠠ᠃ | ᠬᠥᠭᠡᠷᠦᠭᠦᠯᠬᠦ ᠡᠮ ᠢ ᠡᠰᠡᠷᠭᠦᠴᠡᠬᠦ ᠲᠠᠢ ᠬᠤᠯᠪᠣᠭᠳᠠᠯ ᠪᠦᠬᠦᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠳᠤ᠂ ᠬᠥᠨᠳᠡᠯᠡᠨ ᠠᠴᠠ ᠲᠠᠰᠤᠯᠬᠤ ᠲᠢᠩᠬᠢᠮ ᠡᠶᠡᠳᠡᠭᠦᠯᠬᠦ ᠪᠤᠶᠤ ᠲᠤᠬᠠᠢ ᠶᠢᠨ ᠬᠥᠮᠥᠨ ᠨᠢ ᠥᠪᠡᠷ ᠢᠶᠠᠨ | ᠡᠶᠡᠳᠡᠬᠦ ᠳᠤ ᠪᠠᠰᠠ ᠳᠤᠮᠳᠠᠳᠤ ᠤᠯᠤᠰ ᠤᠨ ᠬᠥᠭᠡᠷᠦᠭᠦᠯᠬᠦ ᠡᠮ ᠢ ᠡᠰᠡᠷᠭᠦᠴᠡᠬᠦ ᠲᠥᠪ ᠤᠨ ᠵᠥᠪᠰᠢᠶᠡᠷᠡᠯ ᠢ ᠣᠯᠬᠤ | ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠵᠥᠪᠰᠢᠶᠡᠷᠡᠯ ᠢ | ᠣᠯᠣᠭᠰᠠᠨ ᠤ ᠳᠠᠷᠠᠭ᠎ᠠ ᠲᠡᠭᠦᠨ ᠤ ᠲᠣᠬᠢᠷᠠᠮᠵᠢᠲᠠᠢ ᠭᠡᠵᠦ ᠦᠵᠡᠭᠰᠡᠨ ᠠᠷᠭ᠎ᠠ ᠮᠠᠶ᠋ᠢᠭ ᠢᠶᠠᠷ ᠡᠶᠡᠳᠡᠭᠦᠯᠵᠦ ᠪᠣᠯᠣᠨ᠎ᠠ᠃ | ᠡᠶᠡᠳᠡᠭᠦᠯᠬᠦ ᠶᠠᠪᠤᠴᠠ ᠳᠤ᠂ ᠠᠯᠢ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠴᠦ ᠡᠶᠡᠳᠡᠭᠦᠯᠭᠡ ᠶᠢ | ᠳᠠᠭᠤᠰᠬᠠᠬᠤ ᠪᠠᠷ ᠳᠤᠷᠠᠳᠤᠭᠰᠠᠨ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠨᠢ ᠨᠢᠭᠡᠨᠲᠡ ᠡᠶᠡᠳᠡᠭᠦᠯᠦᠭᠡᠳ | ᠪᠦᠲᠦᠬᠦ ᠪᠣᠯᠣᠯᠴᠠᠭ᠎ᠠ ᠦᠭᠡᠢ ᠪᠣᠯᠤᠭᠰᠠᠨ ᠭᠡᠵᠦ ᠦᠵᠡᠭᠰᠡᠨ ᠦᠶ᠎ᠡ ᠳᠤ᠂ ᠬᠥᠨᠳᠡᠯᠡᠨ ᠠᠴᠠ ᠲᠠᠰᠤᠯᠬᠤ ᠲᠢᠩᠬᠢᠮ ᠨᠢ | ᠡᠶᠡᠳᠡᠭᠦᠯᠭᠡ ᠶᠢ ᠳᠠᠭᠤᠰᠬᠠᠬᠤ ᠬᠡᠷᠡᠭᠲᠡᠢ᠃ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠤᠨ ᠡᠶᠡᠳᠡᠭᠦᠯᠭᠡ ᠪᠠᠷ | ᠡᠶᠡᠳᠡᠭᠰᠡᠨ ᠪᠤᠶᠤ ᠥᠪᠡᠷ ᠢᠶᠠᠨ ᠡᠶᠡᠳᠡᠭᠰᠡᠨ ᠪᠠᠶᠢᠪᠠᠯ᠂ ᠡᠶᠡᠳᠡᠬᠦ ᠬᠡᠯᠡᠯᠴᠡᠭᠡᠷ ᠲᠣᠭᠲᠠᠭᠠᠬᠤ ᠬᠡᠷᠡᠭᠲᠡᠢ᠃ | ᠲᠤᠬᠠᠢ ᠶᠢᠨ ᠬᠥᠮᠥᠨ ᠡᠶᠡᠳᠡᠭᠦᠯᠬᠦ ᠪᠠᠷ ᠳᠠᠮᠵᠢᠭᠠᠳ ᠡᠶᠡᠳᠡᠬᠦ ᠬᠡᠯᠡᠯᠴᠡᠭᠡᠷ ᠲᠣᠬᠢᠷᠠᠭᠰᠠᠨ ᠪᠤᠶᠤ ᠥᠪᠡᠰᠦᠪᠡᠨ | ᠲᠣᠬᠢᠷᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠪᠤᠶᠤ ᠬᠡᠳᠡᠷᠬᠦ ᠭᠤᠶᠤᠴᠢᠯᠠᠯ ᠢᠶᠠᠨ | ᠪᠤᠴᠠᠭᠠᠵᠤ ᠪᠣᠯᠣᠨ᠎ᠠ᠂ ᠪᠠᠰᠠ ᠬᠥᠨᠳᠡᠯᠡᠨ ᠠᠴᠠ ᠲᠠᠰᠤᠯᠬᠤ ᠲᠢᠩᠬᠢᠮ ᠳᠤ ᠲᠤᠬᠠᠢ ᠶᠢᠨ ᠬᠥᠮᠥᠨ ᠤ ᠡᠶᠡᠳᠡᠬᠦ | ᠬᠡᠯᠡᠯᠴᠡᠭᠡᠷ ᠤᠨ ᠠᠭᠤᠯᠭ᠎ᠠ ᠶᠢ ᠦᠨᠳᠦᠰᠦᠯᠡᠨ ᠲᠣᠭᠲᠠᠭᠠᠯᠲᠠ ᠶᠢᠨ ᠪᠢᠴᠢᠭ ᠭᠠᠷᠭᠠᠭᠤᠯᠬᠤ ᠪᠤᠶᠤ ᠡᠶᠡᠳᠡᠭᠦᠯᠭᠡ ᠶᠢᠨ | ᠪᠢᠴᠢᠭ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ | ᠲᠤᠬᠠᠢ ᠶᠢᠨ ᠬᠥᠮᠥᠨ ᠡᠶᠡᠳᠡᠭᠦᠯᠭᠡ ᠶᠢᠨ ᠪᠢᠴᠢᠭ ᠬᠢᠯᠭᠡᠬᠦ ᠪᠠᠷ ᠭᠤᠶᠤᠴᠢᠯᠠᠭᠰᠠᠨ ᠪᠠᠶᠢᠪᠠᠯ᠂ ᠡᠶᠡᠳᠡᠭᠦᠯᠭᠡ ᠶᠢᠨ | ᠪᠢᠴᠢᠭ ᠲᠤ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠪᠠ ᠲᠤᠬᠠᠢ ᠶᠢᠨ ᠬᠥᠮᠥᠨ ᠤ ᠪᠢᠴᠢᠭ ᠤᠨ ᠡᠶᠡᠳᠡᠬᠦ | ᠬᠡᠯᠡᠯᠴᠡᠭᠡᠷ ᠤᠨ ᠠᠭᠤᠯᠭ᠎ᠠ ᠶᠢ ᠲᠣᠳᠣᠷᠬᠠᠢ ᠪᠢᠴᠢᠵᠦ᠂ ᠬᠥᠨᠳᠡᠯᠡᠨ ᠠᠴᠠ ᠲᠠᠰᠤᠯᠤᠭᠴᠢ ᠭᠠᠷ ᠤᠨ ᠦᠰᠦᠭ | ᠵᠢᠷᠤᠬᠤ ᠶᠢᠨ ᠬᠠᠮᠲᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ ᠲᠠᠮᠠᠭ᠎ᠠ ᠶᠢ ᠳᠠᠷᠤᠵᠤ᠂ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠳᠤ ᠬᠦᠷᠭᠡᠭᠰᠡᠨ ᠤ ᠲᠡᠷᠠᠭ᠎ᠠ ᠬᠠᠤᠯᠢ ᠶᠢᠨ ᠬᠦᠴᠦᠨ ᠲᠠᠢ ᠪᠣᠯᠣᠨ᠎ᠠ᠃ | ᠡᠶᠡᠳᠡᠭᠦᠯᠦᠭᠡᠳ ᠪᠦᠲᠦᠭᠰᠡᠨ ᠦᠭᠡᠢ ᠪᠠᠶᠢᠪᠡᠯ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠬᠥᠨᠳᠡᠯᠡᠨ ᠠᠴᠠ | ᠲᠠᠰᠤᠯᠬᠤ ᠠᠵᠢᠯ ᠤᠨ ᠲᠠᠷᠠᠭᠠᠯᠠᠯ ᠢ ᠦᠷᠭᠦᠯᠵᠢᠯᠡᠨ ᠶᠠᠪᠤᠭᠳᠠᠭᠤᠯᠬᠤ ᠶᠢᠨ ᠬᠠᠮᠲᠤ ᠲᠣᠭᠲᠠᠭᠠᠯᠲᠠ ᠭᠠᠷᠭᠠᠬᠤ | ᠬᠡᠷᠡᠭᠲᠡᠢ᠂ ᠶᠠᠮᠠᠷᠪᠠ ᠨᠢᠭᠡ ᠲᠠᠯ᠎ᠠ ᠶᠢᠨ ᠲᠤᠬᠠᠢ ᠶᠢᠨ ᠬᠥᠮᠥᠨ ᠨᠢ ᠴᠥᠮ ᠲᠡᠭᠦᠨ ᠤ ᠳᠠᠷᠠᠭᠠᠬᠢ ᠬᠥᠨᠳᠡᠯᠡᠨ ᠠᠴᠠ | ᠲᠠᠰᠤᠯᠬᠤ ᠠᠵᠢᠯ ᠤᠨ ᠲᠠᠷᠠᠭᠠᠯᠠᠯ᠂ ᠬᠠᠤᠯᠢ ᠴᠠᠭᠠᠵᠠ ᠶᠢᠨ ᠲᠠᠷᠠᠭᠠᠯᠠᠯ ᠵᠢᠴᠢ ᠪᠤᠰᠤᠳ ᠶᠠᠮᠠᠷᠪᠠ ᠲᠠᠷᠠᠭᠠᠯᠠᠯ ᠤᠨ | ᠳᠤᠮᠳᠠ ᠨᠦᠭᠦᠭᠡ ᠲᠠᠯ᠎ᠠ ᠶᠢᠨ ᠲᠤᠬᠠᠢ ᠶᠢᠨ ᠬᠥᠮᠥᠨ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠤᠨ ᠡᠶᠡᠳᠡᠭᠦᠯᠬᠦ | ᠶᠠᠪᠤᠴᠠ ᠳᠤ ᠳᠤᠷᠠᠳᠤᠭᠰᠠᠨ ᠰᠠᠨᠠᠯ᠂ ᠳᠤᠷᠠᠳᠤᠭᠰᠠᠨ ᠦᠵᠡᠯᠲᠡ᠂ ᠭᠠᠷᠭᠠᠭᠰᠠᠨ ᠲᠣᠭᠠᠴᠢᠯᠲᠠ᠂ ᠵᠥᠪᠰᠢᠶᠡᠷᠡᠬᠦ ᠪᠤᠶᠤ | ᠦᠭᠡᠶᠢᠰᠬᠡᠬᠦ ᠪᠠᠨ ᠢᠯᠡᠳᠬᠡᠭᠰᠡᠨ ᠰᠠᠨᠠᠭᠤᠯᠭ᠎ᠠ ᠪᠤᠶᠤ ᠵᠣᠷᠢᠯᠲᠠ ᠶᠢ ᠡᠰᠢ ᠲᠠᠲᠠᠵᠤ᠂ ᠲᠡᠭᠦᠨ ᠤ ᠭᠤᠶᠤᠴᠢᠯᠠᠯ᠂ | ᠬᠠᠷᠢᠭᠤ ᠮᠠᠷᠭᠤᠬᠤ ᠪᠤᠶᠤ ᠬᠡᠳᠡᠷᠬᠦ ᠭᠤᠶᠤᠴᠢᠯᠠᠬᠤ ᠶᠢᠨ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃ | ᠵᠢᠷᠭᠤᠳᠤᠭᠠᠷ ᠪᠦᠯᠦᠭ ᠲᠤᠭᠳᠠᠭᠠᠯ ᠪᠠ ᠲᠠᠰᠤᠯᠤᠯᠳᠠ | ᠲᠠᠪᠢᠨ ᠬᠤᠶᠠᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠢᠭᠡᠳ | ᠬᠥᠨᠳᠡᠯᠡᠨ ᠠᠴᠠ ᠲᠠᠰᠤᠯᠬᠤ ᠲᠢᠩᠬᠢᠮ ᠬᠡᠷᠡᠭ ᠢ ᠰᠢᠭᠦᠬᠦ ᠶᠠᠪᠤᠴᠠ ᠳᠤ ᠬᠤᠯᠪᠣᠭᠳᠠᠭᠰᠠᠨ ᠠᠵᠢᠯ ᠤᠨ ᠲᠠᠷᠠᠭᠠᠯᠠᠯ ᠤᠨ | ᠵᠦᠢᠯᠡᠰ ᠤᠨ ᠲᠤᠬᠠᠢ ᠲᠣᠭᠲᠠᠭᠠᠯ ᠭᠠᠷᠭᠠᠵᠤ ᠪᠣᠯᠣᠨ᠎ᠠ᠃ | ᠲᠤᠬᠠᠢ ᠶᠢᠨ ᠬᠥᠮᠥᠨ ᠨᠢ ᠰᠠᠨᠠᠯ ᠨᠢᠭᠡᠲᠡᠢ ᠵᠥᠪᠰᠢᠶᠡᠷᠡᠭᠰᠡᠨ ᠪᠤᠶᠤ ᠪᠤᠰᠤᠳ ᠬᠥᠨᠳᠡᠯᠡᠨ ᠠᠴᠠ | ᠲᠠᠰᠤᠯᠤᠭᠴᠢ ᠶᠢᠨ ᠡᠷᠬᠡ ᠣᠯᠭᠤᠯᠲᠠ ᠪᠠᠷ ᠲᠦᠷᠦᠭᠦᠦ ᠬᠥᠨᠳᠡᠯᠡᠨ ᠠᠴᠠ ᠲᠠᠰᠤᠯᠤᠭᠴᠢ ᠨᠢ ᠠᠵᠢᠯ ᠤᠨ ᠲᠠᠷᠠᠭᠠᠯᠠᠯ | ᠤᠨ ᠵᠦᠢᠯᠡᠰ ᠤᠨ ᠲᠤᠬᠠᠢ ᠲᠣᠭᠲᠠᠭᠠᠯ ᠭᠠᠷᠭᠠᠵᠤ ᠪᠣᠯᠣᠨ᠎ᠠ᠃ | ᠲᠣᠭᠲᠠᠭᠠᠯ ᠨᠢ ᠭᠠᠷᠭᠠᠭᠰᠠᠨ ᠡᠳᠦᠷ ᠠᠴᠠ ᠡᠬᠢᠯᠡᠨ ᠬᠠᠤᠯᠢ ᠶᠢᠨ ᠬᠦᠴᠦᠨ ᠲᠠᠢ ᠪᠣᠯᠣᠨ᠎ᠠ᠃ | ᠲᠠᠪᠢᠨ ᠭᠤᠷᠪᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠬᠡᠷᠡᠭ ᠤᠨ ᠪᠣᠳᠠᠲᠤ ᠶᠠᠪᠤᠳᠠᠯ ᠢ | ᠦᠨᠳᠦᠰᠦᠯᠡᠵᠦ᠂ ᠬᠠᠤᠯᠢ ᠴᠠᠭᠠᠵᠠ ᠵᠢᠴᠢ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠲᠣᠭᠲᠠᠭᠠᠯ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠳᠦᠷᠢᠮ ᠢ ᠦᠨᠳᠦᠰᠦᠯᠡᠵᠦ᠂ ᠲᠥᠪ ᠭᠤᠣᠯᠴᠢ ᠵᠦᠢ ᠵᠣᠬᠢᠰᠲᠠᠢ᠂ | ᠪᠡᠶ᠎ᠡ ᠪᠠᠨ ᠳᠠᠭᠠᠭᠠᠵᠤ ᠲᠥᠪ ᠭᠤᠣᠯᠴᠢ ᠪᠠᠷ ᠲᠠᠰᠤᠯᠤᠯᠳᠠ ᠭᠠᠷᠭᠠᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠭᠤᠷᠪᠠᠨ ᠨᠡᠷᠡᠰ ᠬᠥᠨᠳᠡᠯᠡᠨ ᠠᠴᠠ ᠲᠠᠰᠤᠯᠤᠭᠴᠢ ᠪᠠᠷ | ᠪᠦᠷᠢᠯᠳᠦᠭᠰᠡᠨ ᠪᠠᠶᠢᠪᠠᠯ᠂ ᠲᠣᠭᠲᠠᠭᠠᠯ᠂ ᠲᠠᠰᠤᠯᠤᠯᠳᠠ ᠭᠠᠷᠭᠠᠬᠤ ᠠᠴᠠ ᠪᠠᠨ ᠡᠮᠦᠨ᠎ᠡ ᠬᠠᠮᠲᠤᠷᠠᠨ ᠵᠥᠪᠯᠡᠬᠦ ᠬᠡᠷᠡᠭᠲᠡᠢ | ᠪᠥᠭᠡᠳ ᠣᠯᠠᠩᠬᠢ ᠲᠣᠭᠠᠨ ᠤ ᠬᠥᠨᠳᠡᠯᠡᠨ ᠠᠴᠠ ᠲᠠᠰᠤᠯᠤᠭᠴᠢ ᠶᠢᠨ ᠰᠠᠨᠠᠯ ᠢᠶᠠᠷ ᠲᠣᠭᠲᠠᠭᠠᠬᠤ ᠬᠡᠷᠡᠭᠲᠡᠢ︔ | ᠣᠯᠠᠩᠬᠢ ᠲᠣᠭᠠᠲᠠᠨ ᠤ ᠰᠠᠨᠠᠯ ᠢ ᠪᠦᠷᠢᠯᠳᠦᠭᠦᠯᠵᠦ ᠴᠢᠳᠠᠬᠤ ᠦᠭᠡᠢ ᠪᠠᠶᠢᠪᠠᠯ᠂ ᠲᠦᠷᠦᠭᠦᠦ ᠬᠥᠨᠳᠡᠯᠡᠨ ᠠᠴᠠ | ᠲᠠᠰᠤᠯᠤᠭᠴᠢ ᠶᠢᠨ ᠰᠠᠨᠠᠯ ᠢᠶᠠᠷ ᠭᠠᠷᠭᠠᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠨᠢᠭᠡ ᠬᠥᠨᠳᠡᠯᠡᠨ ᠠᠴᠠ ᠲᠠᠰᠤᠯᠤᠭᠴᠢ ᠪᠠᠷ ᠪᠦᠷᠢᠯᠳᠦᠭᠰᠡᠨ ᠪᠠᠶᠢᠪᠠᠯ᠂ | ᠲᠣᠭᠲᠠᠭᠠᠯ᠂ ᠲᠠᠰᠤᠯᠤᠯᠳᠠ ᠶᠢ ᠲᠤᠰᠠᠭᠠᠷ ᠬᠥᠨᠳᠡᠯᠡᠨ ᠠᠴᠠ ᠲᠠᠰᠤᠯᠤᠭᠴᠢ ᠭᠠᠷᠭᠠᠨ᠎ᠠ᠃ | ᠲᠡᠪᠢᠠ ᠳᠥᠷᠪᠡᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠲᠠᠰᠤᠯᠤᠯᠳᠠ ᠭᠠᠷᠭᠠᠬᠤ ᠳᠠᠭᠠᠨ | ᠲᠠᠰᠤᠯᠤᠯᠳᠠ ᠶᠢᠨ ᠪᠢᠴᠢᠭ ᠵᠣᠬᠢᠶᠠᠬᠤ ᠬᠡᠷᠡᠭᠲᠡᠢ᠃ ᠲᠠᠰᠤᠯᠤᠯᠳᠠ ᠶᠢᠨ ᠪᠢᠴᠢᠭ ᠲᠤ ᠬᠥᠨᠳᠡᠯᠡᠨ ᠠᠴᠠ | ᠲᠠᠰᠤᠯᠤᠭᠤᠯᠬᠤ ᠭᠤᠶᠤᠴᠢᠯᠠᠯ᠂ ᠬᠡᠷᠡᠭ ᠤᠨ ᠪᠣᠳᠠᠲᠤ ᠶᠠᠪᠤᠳᠠᠯ᠂ ᠲᠠᠰᠤᠯᠤᠯᠳᠠ ᠶᠢᠨ ᠤᠴᠢᠷ ᠰᠢᠯᠲᠠᠭᠠᠨ᠂ | ᠲᠠᠰᠤᠯᠤᠯᠳᠠ ᠶᠢᠨ ᠦᠷ᠎ᠡ ᠳ᠋ᠦᠩ᠂ ᠬᠥᠨᠳᠡᠯᠡᠨ ᠠᠴᠠ ᠲᠠᠰᠤᠯᠬᠤ ᠵᠠᠷᠤᠳᠠᠯ ᠢ ᠡᠭᠦᠷᠭᠡᠯᠡᠬᠦ᠂ ᠲᠠᠰᠤᠯᠤᠯᠳᠠ ᠭᠠᠷᠭᠠᠭᠰᠠᠨ | ᠡᠳᠦᠷ ᠬᠤᠭᠤᠴᠠᠭ᠎ᠠ ᠪᠠ ᠬᠤᠭᠤᠴᠠᠭ᠎ᠠ ᠬᠡᠲᠦᠷᠡᠭᠦᠯᠦᠨ ᠭᠦᠢᠴᠡᠳᠬᠡᠭᠰᠡᠨ ᠤ ᠬᠠᠤᠯᠢ ᠴᠠᠭᠠᠵᠠ ᠶᠢᠨ ᠦᠷ᠎ᠡ ᠳ᠋ᠦᠩ ᠢ | ᠲᠣᠳᠣᠷᠬᠠᠢ ᠪᠢᠴᠢᠬᠦ ᠬᠡᠷᠡᠭᠲᠡᠢ᠃ ᠲᠤᠬᠠᠢ ᠶᠢᠨ ᠬᠥᠮᠥᠨ ᠤ ᠬᠡᠯᠡᠯᠴᠡᠨ ᠲᠣᠬᠢᠷᠠᠭᠰᠠᠨ ᠡᠶᠡᠳᠡᠬᠦ ᠬᠡᠯᠡᠯᠴᠡᠭᠡᠷ ᠢ | ᠦᠨᠳᠦᠰᠦᠯᠡᠨ ᠭᠠᠷᠭᠠᠭᠰᠠᠨ ᠲᠠᠰᠤᠯᠤᠯᠳᠠ ᠪᠤᠶᠤ ᠲᠤᠬᠠᠢ ᠶᠢᠨ ᠬᠥᠮᠥᠨ ᠨᠢ ᠠᠰᠲᠠᠭᠠᠨ ᠪᠣᠯᠵᠣᠯ ᠲᠠᠢ ᠪᠠᠶᠢᠪᠠᠯ᠂ | ᠬᠤᠯᠪᠣᠭᠳᠠᠯ ᠪᠦᠬᠦᠢ ᠬᠡᠷᠡᠭ ᠤᠨ ᠪᠣᠳᠠᠲᠤ ᠶᠠᠪᠤᠳᠠᠯ᠂ ᠲᠠᠰᠤᠯᠤᠯᠳᠠ ᠭᠠᠷᠭᠠᠭᠰᠠᠨ ᠤᠴᠢᠷ ᠰᠢᠯᠲᠠᠭᠠᠨ ᠢᠶᠠᠨ | ᠲᠣᠳᠣᠷᠬᠠᠢ ᠪᠢᠴᠢᠬᠦ ᠦᠭᠡᠢ ᠪᠠᠶᠢᠵᠤ ᠪᠣᠯᠣᠨ᠎ᠠ᠃ | ᠬᠥᠨᠳᠡᠯᠡᠨ ᠠᠴᠠ ᠲᠠᠰᠤᠯᠬᠤ ᠲᠢᠩᠬᠢᠮ ᠤᠨ ᠭᠠᠷᠭᠠᠭᠰᠠᠨ ᠲᠣᠭᠲᠠᠭᠠᠯ ᠤᠨ ᠪᠢᠴᠢᠭ᠂ ᠲᠠᠰᠤᠯᠤᠯᠳᠠ ᠶᠢᠨ ᠪᠢᠴᠢᠭ᠂ | ᠡᠶᠡᠳᠡᠭᠦᠯᠭᠡ ᠶᠢᠨ ᠪᠢᠴᠢᠭ ᠲᠤ ᠬᠥᠨᠳᠡᠯᠡᠨ ᠠᠴᠠ ᠲᠠᠰᠤᠯᠤᠭᠴᠢ ᠭᠠᠷ ᠤᠨ ᠦᠰᠦᠭ ᠵᠢᠷᠤᠵᠤ᠂ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠵᠦᠪᠯᠡᠯ ᠤᠨ ᠲᠠᠮᠠᠭ᠎ᠠ ᠶᠢ ᠳᠠᠷᠤᠬᠤ ᠬᠡᠷᠡᠭᠲᠡᠢ᠃ ᠠᠳᠠᠯᠢ ᠪᠤᠰᠤ ᠰᠠᠨᠠᠯ ᠲᠠᠢ | ᠬᠥᠨᠳᠡᠯᠡᠨ ᠠᠴᠠ ᠲᠠᠰᠤᠯᠤᠭᠴᠢ ᠭᠠᠷ ᠤᠨ ᠦᠰᠦᠭ ᠵᠢᠷᠤᠵᠤ ᠪᠣᠯᠣᠨ᠎ᠠ᠂ ᠵᠢᠷᠤᠬᠤ ᠦᠭᠡᠢ ᠪᠠᠶᠢᠵᠤ ᠴᠤ ᠪᠣᠯᠣᠨ᠎ᠠ᠃ | ᠭᠠᠷ ᠤᠨ ᠦᠰᠦᠭ ᠵᠢᠷᠤᠭᠰᠠᠨ ᠦᠭᠡᠢ ᠬᠥᠨᠳᠡᠯᠡᠨ ᠠᠴᠠ ᠲᠠᠰᠤᠯᠤᠭᠴᠢ ᠪᠢᠴᠢᠭ ᠤᠨ ᠰᠠᠨᠠᠯ ᠭᠠᠷᠭᠠᠵᠤ ᠪᠡᠶ᠎ᠡ ᠶᠢᠨ | ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠲᠤᠰᠢᠶᠠᠵᠤ ᠲᠡᠩᠰᠡᠠ ᠳᠤ ᠣᠷᠣᠭᠤᠯᠬᠤ ᠬᠡᠷᠡᠭᠲᠡᠢ᠂ ᠲᠤᠰ | ᠪᠢᠴᠢᠭ ᠤᠨ ᠰᠠᠨᠠᠯ ᠨᠢ ᠲᠣᠭᠲᠠᠭᠠᠯ ᠤᠨ ᠪᠢᠴᠢᠭ᠂ ᠲᠠᠰᠤᠯᠤᠯᠳᠠ ᠶᠢᠨ ᠪᠢᠴᠢᠭ ᠤᠨ ᠪᠦᠷᠢᠯᠳᠦᠭᠦᠨ ᠬᠡᠰᠡᠭ ᠪᠣᠯᠵᠤ | ᠪᠦᠷᠢᠯᠳᠦᠬᠦ ᠦᠭᠡᠢ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠲᠤᠰ ᠪᠢᠴᠢᠭ ᠤᠨ | ᠰᠠᠨᠠᠯ ᠢ ᠲᠣᠭᠲᠠᠭᠠᠯ ᠤᠨ ᠪᠢᠴᠢᠭ᠂ ᠲᠠᠰᠤᠯᠤᠯᠳᠠ ᠶᠢᠨ ᠪᠢᠴᠢᠭ ᠤᠨ ᠠᠷᠤ ᠳᠤ ᠳᠠᠭᠠᠯᠳᠤᠭᠤᠯᠬᠤ ᠡᠰᠡᠬᠦ ᠶᠢ | ᠲᠣᠭᠲᠠᠭᠠᠨ᠎ᠠ᠃ | ᠲᠡᠪᠢᠠ ᠲᠠᠪᠤᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠲᠢᠩᠬᠢᠮ ᠪᠠᠶᠢᠭᠤᠯᠤᠭᠰᠠᠨ ᠤ | ᠳᠠᠷᠠᠭᠠᠬᠢ ᠭᠤᠷᠪᠠᠨ ᠰᠠᠷ᠎ᠠ ᠶᠢᠨ ᠳᠣᠲᠣᠷ᠎ᠠ ᠲᠠᠰᠤᠯᠤᠯᠳᠠ ᠭᠠᠷᠭᠠᠬᠤ ᠬᠡᠷᠡᠭᠲᠡᠢ᠃ | ᠣᠨᠴᠠᠭᠠᠶ ᠪᠠᠶᠢᠳᠠᠯ ᠠᠴᠠ ᠪᠣᠯᠵᠤ ᠤᠷᠲᠤᠳᠬᠠᠬᠤ ᠴᠢᠬᠤᠯᠠᠲᠠᠢ ᠪᠠᠶᠢᠪᠠᠯ᠂ ᠲᠦᠷᠦᠭᠦᠦ ᠬᠥᠨᠳᠡᠯᠡᠨ ᠠᠴᠠ | ᠲᠠᠰᠤᠯᠤᠭᠴᠢ ᠪᠤᠶᠤ ᠲᠤᠰᠠᠭᠠᠷ ᠬᠥᠨᠳᠡᠯᠡᠨ ᠠᠴᠠ ᠲᠠᠰᠤᠯᠤᠭᠴᠢ ᠬᠤᠭᠤᠴᠠᠭ᠎ᠠ ᠳᠦᠭᠦᠷᠬᠦ ᠠᠴᠠ ᠡᠮᠦᠨ᠎ᠡ | ᠪᠢᠴᠢᠭ ᠢᠶᠠᠷ ᠭᠤᠶᠤᠴᠢᠯᠠᠯ ᠭᠠᠷᠭᠠᠵᠤ᠂ ᠡᠷᠬᠢᠯᠡᠭᠴᠢ ᠪᠠᠷ ᠵᠥᠪᠰᠢᠶᠡᠷᠡᠭᠦᠯᠦᠭᠡᠳ ᠵᠣᠬᠢᠰᠲᠠᠢ ᠪᠠᠷ ᠤᠷᠲᠤᠳᠬᠠᠵᠤ | ᠪᠣᠯᠣᠨ᠎ᠠ᠃ | ᠰᠢᠯᠭᠠᠨ ᠲᠣᠭᠲᠠᠭᠠᠬᠤ ᠬᠤᠭᠤᠴᠠᠭ᠎ᠠ᠂ ᠲᠤᠷᠭᠤᠨ ᠵᠣᠭᠰᠤᠭᠠᠬᠤ ᠬᠤᠭᠤᠴᠠᠭ᠎ᠠ᠂ ᠠᠯᠪᠠᠨ ᠵᠠᠷ ᠤᠨ ᠬᠤᠭᠤᠴᠠᠭ᠎ᠠ᠂ | ᠲᠤᠰᠬᠠᠢ ᠮᠡᠷᠭᠡᠵᠢᠯᠲᠡᠨ ᠢᠶᠠᠷ ᠵᠥᠪᠯᠡᠯᠭᠡ ᠠᠪᠤᠭᠤᠯᠬᠤ ᠪᠠᠷ ᠳᠡᠪᠰᠢᠭᠦᠯᠬᠦ ᠬᠤᠭᠤᠴᠠᠭᠠᠨ ᠳᠤ ᠬᠤᠶᠠᠷ ᠲᠠᠯ᠎ᠠ ᠶᠢᠨ | ᠲᠤᠬᠠᠢ ᠶᠢᠨ ᠬᠥᠮᠥᠨ ᠤ ᠲᠢᠩᠬᠢᠮ ᠨᠡᠭᠡᠭᠡᠵᠦ ᠰᠢᠭᠦᠬᠦ ᠬᠤᠭᠤᠴᠠᠭ᠎ᠠ ᠶᠢ ᠤᠷᠲᠤᠳᠬᠠᠬᠤ ᠪᠠᠷ ᠬᠠᠮᠲᠤ ᠪᠠᠷ | ᠭᠤᠶᠤᠴᠢᠯᠠᠭᠰᠠᠨ ᠪᠤᠶᠤ ᠡᠶᠡᠳᠡᠭᠦᠯᠬᠦ᠂ ᠡᠶᠡᠳᠡᠬᠦ ᠶᠢ ᠬᠠᠮᠲᠤ ᠪᠠᠷ ᠭᠤᠶᠤᠴᠢᠯᠠᠭᠰᠠᠨ ᠴᠠᠭ ᠢ ᠡᠭᠦᠨ ᠳᠤ ᠪᠤᠳᠤᠵᠤ | ᠣᠷᠣᠭᠤᠯᠬᠤ ᠦᠭᠡᠢ᠃ | ᠲᠡᠪᠢᠠ ᠵᠢᠷᠭᠤᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠴᠢᠬᠤᠯᠠ ᠲᠠᠢ ᠭᠡᠵᠦ ᠦᠵᠡᠭᠰᠡᠨ | ᠪᠤᠶᠤ ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠬᠤ ᠲᠢᠩᠬᠢᠮ ᠢᠶᠠᠷ ᠵᠥᠪᠰᠢᠶᠡᠷᠡᠭᠦᠯᠬᠦ ᠪᠠᠷ | ᠭᠤᠶᠤᠴᠢᠯᠠᠭᠰᠠᠨ ᠦᠶ᠎ᠡ ᠳᠤ᠂ ᠬᠥᠨᠳᠡᠯᠡᠨ ᠠᠴᠠ ᠲᠠᠰᠤᠯᠬᠤ ᠲᠢᠩᠬᠢᠮ ᠨᠢ ᠡᠴᠦᠰ ᠤᠨ ᠲᠠᠰᠤᠯᠤᠯᠳᠠ ᠭᠠᠷᠭᠠᠬᠤ ᠠᠴᠠ | ᠡᠮᠦᠨ᠎ᠡ ᠵᠠᠷᠢᠮ ᠭᠤᠶᠤᠴᠢᠯᠠᠭᠰᠠᠨ ᠵᠦᠢᠯ ᠤᠨ ᠲᠤᠬᠠᠢ ᠬᠡᠰᠡᠭ ᠲᠠᠰᠤᠯᠤᠯᠳᠠ ᠭᠠᠷᠭᠠᠵᠤ ᠪᠣᠯᠣᠨ᠎ᠠ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠴᠢᠬᠤᠯᠠᠲᠠᠢ ᠭᠡᠵᠦ ᠦᠵᠡᠭᠰᠡᠨ ᠪᠤᠶᠤ ᠲᠤᠬᠠᠢ ᠶᠢᠨ ᠬᠥᠮᠥᠨ ᠨᠢ | ᠬᠥᠨᠳᠡᠯᠡᠨ ᠠᠴᠠ ᠲᠠᠰᠤᠯᠬᠤ ᠲᠢᠩᠬᠢᠮ ᠢᠶᠠᠷ ᠵᠥᠪᠰᠢᠶᠡᠷᠡᠭᠦᠯᠬᠦ ᠪᠠᠷ ᠭᠤᠶᠤᠴᠢᠯᠠᠭᠰᠠᠨ ᠦᠶ᠎ᠡ ᠳᠤ᠂ ᠬᠥᠨᠳᠡᠯᠡᠨ ᠠᠴᠠ | ᠲᠠᠰᠤᠯᠬᠤ ᠲᠢᠩᠬᠢᠮ ᠨᠢ ᠬᠡᠷᠡᠭ ᠤᠨ ᠠᠵᠢᠯ ᠤᠨ ᠲᠠᠷᠠᠭᠠᠯᠠᠯ ᠤᠨ ᠠᠰᠠᠭᠤᠳᠠᠯ ᠪᠤᠶᠤ ᠪᠣᠳᠠᠲᠤ ᠴᠣᠭᠴᠠ ᠶᠢᠨ | ᠠᠰᠠᠭᠤᠳᠠᠯ ᠤᠨ ᠲᠤᠬᠠᠢ ᠵᠠᠪᠰᠠᠷ ᠤᠨ ᠲᠠᠰᠤᠯᠤᠯᠳᠠ ᠭᠠᠷᠭᠠᠵᠤ ᠪᠣᠯᠣᠨ᠎ᠠ᠃ | ᠲᠤᠬᠠᠢ ᠶᠢᠨ ᠬᠥᠮᠥᠨ ᠨᠢ ᠬᠡᠰᠡᠭ ᠲᠣᠭᠲᠠᠭᠠᠯᠲᠠ ᠪᠤᠶᠤ ᠵᠠᠪᠰᠠᠷ ᠤᠨ ᠲᠣᠭᠲᠠᠭᠠᠯᠲᠠ ᠶᠢ ᠭᠦᠢᠴᠡᠳᠬᠡᠬᠦ | ᠬᠡᠷᠡᠭᠲᠡᠢ᠃ ᠲᠤᠬᠠᠢ ᠶᠢᠨ ᠬᠥᠮᠥᠨ ᠭᠦᠢᠴᠡᠳᠬᠡᠬᠦ ᠦᠭᠡᠢ ᠪᠠᠶᠢᠭᠰᠠᠨ ᠴᠤ ᠬᠥᠨᠳᠡᠯᠡᠨ ᠠᠴᠠ ᠲᠠᠰᠤᠯᠬᠤ ᠠᠵᠢᠯ ᠤᠨ | ᠲᠠᠷᠠᠭᠠᠯᠠᠯ ᠤᠨ ᠶᠠᠪᠤᠭᠳᠠᠬᠤ ᠪᠠ ᠡᠴᠦᠰ ᠤᠨ ᠲᠠᠰᠤᠯᠤᠯᠳᠠ ᠭᠠᠷᠭᠠᠬᠤ ᠶᠢ ᠨᠥᠯᠥᠭᠡᠯᠡᠬᠦ ᠦᠭᠡᠢ᠃ | ᠲᠡᠪᠢᠠ ᠳᠣᠯᠣᠳᠤᠭᠠᠷ ᠵᠦᠢᠯ ᠲᠠᠰᠤᠯᠤᠯᠳᠠ ᠶᠢᠨ ᠪᠢᠴᠢᠭ ᠨᠢ ᠭᠠᠷᠭᠠᠭᠰᠠᠨ ᠡᠳᠦᠷ ᠠᠴᠠ ᠡᠬᠢᠯᠡᠨ | ᠬᠠᠤᠯᠢ ᠶᠢᠨ ᠬᠦᠴᠦᠨ ᠲᠠᠢ ᠪᠣᠯᠣᠨ᠎ᠠ᠃ | ᠲᠠᠰᠤᠯᠤᠯᠳᠠᠶᠢᠨ ᠪᠢᠴᠢᠭ ᠢ ᠭᠠᠷᠭᠠᠭᠰᠠᠨ ᠤ ᠲᠡᠷᠠᠭ᠎ᠠ᠂ ᠲᠤᠬᠠᠢ ᠶᠢᠨ ᠬᠥᠮᠥᠨ ᠨᠢ ᠲᠠᠰᠤᠯᠤᠯᠳᠠ ᠶᠢᠨ | ᠪᠢᠴᠢᠭ ᠲᠤ ᠲᠣᠭᠲᠠᠭᠠᠭᠰᠠᠨ ᠭᠦᠢᠴᠡᠳᠬᠡᠬᠦ ᠬᠤᠭᠤᠴᠠᠭ᠎ᠠ ᠶᠣᠰᠣᠭᠠᠷ ᠲᠠᠰᠤᠯᠤᠯᠳᠠ ᠶᠢ ᠭᠦᠢᠴᠡᠳᠬᠡᠬᠦ ᠬᠡᠷᠡᠭᠲᠡᠢ︔ | ᠭᠦᠢᠴᠡᠳᠬᠡᠬᠦ ᠬᠤᠭᠤᠴᠠᠭ᠎ᠠ ᠶᠢ ᠲᠣᠭᠲᠠᠭᠠᠭᠰᠠᠨ ᠦᠭᠡᠢ ᠪᠠᠶᠢᠪᠠᠯ᠂ ᠲᠡᠷᠡ ᠳᠠᠷᠤᠢ ᠳᠤᠨᠢ ᠭᠦᠢᠴᠡᠳᠬᠡᠬᠦ ᠬᠡᠷᠡᠭᠲᠡᠢ᠃ | ᠠᠯᠢ ᠨᠢᠭᠡ ᠲᠠᠯ᠎ᠠ ᠨᠢ ᠴᠦ ᠭᠦᠢᠴᠡᠳᠬᠡᠬᠦ ᠦᠭᠡᠢ ᠪᠠᠶᠢᠪᠠᠯ᠂ ᠲᠤᠬᠠᠢ ᠶᠢᠨ ᠬᠥᠮᠥᠨ ᠨᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠷᠭᠡᠨ ᠤ ᠵᠠᠷᠭᠤ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠠᠮᠢᠶᠠᠷᠬᠤ ᠡᠷᠬᠡ ᠪᠦᠬᠦᠢ ᠠᠷᠠᠳ ᠤᠨ ᠰᠢᠭᠦᠬᠦ ᠬᠤᠷᠢᠶᠠᠨ ᠳᠤ ᠠᠯᠪᠡᠳᠡᠠ ᠭᠦᠢᠴᠡᠳᠬᠡᠭᠦᠯᠬᠦ ᠪᠠᠷ ᠭᠤᠶᠤᠴᠢᠯᠠᠵᠤ | ᠪᠣᠯᠣᠨ᠎ᠠ᠃ | ᠲᠠᠪᠢᠨ ᠨᠠᠢᠮᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠲᠠᠰᠤᠯᠤᠯᠳᠠ ᠶᠢᠨ ᠪᠢᠴᠢᠭ ᠲᠡᠭᠡᠨ | ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠡᠭᠦᠷᠭᠡᠯᠡᠬᠦ ᠶᠣᠰᠣᠲᠠᠢ ᠬᠥᠨᠳᠡᠯᠡᠨ ᠠᠴᠠ ᠲᠠᠰᠤᠯᠬᠤ ᠵᠠᠷᠤᠳᠠᠯ ᠪᠠ | ᠪᠣᠳᠠᠲᠠᠢ ᠡᠭᠦᠰᠦᠭᠰᠡᠨ ᠪᠤᠰᠤᠳ ᠵᠠᠷᠤᠳᠠᠯ ᠢ ᠲᠣᠭᠲᠠᠭᠠᠬᠤ ᠡᠷᠬᠡ ᠲᠠᠢ᠂ ᠡᠭᠦᠨ ᠳᠤ ᠬᠢᠨᠠᠨ ᠲᠣᠭᠲᠠᠭᠠᠬᠤ ᠵᠠᠷᠤᠳᠠᠯ᠂ | ᠦᠨᠡᠯᠡᠨ ᠵᠢᠱᠢᠬᠦ ᠵᠠᠷᠤᠳᠠᠯ᠂ ᠬᠢᠨᠠᠨ ᠪᠤᠳᠤᠬᠤ ᠵᠠᠷᠤᠳᠠᠯ᠂ ᠵᠠᠮ ᠤᠨ ᠵᠠᠷᠤᠳᠠᠯ᠂ ᠠᠯᠪᠠᠨ ᠭᠡᠷᠡᠴᠢᠯᠡᠭᠡ ᠶᠢᠨ ᠵᠠᠷᠤᠳᠠᠯ ᠪᠠ | ᠬᠠᠤᠯᠢᠴᠢ ᠶᠢᠨ ᠵᠠᠷᠤᠳᠠᠯ ᠵᠡᠷᠭᠡ ᠶᠢ ᠪᠠᠭᠳᠠᠭᠠᠬᠤ ᠪᠦᠭᠡᠳ ᠬᠢᠵᠠᠭᠠᠷᠯᠠᠭᠳᠠᠬᠤ ᠦᠭᠡᠢ᠃ | ᠲᠤᠬᠠᠢ ᠶᠢᠨ ᠬᠥᠮᠥᠨ ᠠᠰᠲᠠᠭᠠᠨ ᠪᠣᠯᠵᠣᠯ ᠲᠠᠢ ᠶᠢ ᠭᠠᠷᠭᠠᠪᠠᠯ᠂ ᠬᠥᠨᠳᠡᠯᠡᠨ ᠠᠴᠠ ᠲᠠᠰᠤᠯᠬᠤ ᠵᠠᠷᠤᠳᠠᠯ ᠢ | ᠵᠠᠷᠴᠢᠮ ᠳᠡᠭᠡᠷ᠎ᠡ ᠪᠠᠨ ᠵᠠᠷᠭᠤ ᠢᠯᠠᠭᠳᠠᠭᠰᠠᠨ ᠲᠤᠬᠠᠢ ᠶᠢᠨ ᠬᠥᠮᠥᠨ ᠡᠭᠦᠷᠭᠡᠯᠡᠨ᠎ᠡ︔ ᠲᠤᠬᠠᠢ ᠶᠢᠨ ᠬᠥᠮᠥᠨ ᠤ ᠨᠢᠭᠡ | ᠬᠡᠰᠡᠭ ᠨᠢ ᠵᠠᠷᠭᠤ ᠢᠯᠠᠵᠤ᠂ ᠨᠢᠭᠡ ᠬᠡᠰᠡᠭ ᠨᠢ ᠵᠠᠷᠭᠤ ᠢᠯᠠᠭᠳᠠᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ | ᠲᠢᠩᠬᠢᠮ ᠠᠴᠠ ᠪᠣᠳᠠᠲᠠᠢ ᠪᠠᠶᠢᠳᠠᠯ ᠢ ᠦᠨᠳᠦᠰᠦᠯᠡᠨ ᠲᠤᠰ ᠲᠤᠰ ᠤᠨ ᠡᠭᠦᠷᠭᠡᠯᠡᠬᠦ ᠬᠠᠷᠢᠴᠠᠯ ᠢ ᠲᠣᠭᠲᠠᠭᠠᠨ᠎ᠠ᠃ | ᠥᠪᠡᠰᠦᠪᠡᠨ ᠡᠶᠡᠳᠡᠬᠦ ᠪᠤᠶᠤ ᠬᠥᠨᠳᠡᠯᠡᠨ ᠠᠴᠠ ᠲᠠᠰᠤᠯᠬᠤ ᠲᠢᠩᠬᠢᠮ ᠢᠶᠠᠷ ᠡᠶᠡᠳᠡᠭᠦᠯᠦᠨ ᠬᠡᠷᠡᠭ ᠢ ᠳᠠᠭᠤᠰᠬᠠᠭᠰᠠᠨ | ᠪᠠᠶᠢᠪᠠᠯ᠂ ᠲᠤᠬᠠᠢ ᠶᠢᠨ ᠬᠥᠮᠥᠨ ᠨᠢ ᠲᠤᠰ ᠲᠤᠰ ᠤᠨ ᠡᠭᠦᠷᠭᠡᠯᠡᠬᠦ ᠬᠠᠷᠢᠴᠠᠯ ᠢ ᠵᠥᠪᠳᠡᠯᠴᠡᠨ ᠲᠣᠭᠲᠠᠭᠠᠵᠤ ᠪᠣᠯᠣᠨ᠎ᠠ᠃ | ᠲᠤᠬᠠᠢ ᠶᠢᠨ ᠬᠥᠮᠥᠨ ᠲᠤᠰ ᠳᠦᠷᠢᠮ ᠤᠨ ᠲᠣᠭᠲᠠᠭᠠᠯ ᠢ ᠵᠥᠷᠢᠴᠡᠭᠡᠳ ᠬᠡᠷᠡᠭ ᠢ ᠰᠢᠭᠦᠬᠦ ᠠᠵᠢᠯ ᠤᠨ | ᠲᠠᠷᠠᠭᠠᠯᠠᠯ ᠢ ᠤᠳᠠᠭᠠᠰᠢᠷᠠᠭᠤᠯᠤᠭᠰᠠᠨ ᠪᠠᠶᠢᠪᠠᠯ᠂ ᠲᠡᠭᠦᠨ ᠤ ᠬᠥᠨᠳᠡᠯᠡᠨ ᠠᠴᠠ ᠲᠠᠰᠤᠯᠬᠤ ᠵᠠᠷᠤᠳᠠᠯ ᠢ ᠡᠭᠦᠷᠭᠡᠯᠡᠬᠦ ᠳᠤ | ᠡᠮᠦᠨᠡᠬᠢ ᠪᠠᠳᠠᠭ ᠤᠨ ᠲᠣᠭᠲᠠᠭᠠᠯ ᠳᠤ ᠬᠢᠵᠠᠭᠠᠷᠯᠠᠭᠳᠠᠬᠤ ᠦᠭᠡᠢ᠃ ᠠᠵᠢᠯ ᠤᠨ ᠲᠠᠷᠠᠭᠠᠯᠠᠯ ᠢ | ᠤᠳᠠᠭᠠᠰᠢᠷᠠᠭᠤᠯᠤᠭᠰᠠᠨ ᠠᠴᠠ ᠪᠣᠯᠵᠤ ᠪᠤᠰᠤᠳ ᠵᠠᠷᠤᠳᠠᠯ ᠢ ᠡᠭᠦᠰᠬᠡᠭᠰᠡᠨ ᠪᠤᠶᠤ ᠨᠡᠮᠡᠭᠳᠡᠭᠦᠯᠦᠭᠰᠡᠨ ᠪᠠᠶᠢᠪᠠᠯ᠂ | ᠲᠤᠬᠠᠢ ᠶᠢᠨ ᠬᠥᠮᠥᠨ ᠨᠢ ᠪᠠᠰᠠ ᠪᠤᠰᠤᠳ ᠵᠣᠬᠢᠴᠠᠩᠭᠤᠢ ᠵᠠᠷᠤᠳᠠᠯ ᠢ ᠡᠭᠦᠷᠭᠡᠯᠡᠬᠦ ᠬᠡᠷᠡᠭᠲᠡᠢ᠃ | ᠲᠠᠪᠢ ᠶᠢᠰᠦᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠲᠠᠰᠤᠯᠤᠯᠳᠠ ᠶᠢᠨ ᠪᠢᠴᠢᠭ ᠢ | ᠭᠠᠷᠭᠠᠬᠤ ᠠᠴᠠ ᠡᠮᠦᠨ᠎ᠡ ᠲᠠᠰᠤᠯᠤᠯᠳᠠ ᠶᠢᠨ ᠪᠢᠴᠢᠭ ᠤᠨ ᠲᠥᠰᠥᠯ ᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠳᠤ ᠳᠡᠪᠰᠢᠭᠦᠯᠵᠦ ᠬᠢᠨᠠᠭᠤᠯᠬᠤ ᠬᠡᠷᠡᠭᠲᠡᠢ᠃ ᠬᠥᠨᠳᠡᠯᠡᠨ ᠠᠴᠠ ᠲᠠᠰᠤᠯᠬᠤ ᠲᠢᠩᠬᠢᠮ ᠤᠨ | ᠪᠡᠶ᠎ᠡ ᠪᠠᠨ ᠳᠠᠭᠠᠭᠠᠬᠤ ᠴᠢᠨᠠᠷ ᠢ ᠦᠯᠦ ᠨᠥᠯᠥᠭᠡᠯᠡᠬᠦ ᠤᠷᠢᠲᠠᠯ ᠤᠨ ᠳᠣᠣᠷ᠎ᠠ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠠᠴᠠ ᠲᠠᠰᠤᠯᠤᠯᠳᠠ ᠶᠢᠨ ᠪᠢᠴᠢᠭ ᠲᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ | ᠵᠣᠬᠢᠴᠠᠩᠭᠤᠢ ᠵᠠᠰᠠᠪᠤᠷᠢ ᠣᠷᠣᠭᠤᠯᠵᠤ ᠪᠣᠯᠣᠨ᠎ᠠ᠂ ᠪᠠᠰᠠ ᠬᠥᠨᠳᠡᠯᠡᠨ ᠠᠴᠠ ᠲᠠᠰᠤᠯᠬᠤ ᠲᠢᠩᠬᠢᠮ ᠳᠤ ᠪᠣᠳᠠᠲᠤ | ᠴᠣᠭᠴᠠ ᠶᠢᠨ ᠠᠰᠠᠭᠤᠳᠠᠯ ᠢ ᠠᠩᠬᠠᠷᠬᠤ ᠶᠢ ᠰᠠᠨᠠᠭᠤᠯᠵᠤ ᠪᠣᠯᠣᠨ᠎ᠠ᠃ | ᠵᠢᠷᠠᠳᠤᠭᠠᠷ ᠵᠦᠢᠯ ᠲᠠᠰᠤᠯᠤᠯᠳᠠ ᠶᠢᠨ ᠪᠢᠴᠢᠭ ᠲᠠᠬᠢ ᠦᠰᠦᠭ ᠪᠢᠴᠢᠭ᠂ ᠲᠡᠮᠳᠡᠭ᠂ ᠵᠢᠷᠤᠭ ᠬᠦᠰᠦᠨᠦᠭᠲᠦ᠂ | ᠪᠣᠳᠣᠯᠭ᠎ᠠ᠂ ᠳᠠᠷᠤᠮᠠᠯᠯᠠᠭᠰᠠᠨ ᠨᠢ ᠪᠤᠷᠤᠭᠤᠳᠠᠭᠰᠠᠨ ᠪᠤᠶᠤ ᠡᠭᠦᠨ ᠲᠠᠢ ᠠᠳᠠᠯᠢᠪᠲᠤᠷ ᠪᠤᠷᠤᠭᠤᠳᠠᠭᠰᠠᠨ ᠪᠠᠶᠢᠪᠠᠯ | ᠬᠥᠨᠳᠡᠯᠡᠨ ᠠᠴᠠ ᠲᠠᠰᠤᠯᠬᠤ ᠲᠢᠩᠬᠢᠮ ᠵᠠᠯᠠᠷᠠᠭᠤᠯᠬᠤ ᠬᠡᠷᠡᠭᠲᠡᠢ᠃ | ᠲᠤᠬᠠᠢ ᠶᠢᠨ ᠬᠥᠮᠥᠨ ᠤ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ ᠵᠦᠢᠯ ᠳᠤ ᠲᠠᠰᠤᠯᠤᠯᠳᠠ | ᠭᠠᠷᠭᠠᠬᠤ ᠶᠢ ᠣᠷᠬᠢᠭᠳᠠᠭᠤᠯᠤᠭᠰᠠᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠨᠥᠬᠦᠪᠦᠷᠢ ᠲᠠᠰᠤᠯᠤᠯᠳᠠ | ᠭᠠᠷᠭᠠᠬᠤ ᠬᠡᠷᠡᠭᠲᠡᠢ᠃ ᠬᠥᠨᠳᠡᠯᠡᠨ ᠠᠴᠠ ᠲᠠᠰᠤᠯᠬᠤ ᠲᠢᠩᠬᠢᠮ ᠨᠢ ᠲᠢᠩᠬᠢᠮ ᠨᠡᠭᠡᠭᠡᠵᠦ ᠰᠢᠭᠦᠬᠦ ᠴᠢᠬᠤᠯᠠᠲᠠᠢ ᠭᠡᠵᠦ | ᠦᠵᠡᠪᠡᠯ᠂ ᠲᠠᠰᠤᠯᠤᠯᠳᠠ ᠶᠢ ᠣᠷᠬᠢᠭᠳᠠᠭᠤᠯᠤᠭᠰᠠᠨ ᠵᠦᠢᠯᠡᠰ ᠢ ᠲᠢᠩᠬᠢᠮ ᠨᠡᠭᠡᠭᠡᠵᠦ ᠰᠢᠭᠦᠵᠦ ᠪᠣᠯᠣᠨ᠎ᠠ᠃ | ᠲᠤᠬᠠᠢ ᠶᠢᠨ ᠬᠥᠮᠥᠨ ᠨᠢ ᠲᠠᠰᠤᠯᠤᠯᠳᠠ ᠶᠢᠨ ᠪᠢᠴᠢᠭ ᠢ ᠣᠯᠣᠭᠰᠠᠨ ᠡᠳᠦᠷ ᠠᠴᠠ ᠡᠬᠢᠯᠡᠨ ᠭᠤᠴᠢᠨ | ᠡᠳᠦᠷ ᠤᠨ ᠳᠣᠲᠣᠷ᠎ᠠ ᠬᠥᠨᠳᠡᠯᠡᠨ ᠠᠴᠠ ᠲᠠᠰᠤᠯᠬᠤ ᠲᠢᠩᠬᠢᠮ ᠳᠤ ᠨᠥᠬᠦᠪᠦᠷᠢᠯᠡᠨ ᠵᠠᠯᠠᠷᠠᠭᠤᠯᠤᠭᠤᠯᠬᠤ ᠪᠤᠶᠤ | ᠨᠥᠬᠦᠪᠦᠷᠢ ᠲᠠᠰᠤᠯᠤᠯᠳᠠᠭᠠᠷᠭᠠᠭᠤᠯᠬᠤ ᠪᠠᠷ ᠭᠤᠶᠤᠴᠢᠯᠠᠵᠤ ᠪᠣᠯᠣᠨ᠎ᠠ᠃ | ᠬᠥᠨᠳᠡᠯᠡᠨ ᠠᠴᠠ ᠲᠠᠰᠤᠯᠬᠤ ᠲᠢᠩᠬᠢᠮ ᠤᠨ ᠭᠠᠷᠭᠠᠭᠰᠠᠨ ᠨᠥᠬᠦᠪᠦᠷᠢᠯᠡᠨ ᠵᠠᠯᠠᠷᠠᠭᠤᠯᠤᠭᠰᠠᠨ ᠪᠤᠶᠤ | ᠨᠥᠬᠦᠪᠦᠷᠢᠯᠡᠨ ᠵᠠᠯᠠᠷᠠᠭᠤᠯᠤᠭᠰᠠᠨ ᠲᠠᠰᠤᠯᠤᠯᠳᠠ ᠨᠢ ᠤᠤᠯ ᠲᠣᠭᠲᠠᠭᠠᠯᠲᠠ ᠶᠢᠨ ᠪᠢᠴᠢᠭ ᠤᠨ ᠪᠦᠷᠢᠯᠳᠦᠭᠦᠨ ᠬᠡᠰᠡᠭ | ᠪᠣᠯᠣᠨ᠎ᠠ᠃ | ᠲᠣᠭᠲᠠᠭᠠᠯ ᠤᠨ ᠪᠢᠴᠢᠭ᠂ ᠡᠶᠡᠳᠡᠭᠦᠯᠭᠡ ᠶᠢᠨ ᠪᠢᠴᠢᠭ ᠢ ᠨᠥᠬᠦᠪᠦᠷᠢᠯᠡᠨ ᠵᠠᠯᠠᠷᠠᠭᠤᠯᠬᠤ ᠳᠤ ᠲᠤᠰ ᠵᠦᠢᠯ ᠤᠨ | ᠲᠣᠭᠲᠠᠭᠠᠯ ᠢ ᠯᠠᠪᠯᠠᠯᠲᠠ ᠪᠣᠯᠭᠠᠵᠤ ᠬᠡᠷᠡᠭᠯᠡᠨ᠎ᠡ᠃ | ᠵᠢᠷᠠᠨ ᠨᠢᠭᠡᠳᠦᠭᠡᠷ ᠵᠦᠢᠯ ᠠᠷᠠᠳ ᠤᠨ ᠰᠢᠭᠦᠬᠦ ᠬᠤᠷᠢᠶ᠎ᠠ ᠲᠡᠬᠢᠵᠦ ᠬᠥᠨᠳᠡᠯᠡᠨ ᠠᠴᠠ ᠲᠠᠰᠤᠯᠤᠭᠤᠯᠬᠤ ᠪᠠᠷ | ᠮᠡᠳᠡᠭᠳᠡᠭᠰᠡᠨ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠲᠡᠬᠢᠵᠦ ᠰᠢᠭᠦᠬᠦ ᠬᠡᠷᠡᠭᠲᠡᠢ ᠪᠥᠭᠡᠳ ᠲᠠᠰᠤᠯᠤᠯᠳᠠ | ᠭᠠᠷᠭᠠᠬᠤ ᠬᠡᠷᠡᠭᠲᠡᠢ᠃ | ᠲᠤᠯᠤᠳᠤᠭᠠᠷ ᠪᠦᠯᠦᠭ ᠤᠨᠴᠠᠭᠠᠢ ᠠᠵᠢᠯ ᠤᠨ ᠲᠠᠷᠠᠭᠠᠯᠠᠯ | ᠵᠢᠷᠠᠨ ᠬᠤᠶᠠᠳᠤᠭᠠᠷ ᠵᠦᠢᠯ ᠪᠡᠶ᠎ᠡ ᠶᠢᠨ ᠲᠠᠮᠢᠷ ᠤᠨ ᠤᠷᠤᠯᠳᠤᠭᠠᠨ ᠤ ᠴᠢᠬᠤᠯᠠ ᠶᠡᠭᠡ ᠠᠵᠢᠯᠯᠠᠭ᠎ᠠ ᠶᠢᠨ | ᠬᠤᠭᠤᠴᠠᠭᠠᠨ ᠳᠤ ᠡᠭᠦᠰᠦᠭᠰᠡᠨ ᠪᠤᠶᠤ ᠡᠬᠢᠯᠡᠬᠦ ᠶᠣᠰᠣᠯᠠᠯ ᠠᠴᠠ ᠡᠮᠦᠨ᠎ᠡ ᠠᠷᠪᠠᠨ ᠡᠳᠦᠷ ᠤᠨ ᠳᠣᠲᠣᠷ᠎ᠠ ᠲᠡᠷᠡ | ᠳᠠᠷᠤᠢ ᠳᠤᠨᠢ ᠰᠢᠢᠳᠪᠦᠷᠢᠯᠡᠬᠦ ᠴᠢᠬᠤᠯᠠᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ | ᠵᠢᠭᠤᠷᠠᠯᠳᠤᠭᠠᠨ ᠳᠤ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠲᠤᠰᠬᠠᠢ ᠠᠵᠢᠯ ᠤᠨ ᠲᠠᠷᠠᠭᠠᠯᠠᠯ ᠤᠨ | ᠳᠦᠷᠢᠮ ᠢ ᠬᠡᠷᠡᠭᠯᠡᠨ᠎ᠡ᠃ | ᠵᠢᠷᠠᠨ ᠭᠤᠷᠪᠠᠳᠤᠭᠠᠷ ᠵᠦᠢᠯ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ | ᠵᠣᠬᠢᠶᠠᠨ ᠪᠠᠶᠢᠭᠤᠯᠬᠤ ᠵᠦᠪᠯᠡᠯ ᠤᠨ ᠤᠷᠢᠯᠭ᠎ᠠ ᠪᠠᠷ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ | ᠤᠷᠤᠯᠳᠤᠭᠠᠨ ᠤ ᠠᠵᠢᠯᠯᠠᠭ᠎ᠠ ᠶᠢᠨ ᠬᠤᠭᠤᠴᠠᠭᠠᠨ ᠳᠤ ︽ᠤᠨᠴᠠᠭᠠᠢ ᠠᠵᠢᠯ ᠤᠨ ᠲᠠᠷᠠᠭᠠᠯᠠᠯ ᠤᠨ ᠬᠥᠨᠳᠡᠯᠡᠨ ᠠᠴᠠ | ᠲᠠᠰᠤᠯᠤᠭᠴᠢ ᠶᠢᠨ ᠨᠡᠷᠡᠰ ᠤᠨ ᠳᠡᠪᠲᠡᠷ︾ ᠭᠠᠷᠭᠠᠵᠤ᠂ ᠲᠡᠷᠡ ᠳᠠᠷᠤᠢ ᠳᠤᠨᠢ ᠰᠢᠢᠳᠪᠦᠷᠢᠯᠡᠬᠦ ᠴᠢᠬᠤᠯᠠᠲᠠᠢ | ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠤᠭᠤᠯᠵᠤ ᠰᠢᠢᠳᠪᠦᠷᠢᠯᠡᠨ᠎ᠡ᠃ | ︽ᠤᠨᠴᠠᠭᠠᠢ ᠠᠵᠢᠯ ᠤᠨ ᠲᠠᠷᠠᠭᠠᠯᠠᠯ ᠤᠨ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠢ | ︽ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠤᠨ ᠳᠣᠲᠣᠷ᠎ᠠ ᠠᠴᠠ ᠶᠢᠰᠦ ᠠᠴᠠ ᠠᠷᠪᠠᠨ ᠬᠤᠶᠠᠷ | ᠬᠥᠮᠥᠨ ᠢ ᠰᠣᠩᠭᠤᠨ ᠲᠣᠭᠲᠠᠭᠠᠵᠤ ᠪᠦᠷᠢᠯᠳᠦᠭᠦᠯᠦᠨ᠎ᠡ᠂ ᠡᠭᠦᠨ ᠳᠤ ︽ᠬᠥᠭᠡᠷᠦᠭᠦᠯᠬᠦ ᠡᠮ ᠢ ᠡᠰᠡᠷᠭᠦᠴᠡᠬᠦ | ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠤᠨ ᠳᠣᠲᠣᠷᠠᠬᠢ ᠭᠤᠷᠪᠠᠨ ᠬᠥᠮᠥᠨ ᠢ ᠪᠠᠭᠲᠠᠭᠠᠭᠰᠠᠨ | ᠪᠠᠶᠢᠬᠤ ᠬᠡᠷᠡᠭᠲᠡᠢ᠃ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠠᠶᠢᠳᠠᠯ ᠢ ᠦᠨᠳᠦᠰᠦᠯᠡᠨ᠂ ᠴᠢᠬᠤᠯᠠ ᠶᠡᠭᠡ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠬᠤᠭᠤᠴᠠᠭᠠᠨ ᠳᠤ ︽ᠣᠨᠴᠠᠭᠠᠶ ᠠᠵᠢᠯ ᠤᠨ ᠲᠠᠷᠠᠭᠠᠯᠠᠯ ᠤᠨ | ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ ᠲᠤ ᠲᠣᠬᠢᠷᠠᠭᠤᠯᠤᠯᠲᠠ ᠬᠢᠨ᠎ᠡ᠃ | ᠵᠢᠷᠠᠨ ᠳᠥᠷᠪᠡᠳᠦᠭᠡᠷ ᠵᠦᠢᠯ ᠤᠨᠴᠠᠭᠠᠢ ᠠᠵᠢᠯ ᠤᠨ ᠲᠠᠷᠠᠭᠠᠯᠠᠯ ᠤᠨ ᠳᠤᠮᠳᠠ᠂ ᠬᠥᠨᠳᠡᠯᠡᠨ ᠠᠴᠠ ᠲᠠᠰᠤᠯᠬᠤ | ᠪᠢᠴᠢᠭ ᠮᠠᠲ᠋ᠧᠷᠢᠶᠠᠯ ᠢ ᠡᠩ ᠤᠨ ᠪᠠᠶᠢᠳᠠᠯ ᠳᠤ ᠡᠯᠧᠺᠲᠷᠣᠨ ᠰᠢᠤᠳᠠᠨ ᠤ ᠵᠦᠢᠯ᠂ ᠤᠳᠠᠰᠦ ᠵᠡᠷᠭᠡ ᠬᠡᠯᠪᠡᠷᠢ ᠪᠠᠷ | ᠲᠤᠬᠠᠢ ᠶᠢᠨ ᠬᠥᠮᠥᠨ ᠪᠤᠶᠤ ᠲᠡᠭᠦᠨ ᠤ ᠬᠥᠨᠳᠡᠯᠡᠨ ᠠᠴᠠ ᠲᠠᠰᠤᠯᠬᠤ ᠣᠷᠣᠯᠠᠭᠴᠢ ᠳᠤ ᠬᠦᠷᠭᠡᠵᠦ᠂ ᠤᠳᠠᠰᠦ ᠶᠢᠨ | ᠬᠡᠯᠪᠡᠷᠢ ᠪᠠᠷ ᠬᠦᠷᠭᠡᠭᠰᠡᠨ ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠬᠥᠨᠳᠡᠯᠡᠨ ᠠᠴᠠ | ᠲᠠᠰᠤᠯᠬᠤ ᠪᠢᠴᠢᠭ ᠤᠨ ᠪᠢᠴᠢᠭ ᠮᠠᠲ᠋ᠧᠷᠢᠶᠠᠯ ᠢ ᠳᠠᠷᠠᠭ᠎ᠠ ᠳᠤᠨᠢ ᠨᠥᠬᠦᠪᠦᠷᠢᠯᠡᠨ ᠢᠯᠡᠭᠡᠬᠦ ᠬᠡᠷᠡᠭᠲᠡᠢ᠃ | ᠵᠢᠷᠠᠨ ᠲᠠᠪᠤᠳᠤᠭᠠᠷ ᠵᠦᠢᠯ ᠭᠤᠶᠤᠴᠢᠯᠠᠭᠴᠢ ᠣᠨᠴᠠᠭᠠᠶ ᠠᠵᠢᠯ ᠤᠨ ᠲᠠᠷᠠᠭᠠᠯᠠᠯ ᠢ ᠦᠨᠳᠦᠰᠦᠯᠡᠨ | ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ ᠦᠶ᠎ᠡ ᠳᠤ᠂ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠤᠨ ᠪᠢᠴᠢᠭ ᠲᠤ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠠᠭᠤᠯᠭ᠎ᠠ ᠶᠢ | ᠲᠣᠳᠣᠷᠬᠠᠢ ᠪᠢᠴᠢᠬᠦ ᠠᠴᠠ ᠭᠠᠳᠠᠨ᠎ᠠ ᠪᠠᠰᠠ ᠭᠤᠶᠤᠴᠢᠯᠠᠭᠴᠢ ᠪᠠ ᠭᠤᠶᠤᠴᠢᠯᠠᠭᠳᠠᠭᠴᠢ ᠶᠢᠨ ᠴᠢᠬᠤᠯᠠ ᠶᠡᠭᠡ | ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠬᠤᠭᠤᠴᠠᠭᠠᠨ ᠳᠠᠬᠢ ᠬᠠᠶ᠋ᠢᠭ ᠢ ᠲᠣᠳᠣᠷᠬᠠᠢ ᠪᠢᠴᠢᠬᠦ | ᠬᠡᠷᠡᠭᠲᠡᠢ᠃ | ᠵᠢᠷᠠᠨ ᠵᠢᠷᠭᠤᠳᠤᠭᠠᠷ ᠵᠦᠢᠯ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ᠂ | ᠡᠷᠬᠢᠯᠡᠭᠴᠢ ᠨᠢ ︽ᠤᠨᠴᠠᠭᠠᠢ ᠠᠵᠢᠯ ᠤᠨ ᠲᠠᠷᠠᠭᠠᠯᠠᠯ ᠤᠨ ᠬᠥᠨᠳᠡᠯᠡᠨ ᠠᠴᠠ ᠲᠠᠰᠤᠯᠤᠭᠴᠢ ᠶᠢᠨ ᠨᠡᠷᠡᠰ ᠤᠨ ᠳᠡᠪᠲᠡᠷ︾ | ᠤᠨ ᠳᠣᠲᠣᠷ᠎ᠠ ᠠᠴᠠ ᠭᠤᠷᠪᠠᠨ ᠨᠡᠷᠡᠰ ᠬᠥᠨᠳᠡᠯᠡᠨ ᠠᠴᠠ ᠲᠠᠰᠤᠯᠤᠭᠴᠢ ᠶᠢ ᠵᠢᠭᠠᠨ ᠲᠣᠭᠲᠠᠭᠠᠵᠤ ᠬᠥᠨᠳᠡᠯᠡᠨ ᠠᠴᠠ | ᠲᠠᠰᠤᠯᠬᠤ ᠲᠢᠩᠬᠢᠮ ᠢ ᠪᠦᠷᠢᠯᠳᠦᠭᠦᠯᠬᠦ ᠶᠢᠨ ᠬᠠᠮᠲᠤ ᠲᠦᠷᠦᠭᠦᠦ ᠬᠥᠨᠳᠡᠯᠡᠨ ᠠᠴᠠ ᠲᠠᠰᠤᠯᠤᠭᠴᠢ ᠶᠢ ᠬᠠᠮᠲᠤ ᠳᠤᠨᠢ | ᠵᠢᠭᠠᠨ ᠲᠣᠭᠲᠠᠭᠠᠬᠤ ᠬᠡᠷᠡᠭᠲᠡᠢ᠃ ᠬᠥᠭᠡᠷᠦᠭᠦᠯᠬᠦ ᠡᠮ ᠢ ᠡᠰᠡᠷᠭᠦᠴᠡᠬᠦ ᠲᠠᠢ ᠬᠤᠯᠪᠣᠭᠳᠠᠯ ᠪᠦᠬᠦᠢ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠳᠤ᠂ ᠬᠥᠭᠡᠷᠦᠭᠦᠯᠬᠦ ᠡᠮ ᠢ ᠡᠰᠡᠷᠭᠦᠴᠡᠬᠦ ᠬᠥᠨᠳᠡᠯᠡᠨ ᠠᠴᠠ ᠲᠠᠰᠤᠯᠤᠭᠴᠢ ᠠᠳᠠᠭ ᠲᠠᠭᠠᠨ | ᠨᠢᠭᠡ ᠪᠠᠶᠢᠬᠤ ᠬᠡᠷᠡᠭᠲᠡᠢ ᠪᠥᠭᠡᠳ ᠬᠠᠤᠯᠢ ᠶᠢᠨ ᠤᠬᠠᠭᠠᠨ ᠤ ᠠᠬᠤᠢ ᠪᠠᠶᠢᠳᠠᠯ ᠪᠤᠶᠤ ᠬᠠᠤᠯᠢ ᠴᠠᠭᠠᠵᠠ ᠶᠢᠨ ᠲᠤᠰᠬᠠᠢ | ᠮᠡᠷᠭᠡᠵᠢᠯ ᠤᠨ ᠲᠤᠷᠰᠢᠯᠭ᠎ᠠ ᠲᠠᠢ ᠬᠥᠨᠳᠡᠯᠡᠨ ᠠᠴᠠ ᠲᠠᠰᠤᠯᠤᠭᠴᠢ ᠨᠢᠭᠡ ᠪᠠᠶᠢᠬᠤ ᠬᠡᠷᠡᠭᠲᠡᠢ᠃ | ᠬᠡᠷᠪᠡ ᠪᠠᠶᠢᠳᠠᠯ ᠨᠢ ᠲᠣᠬᠢᠷᠠᠮᠵᠢᠲᠠᠢ ᠪᠣᠯ ᠡᠷᠬᠢᠯᠡᠭᠴᠢ ᠠᠴᠠ ᠭᠠᠭᠴᠠᠭᠠᠷ ᠬᠥᠨᠳᠡᠯᠡᠨ ᠠᠴᠠ ᠲᠠᠰᠤᠯᠤᠭᠴᠢ ᠶᠢ | ᠵᠢᠭᠠᠨ ᠲᠣᠭᠲᠠᠭᠠᠵᠤ ᠪᠣᠯᠣᠨ᠎ᠠ᠃ ᠬᠥᠭᠡᠷᠦᠭᠦᠯᠬᠦ ᠡᠮ ᠢ ᠡᠰᠡᠷᠭᠦᠴᠡᠬᠦ ᠲᠠᠢ ᠬᠤᠯᠪᠣᠭᠳᠠᠬᠤ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠳᠤ᠂ ᠲᠤᠰᠠᠭᠠᠷ ᠬᠥᠨᠳᠡᠯᠡᠨ ᠠᠴᠠ ᠲᠠᠰᠤᠯᠤᠭᠴᠢ ᠨᠢ ᠬᠠᠤᠯᠢ ᠶᠢᠨ ᠤᠬᠠᠭᠠᠨ ᠤ ᠠᠬᠤᠢ | ᠪᠠᠶᠢᠳᠠᠯ ᠪᠤᠶᠤ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠲᠤᠷᠰᠢᠯᠭ᠎ᠠ ᠲᠠᠢ ᠬᠥᠭᠡᠷᠦᠭᠦᠯᠬᠦ ᠡᠮ ᠢ ᠡᠰᠡᠷᠭᠦᠴᠡᠬᠦ | ᠬᠥᠨᠳᠡᠯᠡᠨ ᠠᠴᠠ ᠲᠠᠰᠤᠯᠤᠭᠴᠢ ᠪᠠᠶᠢᠬᠤ ᠬᠡᠷᠡᠭᠲᠡᠢ᠃ | ᠵᠢᠷᠠᠨ ᠳᠣᠯᠣᠳᠤᠭᠠᠷ ᠵᠦᠢᠯ ᠬᠥᠨᠳᠡᠯᠡᠨ ᠠᠴᠠ ᠲᠠᠰᠤᠯᠤᠭᠴᠢ ᠨᠢ ᠰᠢᠭᠦᠬᠦ ᠲᠢᠩᠬᠢᠮ ᠤᠨ ᠵᠣᠬᠢᠶᠠᠨ | ᠪᠠᠶᠢᠭᠤᠯᠬᠤ ᠮᠡᠳᠡᠭᠳᠡᠯ ᠢ ᠣᠯᠣᠭᠰᠠᠨ ᠤ ᠲᠡᠷᠠᠭ᠎ᠠ᠂ ᠲᠡᠭᠦᠨ ᠤ ᠣᠯᠵᠤ ᠮᠡᠳᠡᠭᠰᠡᠨ ᠪᠡᠶ᠎ᠡ ᠪᠠᠨ ᠳᠠᠭᠠᠭᠠᠭᠰᠠᠨ ᠴᠢᠨᠠᠷ᠂ | ᠲᠥᠪ ᠭᠤᠣᠯᠴᠢ ᠴᠢᠨᠠᠷ ᠲᠤ ᠵᠦᠢ ᠵᠣᠬᠢᠰᠲᠠᠢ ᠰᠡᠵᠢᠭᠯᠡᠯ ᠡᠭᠦᠰᠬᠡᠵᠦ ᠮᠡᠳᠡᠬᠦ ᠶᠠᠮᠠᠷᠪᠠ ᠪᠠᠶᠢᠳᠠᠯ ᠢ ᠲᠡᠷᠡ ᠳᠠᠷᠤᠢ | ᠳᠤᠨᠢ ᠪᠢᠴᠢᠭ ᠢᠶᠠᠷ ᠨᠡᠶᠢᠲᠡᠯᠡᠬᠦ ᠬᠡᠷᠡᠭᠲᠡᠢ ᠪᠥᠭᠡᠳ ᠡᠶᠢᠮᠦ ᠪᠠᠶᠢᠳᠠᠯ ᠣᠷᠣᠰᠢᠵᠤ ᠪᠠᠶᠢᠬᠤ ᠦᠶ᠎ᠡ ᠳᠤ ᠲᠡᠷᠡ ᠳᠠᠷᠤᠢ | ᠳᠤᠨᠢ ᠵᠠᠶᠢᠯᠠᠬᠤ ᠬᠡᠷᠡᠭᠲᠡᠢ᠃ | ᠲᠤᠬᠠᠢ ᠶᠢᠨ ᠬᠥᠮᠥᠨ ᠨᠢ ᠬᠥᠨᠳᠡᠯᠡᠨ ᠠᠴᠠ ᠲᠠᠰᠤᠯᠤᠭᠴᠢ ᠳᠤ ᠵᠠᠶᠢᠯᠠᠬᠤ ᠪᠠᠶᠢᠳᠠᠯ ᠣᠷᠣᠰᠢᠵᠤ ᠪᠠᠶᠢᠬᠤ ᠶᠢ | ᠮᠡᠳᠡᠬᠦ ᠪᠤᠶᠤ ᠮᠡᠳᠡᠬᠦ ᠶᠣᠰᠣᠲᠠᠢ ᠦᠶ᠎ᠡ ᠳᠤ ᠲᠡᠷᠡ ᠳᠠᠷᠤᠢ ᠳᠤᠨᠢ ᠵᠠᠶᠢᠯᠠᠭᠤᠯᠬᠤ ᠪᠠᠷ ᠳᠤᠷᠠᠳᠬᠤ ᠬᠡᠷᠡᠭᠲᠡᠢ᠃ | ᠡᠷᠬᠢᠯᠡᠭᠴᠢ ᠨᠢ ᠲᠤᠬᠠᠢ ᠶᠢᠨ ᠬᠥᠮᠥᠨ ᠤ ᠳᠤᠷᠠᠳᠤᠭᠰᠠᠨ ᠵᠠᠶᠢᠯᠠᠭᠤᠯᠬᠤ ᠭᠤᠶᠤᠴᠢᠯᠠᠯ ᠤᠨ ᠲᠤᠬᠠᠢ ᠲᠡᠷᠡ | ᠳᠠᠷᠤᠢ ᠳᠤᠨᠢ ᠲᠣᠭᠲᠠᠭᠠᠯ ᠭᠠᠷᠭᠠᠬᠤ ᠬᠡᠷᠡᠭᠲᠡᠢ᠃ ᠪᠠᠶᠢᠳᠠᠯ ᠢ ᠵᠥᠪᠰᠢᠶᠡᠷᠡᠬᠦ ᠦᠶ᠎ᠡ ᠳᠤ᠂ ᠡᠷᠬᠢᠯᠡᠭᠴᠢ ᠲᠣᠭᠲᠠᠭᠠᠯ | ᠭᠠᠷᠭᠠᠬᠤ ᠠᠴᠠ ᠪᠠᠨ ᠡᠮᠦᠨ᠎ᠡ ᠬᠤᠯᠪᠣᠭᠳᠠᠯ ᠪᠦᠬᠦᠢ ᠲᠤᠬᠠᠢ ᠶᠢᠨ ᠬᠥᠮᠥᠨ ᠪᠠ ᠬᠥᠨᠳᠡᠯᠡᠨ ᠠᠴᠠ ᠲᠠᠰᠤᠯᠤᠭᠴᠢ ᠶᠢᠨ | ᠰᠠᠨᠠᠯ ᠢ ᠰᠣᠨᠣᠰᠬᠤ ᠬᠡᠷᠡᠭᠲᠡᠢ᠃ | ᠵᠢᠷᠠᠨ ᠨᠠᠢᠮᠠᠳᠤᠭᠠᠷ ᠵᠦᠢᠯ ᠠᠳᠠᠯᠢ ᠨᠢᠭᠡᠨ ᠤᠷᠤᠯᠳᠤᠭᠠᠨ ᠤ ᠳᠦᠷᠢᠮ ᠢ ᠦᠨᠳᠦᠰᠦᠯᠡᠨ ᠭᠤᠶᠤᠴᠢᠯᠠᠭᠰᠠᠨ | ᠬᠥᠨᠳᠡᠯᠡᠨ ᠠᠴᠠ ᠲᠠᠰᠤᠯᠬᠤ ᠳᠤ᠂ ᠬᠡᠷᠪᠡ ᠤᠨᠴᠠᠭᠠᠢ ᠠᠵᠢᠯ ᠤᠨ ᠲᠠᠷᠠᠭᠠᠯᠠᠯ ᠢ ᠬᠡᠷᠡᠭᠯᠡᠬᠦ ᠤᠷᠢᠳᠠᠪᠠᠷ ᠲᠠᠰᠤᠯᠤᠭᠠᠳᠤᠢ | ᠪᠤᠰᠤᠳ ᠬᠡᠷᠡᠭ ᠲᠠᠢ ᠬᠤᠯᠪᠣᠭᠳᠠᠯ ᠲᠠᠢ ᠪᠠᠶᠢᠪᠠᠯ᠂ ᠡᠷᠬᠢᠯᠡᠭᠴᠢ ᠠᠴᠠ ᠬᠤᠶᠢᠨᠠᠬᠢ ᠭᠤᠶᠤᠴᠢᠯᠠᠯ ᠢ ᠤᠷᠢᠳᠠᠪᠠᠷ | ᠭᠤᠶᠤᠴᠢᠯᠠᠭᠰᠠᠨ ᠬᠥᠨᠳᠡᠯᠡᠨ ᠠᠴᠠ ᠲᠠᠰᠤᠯᠬᠤ ᠲᠢᠩᠬᠢᠮ ᠳᠤ ᠲᠣᠮᠢᠯᠠᠵᠤ ᠨᠡᠶᠢᠯᠡᠭᠦᠯᠦᠨ ᠲᠠᠰᠤᠯᠤᠭᠤᠯᠬᠤ ᠪᠠᠷ | ᠲᠣᠭᠲᠠᠭᠠᠵᠤ ᠪᠣᠯᠣᠨ᠎ᠠ᠃ | ᠡᠷᠬᠢᠯᠡᠭᠴᠢ ᠨᠢ ᠲᠤᠰ ᠵᠦᠢᠯ ᠤᠨ ᠨᠢᠭᠡᠳᠦᠭᠡᠷ ᠪᠠᠳᠠᠭ ᠤᠨ ᠲᠣᠮᠢᠯᠠᠯᠲᠠ ᠶᠢ ᠲᠣᠭᠲᠠᠭᠠᠬᠤ ᠳᠠᠭᠠᠨ ᠬᠤᠶᠠᠷ | ᠬᠡᠷᠡᠭ ᠤᠨ ᠬᠤᠭᠤᠷᠣᠨᠳᠣᠬᠢ ᠬᠠᠷᠢᠴᠠᠭ᠎ᠠ᠂ ᠤᠷᠢᠳᠤᠬᠢ ᠬᠡᠷᠡᠭ ᠤᠨ ᠠᠬᠢᠴᠠ ᠶᠢ ᠪᠠᠭᠲᠠᠭᠠᠭᠰᠠᠨ ᠪᠤᠢ ᠪᠦᠬᠦᠢ | ᠪᠠᠶᠢᠳᠠᠯ ᠢ ᠠᠯᠢ ᠴᠢᠳᠠᠬᠤ ᠪᠠᠷ ᠪᠣᠳᠣᠯᠬᠢᠯᠠᠬᠤ ᠬᠡᠷᠡᠭᠲᠡᠢ᠃ | ᠵᠢᠷᠠ ᠶᠢᠰᠦᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠵᠣᠬᠢᠰᠲᠠᠢ ᠭᠡᠵᠦ ᠦᠵᠡᠭᠰᠡᠨ ᠠᠷᠭ᠎ᠠ | ᠮᠠᠶ᠋ᠢᠭ ᠢᠶᠠᠷ ᠢᠶᠠᠨ ᠬᠥᠨᠳᠡᠯᠡᠨ ᠠᠴᠠ ᠲᠠᠰᠤᠯᠬᠤ ᠵᠢᠷᠤᠮ ᠢ ᠵᠣᠬᠢᠶᠠᠨ ᠪᠠᠶᠢᠭᠤᠯᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠭᠤᠶᠤᠴᠢᠯᠠᠯ ᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ | ᠳᠠᠷᠠᠭ᠎ᠠ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠳᠤ ᠲᠢᠩᠬᠢᠮ ᠨᠡᠭᠡᠭᠡᠬᠦ ᠮᠡᠳᠡᠭᠳᠡᠯ ᠢ ᠲᠡᠷᠡ ᠳᠠᠷᠤᠢ ᠳᠤᠨᠢ | ᠶᠠᠪᠤᠭᠤᠯᠬᠤ ᠬᠡᠷᠡᠭᠲᠡᠢ᠃ ᠭᠤᠶᠤᠴᠢᠯᠠᠭᠳᠠᠭᠴᠢ ᠳᠤ ᠶᠠᠪᠤᠭᠤᠯᠤᠭᠰᠠᠨ ᠲᠢᠩᠬᠢᠮ ᠨᠡᠭᠡᠭᠡᠬᠦ ᠮᠡᠳᠡᠭᠳᠡᠯ ᠳᠤ | ᠭᠤᠶᠤᠴᠢᠯᠠᠯ ᠤᠨ ᠪᠢᠴᠢᠭ ᠤᠨ ᠬᠠᠭᠤᠯᠪᠤᠷᠢ ᠳᠡᠪᠲᠡᠷ ᠢ ᠳᠠᠭᠠᠯᠳᠤᠭᠤᠯᠬᠤ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠲᠢᠩᠬᠢᠮ ᠤᠨ ᠰᠢᠭᠦᠯᠲᠡ ᠶᠢᠨ ᠦᠶ᠎ᠡ ᠳᠤ ᠬᠤᠶᠠᠷ ᠲᠠᠯ᠎ᠠ ᠶᠢᠨ | ᠲᠤᠬᠠᠢ ᠶᠢᠨ ᠬᠥᠮᠥᠨ ᠤ ᠰᠠᠨᠠᠯ ᠢ ᠰᠣᠨᠣᠰᠬᠤ ᠬᠡᠷᠡᠭᠲᠡᠢ᠃ ᠬᠡᠷᠪᠡ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ | ᠪᠠᠷᠢᠮᠲᠠ ᠨᠢ ᠪᠦᠷᠢᠨ ᠭᠦᠢᠴᠡᠳ ᠪᠠᠶᠢᠪᠠᠯ᠂ ᠬᠥᠨᠳᠡᠯᠡᠨ ᠠᠴᠠ ᠲᠠᠰᠤᠯᠬᠤ ᠲᠢᠩᠬᠢᠮ ᠲᠢᠩᠬᠢᠮ ᠤᠨ ᠰᠢᠭᠦᠯᠲᠡ ᠬᠢᠬᠦ | ᠦᠭᠡᠢ ᠪᠠᠷ ᠲᠣᠭᠲᠠᠭᠠᠵᠤ ᠪᠣᠯᠬᠤ ᠪᠥᠭᠡᠳ ᠲᠡᠷᠡ ᠳᠠᠷᠤᠢ ᠳᠤᠨᠢ ᠲᠠᠰᠤᠯᠤᠯᠳᠠ ᠭᠠᠷᠭᠠᠵᠤ ᠪᠣᠯᠣᠨ᠎ᠠ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠵᠣᠬᠢᠰᠲᠠᠢ ᠠᠷᠭ᠎ᠠ ᠬᠡᠮᠵᠢᠶ᠎ᠡ ᠠᠪᠴᠤ ᠭᠡᠷᠡᠴᠢ ᠠᠪᠬᠤ᠂ ᠭᠡᠷᠡᠴᠢ | ᠳᠤᠷᠠᠳᠬᠤ᠂ ᠲᠤᠯᠭᠠᠨ ᠭᠡᠷᠡᠴᠢᠯᠡᠬᠦ ᠵᠡᠷᠭᠡ ᠭᠡᠷᠡᠴᠢ ᠪᠠᠷᠢᠮᠲᠠ ᠲᠠᠢ ᠬᠤᠯᠪᠣᠭᠳᠠᠬᠤ ᠬᠥᠨᠳᠡᠯᠡᠨ ᠠᠴᠠ ᠲᠠᠰᠤᠯᠬᠤ ᠠᠵᠢᠯ | ᠤᠨ ᠲᠠᠷᠠᠭᠠᠯᠠᠯ ᠢ ᠲᠦᠯᠬᠢᠨ ᠠᠬᠢᠭᠤᠯᠵᠤ ᠪᠣᠯᠣᠨ᠎ᠠ᠃ | ᠲᠤᠬᠠᠢ ᠶᠢᠨ ᠬᠥᠮᠥᠨ ᠲᠢᠩᠬᠢᠮ ᠤᠨ ᠰᠢᠭᠦᠯᠲᠡ ᠳᠤ ᠣᠷᠣᠯᠴᠠᠭᠰᠠᠨ ᠦᠭᠡᠢ ᠪᠠᠶᠢᠪᠠᠯ᠂ ᠬᠥᠨᠳᠡᠯᠡᠨ ᠠᠴᠠ | ᠲᠠᠰᠤᠯᠬᠤ ᠲᠢᠩᠬᠢᠮ ᠰᠠᠭᠠᠲᠠᠯ ᠲᠠᠢ ᠪᠠᠷ ᠰᠢᠭᠦᠵᠦ ᠪᠣᠯᠣᠨ᠎ᠠ᠃ | ᠳᠠᠯᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠨᠢ ᠬᠥᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠭᠠᠷᠭᠠᠭᠰᠠᠨ ᠤ ᠲᠡᠷᠠᠭ᠎ᠠ ᠬᠤᠷᠢᠨ ᠲᠦᠷᠪᠡᠨ ᠴᠠᠭ ᠤᠨ ᠳᠣᠲᠣᠷ᠎ᠠ ᠲᠠᠰᠤᠯᠤᠯᠳᠠ ᠭᠠᠷᠭᠠᠬᠤ ᠬᠡᠷᠡᠭᠲᠡᠢ᠃ | ᠦᠨᠡᠬᠡᠷ ᠣᠨᠴᠠᠭᠠᠶ ᠪᠠᠶᠢᠳᠠᠯ ᠲᠠᠢ ᠪᠠᠶᠢᠪᠠᠯ᠂ ᠡᠷᠬᠢᠯᠡᠭᠴᠢ ᠠᠴᠠ ᠲᠠᠰᠤᠯᠤᠯᠳᠠ ᠭᠠᠷᠭᠠᠬᠤ ᠬᠤᠭᠤᠴᠠᠭ᠎ᠠ ᠶᠢ | ᠵᠣᠬᠢᠰᠲᠠᠢ ᠪᠠᠷ ᠤᠷᠲᠤᠳᠬᠠᠵᠤ ᠪᠣᠯᠣᠨ᠎ᠠ᠃ | ᠲᠡᠯᠡᠠ ᠨᠢᠭᠡᠳᠦᠭᠡᠷ ᠵᠦᠢᠯ ᠬᠥᠨᠳᠡᠯᠡᠨ ᠠᠴᠠ ᠲᠠᠰᠤᠯᠬᠤ ᠲᠢᠩᠬᠢᠮ ᠤᠨ ᠭᠠᠷᠭᠠᠭᠰᠠᠨ ᠲᠠᠰᠤᠯᠤᠯᠳᠠ ᠪᠣᠯ | ᠡᠴᠦᠰ ᠤᠨ ᠲᠠᠰᠤᠯᠤᠯᠳᠠ ᠮᠥᠨ᠂ ᠲᠠᠰᠤᠯᠤᠯᠳᠠ ᠭᠠᠷᠭᠠᠭᠰᠠᠨ ᠡᠳᠦᠷ ᠠᠴᠠ ᠡᠬᠢᠯᠡᠨ ᠬᠠᠤᠯᠢ ᠶᠢᠨ ᠬᠦᠴᠦᠨ ᠲᠠᠢ | ᠪᠣᠯᠣᠨ᠎ᠠ᠃ | ᠲᠠᠰᠤᠯᠤᠯᠳᠠ ᠭᠠᠷᠭᠠᠭᠰᠠᠨ ᠤ ᠳᠠᠷᠠᠭ᠎ᠠ ᠲᠤᠬᠠᠢ ᠶᠢᠨ ᠬᠥᠮᠥᠨ ᠳᠤ ᠲᠡᠷᠡ ᠳᠠᠷᠤᠢ ᠳᠤᠨᠢ ᠮᠡᠳᠡᠭᠳᠡᠬᠦ ᠬᠡᠷᠡᠭᠲᠡᠢ᠃ | ᠬᠥᠨᠳᠡᠯᠡᠨ ᠠᠴᠠ ᠲᠠᠰᠤᠯᠬᠤ ᠲᠢᠩᠬᠢᠮ ᠨᠢ ᠵᠥᠪᠬᠡᠨ ᠲᠤᠬᠠᠢ ᠶᠢᠨ ᠬᠥᠮᠥᠨ ᠳᠤ ᠳᠠᠰᠤᠯᠤᠯᠳᠠ ᠶᠢᠨ ᠦᠷ᠎ᠡ ᠳ᠋ᠦᠩ ᠢ | ᠮᠡᠳᠡᠭᠳᠡᠵᠦ ᠪᠣᠯᠣᠨ᠎ᠠ᠂ ᠭᠡᠪᠡᠴᠦ ᠳᠠᠰᠤᠯᠤᠯᠳᠠ ᠭᠠᠷᠭᠠᠭᠰᠠᠨ ᠠᠷᠪᠠᠨ ᠲᠠᠪᠤᠨ ᠡᠳᠦᠷ ᠤᠨ ᠳᠣᠲᠣᠷ᠎ᠠ ᠤᠴᠢᠷ | ᠰᠢᠯᠲᠠᠭᠠᠨ ᠢᠶᠠᠨ ᠨᠥᠬᠦᠪᠦᠷᠢᠯᠡᠨ ᠲᠣᠳᠣᠷᠬᠠᠶᠢᠯᠠᠬᠤ ᠬᠡᠷᠡᠭᠲᠡᠢ᠃ | ᠳᠠᠯᠠᠨ ᠬᠤᠶᠠᠳᠤᠭᠠᠷ ᠵᠦᠢᠯ ᠭᠤᠶᠤᠴᠢᠯᠠᠭᠴᠢ ᠶᠢᠨ ᠬᠥᠨᠳᠡᠯᠡᠨ ᠠᠴᠠ ᠲᠠᠰᠤᠯᠤᠭᠤᠯᠬᠤ ᠭᠤᠶᠤᠴᠢᠯᠠᠯ᠂ | ᠵᠢᠭᠤᠷᠠᠯᠳᠤᠭᠠᠨ ᠤ ᠰᠢᠨᠵᠢ ᠴᠢᠨᠠᠷ᠂ ᠪᠤᠳᠤᠯᠢᠶᠠᠨᠲᠤ ᠴᠢᠨᠠᠷ ᠪᠠ ᠪᠠᠴᠢᠮ ᠴᠢᠨᠠᠷ᠂ ᠲᠤᠬᠠᠢ ᠶᠢᠨ ᠬᠥᠮᠥᠨ ᠤ | ᠲᠢᠩᠬᠢᠮ ᠤᠨ ᠰᠢᠭᠦᠯᠲᠡ ᠳᠤ ᠣᠷᠤᠯᠴᠠᠬᠤ ᠡᠷᠬᠡ ᠵᠡᠷᠭᠡ ᠬᠡᠷᠡᠭ ᠤᠨ ᠪᠤᠶ ᠪᠦᠬᠦᠢ ᠪᠠᠶᠢᠳᠠᠯ ᠢ ᠶᠡᠷᠦᠩᠬᠡᠶᠢᠯᠡᠨ | ᠪᠣᠳᠣᠯᠬᠢᠯᠠᠭᠰᠠᠨ ᠤ ᠳᠠᠷᠠᠭ᠎ᠠ᠂ ᠬᠥᠨᠳᠡᠯᠡᠨ ᠠᠴᠠ ᠲᠠᠰᠤᠯᠬᠤ ᠲᠢᠩᠬᠢᠮ ᠡᠴᠦᠰ ᠤᠨ ᠲᠠᠰᠤᠯᠤᠯᠲᠠ ᠭᠠᠷᠭᠠᠵᠤ ᠪᠣᠯᠬᠤ | ᠮᠥᠷᠲᠡᠭᠡᠨ ᠪᠠᠰᠠ ᠵᠠᠭᠤᠷᠠᠯᠳᠤᠭᠠᠨ ᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠰᠢᠯᠵᠢᠭᠦᠯᠦᠨ | ᠥᠭᠴᠦ ᠡᠩ ᠤᠨ ᠠᠵᠢᠯ ᠤᠨ ᠲᠠᠷᠠᠭᠠᠯᠠᠯ ᠢᠶᠠᠷ ᠬᠥᠨᠳᠡᠯᠡᠨ ᠠᠴᠠ ᠲᠠᠰᠤᠯᠤᠭᠤᠯᠵᠤ ᠪᠣᠯᠣᠨ᠎ᠠ᠂ ᠪᠠᠰᠠ | ᠵᠠᠭᠤᠷᠠᠯᠳᠤᠭᠠᠨ ᠤ ᠬᠡᠰᠡᠭ ᠲᠤ ᠲᠠᠰᠤᠯᠤᠯᠲᠠ ᠭᠠᠷᠭᠠᠭᠤᠯᠵᠤ᠂ ᠵᠠᠭᠤᠷᠠᠯᠳᠤᠭᠠᠨ ᠤ ᠰᠢᠢᠳᠪᠦᠷᠢᠯᠡᠭᠡᠳᠦᠢ ᠬᠡᠰᠡᠭ ᠢ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠳᠤ ᠰᠢᠯᠵᠢᠭᠦᠯᠦᠨ ᠥᠭᠴᠦ ᠡᠩ ᠤᠨ ᠠᠵᠢᠯ ᠤᠨ | ᠲᠠᠷᠠᠭᠠᠯᠠᠯ ᠢᠶᠠᠷ ᠬᠥᠨᠳᠡᠯᠡᠨ ᠠᠴᠠ ᠲᠠᠰᠤᠯᠤᠭᠤᠯᠵᠤ ᠪᠣᠯᠣᠨ᠎ᠠ᠃ | ᠡᠩ ᠤᠨ ᠠᠵᠢᠯ ᠤᠨ ᠲᠠᠷᠠᠭᠠᠯᠠᠯ ᠳᠤ ᠰᠢᠯᠵᠢᠭᠦᠯᠦᠨ ᠲᠤᠰᠢᠶᠠᠭᠰᠠᠨ ᠤ ᠳᠠᠷᠠᠭ᠎ᠠ᠂ ᠮᠥᠨ ᠯᠡ ᠤᠤᠯ ᠤᠨ | ᠬᠥᠨᠳᠡᠯᠡᠨ ᠠᠴᠠ ᠲᠠᠰᠤᠯᠬᠤ ᠲᠢᠩᠬᠢᠮ ᠠᠴᠠ ᠬᠥᠨᠳᠡᠯᠡᠨ ᠠᠴᠠ ᠲᠠᠰᠤᠯᠵᠤ᠂ ᠬᠥᠨᠳᠡᠯᠡᠨ ᠠᠴᠠ ᠲᠠᠰᠤᠯᠬᠤ | ᠬᠤᠭᠤᠴᠠᠭ᠎ᠠ ᠶᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠥᠨᠳᠡᠯᠡᠨ ᠠᠴᠠ ᠲᠠᠰᠤᠯᠬᠤ ᠤᠨᠴᠠᠭᠠᠢ ᠠᠵᠢᠯ ᠤᠨ | ᠲᠠᠷᠠᠭᠠᠯᠠᠯ ᠤᠨ ᠬᠡᠷᠡᠭ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ ᠪᠤᠳᠤᠨ᠎ᠡ᠃ | ᠲᠠᠯᠠᠨ ᠭᠤᠷᠪᠠᠳᠤᠭᠠᠷ ᠵᠦᠢᠯ ᠲᠤᠰ ᠪᠦᠯᠦᠭ ᠲᠤ ᠲᠣᠭᠲᠠᠭᠠᠭᠰᠠᠨ ᠦᠭᠡᠢ ᠵᠦᠢᠯᠡᠰ ᠲᠤ ᠲᠤᠰ ᠳᠦᠷᠢᠮ ᠤᠨ | ᠪᠤᠰᠤᠳ ᠲᠣᠭᠲᠠᠭᠠᠯ ᠢ ᠬᠡᠷᠡᠭᠯᠡᠨ᠎ᠡ᠃ | ᠨᠠᠢᠮᠠᠳᠤᠭᠠᠷ ᠪᠦᠯᠦᠭ ᠲᠠᠭᠠᠯᠳᠤᠭᠤᠯᠤᠯ ᠳᠦᠷᠢᠮ | ᠳᠠᠯᠠᠨ ᠳᠥᠷᠪᠡᠳᠦᠭᠡᠷ ᠵᠦᠢᠯ ᠲᠤᠬᠠᠢ ᠶᠢᠨ ᠬᠥᠮᠥᠨ ᠨᠢ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ | ᠵᠦᠪᠯᠡᠯ ᠳᠤ ᠲᠦᠷ ᠴᠠᠭ ᠤᠨ ᠠᠷᠭ᠎ᠠ ᠬᠡᠮᠵᠢᠶ᠎ᠡ ᠠᠪᠬᠤ ᠪᠠᠷ ᠭᠤᠶᠤᠴᠢᠯᠠᠵᠤ ᠪᠣᠯᠣᠨ᠎ᠠ᠂ ᠪᠣᠳᠠᠲᠠᠢ ᠵᠢᠷᠤᠮ ᠢ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ ᠲᠣᠭᠲᠠᠭᠠᠨ᠎ᠠ᠃ | ᠳᠠᠯᠠᠨ ᠲᠠᠪᠤᠳᠤᠭᠠᠷ ᠵᠦᠢᠯ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠤᠨ | ᠬᠥᠨᠳᠡᠯᠡᠨ ᠠᠴᠠ ᠲᠠᠰᠤᠯᠬᠤ ᠦᠭᠡ ᠬᠡᠯᠡ ᠨᠢ ᠬᠢᠲᠠᠳ ᠬᠡᠯᠡ ᠪᠣᠯᠣᠨ᠎ᠠ᠃ | ᠲᠤᠬᠠᠢ ᠶᠢᠨ ᠬᠥᠮᠥᠨ ᠨᠢ ᠠᠩᠭ᠍ᠯᠢ ᠬᠡᠯᠡ ᠪᠠᠷ ᠬᠥᠨᠳᠡᠯᠡᠨ ᠠᠴᠠ ᠲᠠᠰᠤᠯᠬᠤ ᠬᠡᠯᠡ ᠪᠣᠯᠭᠠᠬᠤ ᠪᠠᠷ ᠪᠣᠯᠵᠣᠨ | ᠲᠣᠭᠲᠠᠵᠤ ᠪᠣᠯᠣᠨ᠎ᠠ᠃ | ᠲᠤᠬᠠᠢ ᠶᠢᠨ ᠬᠥᠮᠥᠨ ᠬᠥᠨᠳᠡᠯᠡᠨ ᠠᠴᠠ ᠲᠠᠰᠤᠯᠬᠤ ᠬᠡᠯᠡ ᠶᠢ ᠪᠤᠰᠤᠳ ᠬᠡᠯᠡ ᠪᠠᠷ ᠪᠣᠯᠵᠣᠨ ᠲᠣᠭᠲᠠᠭᠰᠠᠨ | ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ ᠬᠥᠨᠳᠡᠯᠡᠨ ᠠᠴᠠ ᠲᠠᠰᠤᠯᠬᠤ | ᠲᠢᠩᠬᠢᠮ ᠠᠴᠠ ᠬᠡᠷᠡᠭ ᠤᠨ ᠪᠣᠳᠠᠲᠠᠢ ᠪᠠᠶᠢᠳᠠᠯ ᠢ ᠦᠨᠳᠦᠰᠦᠯᠡᠵᠦ ᠲᠣᠭᠲᠠᠭᠠᠨ᠎ᠠ᠃ | ᠲᠤᠬᠠᠢ ᠶᠢᠨ ᠬᠥᠮᠥᠨ ᠤ ᠲᠤᠰᠢᠶᠠᠭᠰᠠᠨ ᠡᠯ᠎ᠡ ᠵᠦᠢᠯ ᠤᠨ ᠪᠢᠴᠢᠭ ᠮᠠᠲ᠋ᠧᠷᠢᠶᠡᠯ᠂ ᠪᠢᠴᠢᠭ ᠤᠨ ᠭᠡᠷᠡᠴᠢ ᠶᠢ | ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠪᠤᠶᠤ ᠬᠥᠨᠳᠡᠯᠡᠨ ᠠᠴᠠ ᠲᠠᠰᠤᠯᠬᠤ ᠲᠢᠩᠬᠢᠮ | ᠴᠢᠬᠤᠯᠠ ᠲᠠᠢ ᠭᠡᠵᠦ ᠦᠵᠡᠪᠡᠯ᠂ ᠵᠣᠬᠢᠴᠠᠩᠭᠤᠢ ᠬᠢᠲᠠᠳ ᠬᠡᠯᠡᠨ ᠤ ᠣᠷᠴᠢᠭᠤᠯᠭ᠎ᠠ ᠶᠢᠨ ᠳᠡᠪᠲᠡᠷ ᠪᠤᠶᠤ ᠪᠤᠰᠤᠳ | ᠬᠡᠯᠡᠨ ᠤ ᠣᠷᠴᠢᠭᠤᠯᠭ᠎ᠠ ᠶᠢᠨ ᠳᠡᠪᠲᠡᠷ ᠬᠠᠩᠭᠠᠯᠭᠠᠬᠤ ᠪᠠᠷ ᠲᠤᠬᠠᠢ ᠶᠢᠨ ᠬᠥᠮᠥᠨ ᠳᠤ ᠱᠠᠭᠠᠷᠳᠠᠵᠤ ᠪᠣᠯᠣᠨ᠎ᠠ᠃ | ᠲᠢᠩᠬᠢᠮ ᠤᠨ ᠰᠢᠭᠦᠯᠲᠡ ᠶᠢᠨ ᠦᠶ᠎ᠡ ᠳᠤ ᠲᠤᠬᠠᠢ ᠶᠢᠨ ᠬᠥᠮᠥᠨ ᠪᠤᠶᠤ ᠲᠡᠭᠦᠨ ᠤ ᠣᠷᠣᠯᠠᠭᠴᠢ᠂ ᠭᠡᠷᠡᠴᠢᠯᠡᠭᠴᠢ | ᠳᠤ ᠣᠷᠴᠢᠭᠤᠯᠬᠤ ᠴᠢᠬᠤᠯᠠᠲᠠᠢ ᠪᠠᠶᠢᠪᠠᠯ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ ᠲᠠᠰᠤᠯᠬᠤ ᠵᠦᠪᠯᠡᠯ ᠠᠴᠠ | ᠣᠷᠴᠢᠭᠤᠯᠤᠭᠴᠢ ᠬᠠᠩᠭᠠᠵᠤ ᠪᠣᠯᠣᠨ᠎ᠠ᠂ ᠲᠤᠬᠠᠢ ᠶᠢᠨ ᠬᠥᠮᠥᠨ ᠥᠪᠡᠰᠦᠪᠡᠨ ᠣᠷᠴᠢᠭᠤᠯᠤᠭᠴᠢ ᠬᠠᠩᠭᠠᠭᠰᠠᠨ ᠴᠤ | ᠪᠣᠯᠣᠨ᠎ᠠ᠃ ᠣᠷᠴᠢᠭᠤᠯᠭ᠎ᠠ ᠶᠢᠨ ᠵᠠᠷᠤᠳᠠᠯ ᠢ ᠲᠤᠬᠠᠢ ᠶᠢᠨ ᠬᠥᠮᠥᠨ ᠥᠪᠡᠷ ᠢᠶᠠᠨ ᠡᠭᠦᠷᠭᠡᠯᠡᠨ᠎ᠡ᠃ | ᠳᠠᠯᠠᠨ ᠵᠢᠷᠭᠤᠳᠤᠭᠠᠷ ᠵᠦᠢᠯ ᠲᠤᠬᠠᠢ ᠶᠢᠨ ᠬᠥᠮᠥᠨ ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠤᠨ | ᠬᠥᠨᠳᠡᠯᠡᠨ ᠠᠴᠠ ᠲᠠᠰᠤᠯᠬᠤ ᠰᠦᠢᠳᠬᠡᠯ ᠲᠤᠰᠢᠶᠠᠬᠤ ᠬᠡᠷᠡᠭᠲᠡᠢ᠃ | ᠳᠠᠯᠠᠨ ᠳᠣᠯᠣᠳᠤᠭᠠᠷ ᠵᠦᠢᠯ ᠲᠤᠰ ᠳᠦᠷᠢᠮ ᠳᠤ ᠲᠣᠭᠲᠠᠭᠠᠭᠰᠠᠨ ︽ᠨᠢᠭᠡ ᠡᠳᠦᠷ︾ ︽ᠬᠤᠶᠠᠷ ᠡᠳᠦᠷ︾ | ︽ᠭᠤᠷᠪᠠᠨ ᠡᠳᠦᠷ︾ ︽ᠲᠠᠪᠤᠨ ᠡᠳᠦᠷ︾ ︽ᠠᠷᠪᠠᠨ ᠡᠳᠦᠷ︾ ︽ᠠᠷᠪᠠᠨ ᠲᠠᠪᠤᠨ ᠡᠳᠦᠷ︾ ᠭᠡᠳᠡᠭ ᠨᠢ | ᠠᠵᠢᠯ ᠤᠨ ᠡᠳᠦᠷ ᠢ ᠵᠢᠭᠠᠵᠤ᠂ ︽ᠬᠤᠷᠢᠨ ᠨᠢᠭᠡᠨ ᠡᠳᠦᠷ︾ ︽ᠭᠤᠴᠢᠨ ᠡᠳᠦᠷ︾ ᠭᠡᠳᠡᠭ ᠨᠢ ᠪᠠᠶᠢᠭᠠᠯᠢ ᠶᠢᠨ | ᠡᠳᠦᠷ ᠢ ᠵᠢᠭᠠᠵᠤ ᠪᠠᠶᠢᠨ᠎ᠠ᠃ | ᠲᠠᠯᠠᠨ ᠨᠠᠢᠮᠠᠳᠤᠭᠠᠷ ᠵᠦᠢᠯ ᠲᠤᠰ ᠳᠦᠷᠢᠮ ᠢ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠲᠤᠰ ᠳᠦᠷᠢᠮ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠪᠡᠶ᠎ᠡ ᠶᠢᠨ ᠲᠠᠮᠢᠷ ᠤᠨ ᠬᠥᠨᠳᠡᠯᠡᠨ ᠠᠴᠠ | ᠲᠠᠰᠤᠯᠬᠤ ᠵᠦᠪᠯᠡᠯ ᠤᠨ ᠭᠥᠯᠢᠶᠡᠨ ᠠᠪᠴᠤ ᠰᠢᠢᠳᠪᠦᠷᠢᠯᠡᠬᠦ ᠬᠡᠷᠡᠭ ᠲᠤ ᠲᠤᠰ ᠳᠦᠷᠢᠮ ᠢ ᠬᠡᠷᠡᠭᠯᠡᠨ᠎ᠡ᠃ | |