ᠪᠦᠬᠦ ᠣᠷᠣᠨ ᠤ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠺᠠᠳ᠋ᠷ ᠤᠨ ᠪᠣᠯᠪᠠᠰᠤᠷᠠᠯ ᠤᠨ ᠠᠩᠭᠢ ᠪᠤᠭᠤᠲᠤ ᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/3/3
   3 ᠰᠠᠷ᠎ᠠ ᠶᠢᠨ 1 ᠤ ᠡᠳᠦᠷ᠂ ᠪᠥᠬᠦ ᠣᠷᠣᠨ ᠤ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠺᠠᠳ᠋ᠷ ᠤᠨ  ᠪᠤᠯᠪᠠᠰᠤᠷᠠᠯ ᠤᠨ ᠠᠩᠭᠢ ᠪᠤᠭᠤᠲᠤ ᠬᠤᠲᠠ ᠳᠤ ᠰᠤᠷᠤᠯᠭ᠎ᠠ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃
    ᠪᠣᠯᠪᠠᠰᠤᠷᠠᠯ ᠤᠨ ᠠᠩᠭᠢ ᠳᠤ 2022 ᠣᠨ ᠤ ᠠᠵᠢᠯ ᠢᠶᠠᠨ ᠳ᠋ᠦᠩᠨᠡᠭᠰᠡᠨ ᠪᠥᠭᠡᠳ 2023 ᠣᠨ ᠤ ᠪᠦᠬᠦ ᠣᠷᠣᠨ ᠤ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠱᠠᠩᠬᠠᠢ ᠶᠢᠨ ᠪᠡᠶ᠎ᠡ ᠶᠢᠨ ᠲᠠᠮᠢᠷ ᠤᠨ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ ᠵᠡᠷᠭᠡ ᠠᠴᠠ ᠲᠤᠰᠬᠠᠢ ᠮᠡᠷᠭᠡᠵᠢᠯᠲᠡᠨ ᠢ ᠤᠷᠢᠵᠤ᠂ ᠪᠥᠬᠦ ᠠᠷᠠᠳ ᠤᠨ ᠪᠡᠶ᠎ᠡ  ᠴᠢᠬᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠮᠤᠷ ᠲᠦᠪᠰᠢᠨ ᠤ ᠬᠠᠮᠢᠶᠠᠷᠤᠯᠲᠠ ᠬᠢᠭᠡᠳ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠠᠷᠠᠳ ᠢᠷᠭᠡᠳ ᠤᠨ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠪᠠ ᠪᠥᠬᠦ ᠠᠷᠠᠳ ᠤᠨ ᠴᠢᠬᠢᠷᠠᠭᠵᠢᠭᠤᠯᠤᠭᠰᠠᠨ ᠪᠠᠶᠢᠳᠠᠯ ᠤᠨ ᠪᠠᠶᠢᠴᠠᠭᠠᠯᠲᠠ ᠵᠡᠷᠭᠡ ᠲᠠᠯ᠎ᠠ ᠪᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠬᠦ ᠪᠤᠯᠤᠨ᠎ᠡ᠃ ᠲᠣᠰ ᠤᠳᠠᠭᠠᠨ ᠤ ᠪᠣᠯᠪᠠᠰᠤᠷᠠᠯ ᠤᠨ ᠠᠩᠭᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ 60 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号