ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/3
    3 ᠰᠠᠷ᠎ᠠ ᠶᠢᠨ 2 ᠤᠨ ᠡᠳᠦᠷ᠂ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃     ᠸᠠᠩ ᠯᠢ ᠰᠢᠶᠠ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠤᠯ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ  ᠲᠠᠮᠢᠷ ᠤᠨ ᠴᠤᠭᠯᠠᠭᠠᠨ ᠠᠴᠠ ᠰᠡᠭᠦᠯᠡᠷ ᠠᠩᠬ᠎ᠠ ᠤᠳᠠᠭ᠎ᠠ ᠡᠷᠬᠢᠯᠡᠭᠰᠡᠨ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ᠎ᠠ᠂ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ᠴᠢᠬᠤᠯᠠ  ᠬᠠᠷᠢᠭᠤᠴᠠᠯᠭ᠎ᠠ᠂ ᠴᠢᠬᠤᠯᠠ ᠶᠡᠭᠡ ᠡᠭᠦᠷᠭᠡ ᠪᠣᠯᠣᠨ᠎ᠠ᠃ ᠲᠠᠭᠠᠭᠠᠴᠢᠯᠠᠨ ᠡᠷᠬᠢᠯᠡᠭᠴᠢ ᠶᠢᠨ ᠠᠵᠢᠯ ᠢ ᠰᠠᠶᠢᠳᠤᠷ ᠬᠦᠢᠴᠡᠳᠬᠡᠵᠦ᠂ ᠪᠡᠭᠡᠵᠢᠩ ᠤᠨ ᠡᠪᠦᠯ  ᠤᠨ ᠤᠯᠠᠷᠢᠯ ᠤᠨ ᠤᠯᠢᠮᠫᠢᠺ ᠤᠨ ᠴᠤᠭᠯᠠᠭᠠᠨ ᠢᠶᠠᠷ ᠪᠠᠷᠢᠮᠵᠢᠶᠠᠯᠠᠵᠤ᠂  ᠤᠷᠤᠨ ᠲᠠᠶᠠᠭᠠᠷ ᠤᠨ ᠬᠦᠴᠦᠨ ᠢ ᠲᠠᠶᠢᠴᠢᠯᠠᠵᠦ᠂ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠲᠡᠷᠢᠭᠦᠨ ᠵᠡᠷᠭᠡ ᠶᠢᠨ᠂ ᠥᠪᠡᠷᠮᠢᠴᠡ ᠣᠨᠴᠠᠯᠢᠭ ᠲᠠᠢ᠂ ᠲᠡᠭᠦᠰ ᠠᠮᠵᠢᠯᠲᠠ ᠲᠠᠢ ᠡᠷᠬᠢᠯᠡᠬᠦ ᠬᠡᠷᠡᠭᠲᠡᠢ᠃ ᠤᠳᠤ ᠰᠢᠪᠳᠤᠯᠤᠯᠳᠠ ᠶᠢᠨ ᠱᠠᠳᠤᠨ ᠳᠤ ᠣᠷᠣᠵᠤ᠂ ᠠᠵᠢᠯ ᠢᠶᠠᠨ ᠬᠤᠨᠤᠭ ᠲᠣᠭᠠᠯᠠᠨ ᠴᠠᠭ ᠲᠤᠬᠳᠠᠭᠠᠵᠤ ᠥᠷᠨᠢᠭᠦᠯᠬᠦ ᠭᠡᠷᠡᠭᠳᠡᠢ᠃ ᠠᠮᠤᠷ ᠲᠦᠪᠰᠢᠨ ᠢᠶᠠᠷ ᠤᠷᠤᠯᠳᠤᠭᠠᠨ ᠢ ᠡᠷᠭᠢᠯᠡᠵᠦ᠂  ᠤᠷᠤᠯᠳᠤᠭᠠᠨ ᠤ ᠶᠠᠪᠤᠳᠠᠯ ᠤᠨ ᠠᠮᠤᠷ ᠲᠦᠪᠰᠢᠨ᠂ ᠬᠥᠮᠦᠰ ᠤᠨ ᠠᠮᠤᠷ ᠲᠦᠪᠰᠢᠨ᠂ ᠣᠷᠴᠢᠨ ᠲᠤᠭᠤᠷᠢᠨ ᠤ ᠠᠮᠤᠷ ᠲᠦᠪᠰᠢᠨ ᠢ ᠪᠠᠲᠤᠯᠠᠬᠤ ᠬᠡᠷᠡᠭᠳᠡᠢ᠃ ᠤᠷᠤᠯᠳᠤᠭᠠᠨ ᠢ ᠭᠤᠶᠢᠳᠠ ᠰᠠᠶᠢᠬᠠᠨ ᠡᠷᠬᠢᠯᠡᠵᠦ᠂ ᠡᠬᠢᠯᠡᠬᠦ ᠶᠤᠰᠤᠯᠠᠯ ᠲᠡᠭᠦᠰᠭᠦ ᠶᠣᠰᠣᠯᠠᠯ᠂ ᠤᠷᠤᠯᠳᠤᠭᠠᠨ ᠤ ᠠᠵᠢᠯᠯᠠᠭ᠎ᠠ ᠵᠡᠷᠭᠡ ᠶᠢ ᠪᠠᠶᠠᠯᠢᠭ ᠠᠭᠤᠯᠭ᠎ᠠ ᠲᠠᠢ ᠶᠠᠪᠤᠬᠳᠠᠭᠤᠯᠵᠤ᠂ ᠪᠦᠬᠦ ᠶᠠᠪᠤᠴᠠ ᠳᠤ ᠪᠦᠬᠦ ᠲᠠᠯ᠎ᠠ ᠪᠠᠷ ᠭᠤᠢᠳᠠ ᠰᠠᠶᠢᠬᠠᠨ ᠢ ᠢᠯᠡᠷᠡᠬᠦᠯᠬᠦ ᠬᠡᠷᠡᠭᠳᠡᠢ᠃ ᠤᠷᠤᠯᠳᠤᠭᠠᠨ ᠢ ᠳᠥᠭᠦᠮ ᠠᠪᠰᠠᠷᠬᠠᠨ ᠡᠷᠬᠢᠯᠡᠵᠦ᠂ ᠨᠠᠷᠢᠨ ᠨᠢᠬᠳᠠ ᠤᠬᠠᠭᠠᠯᠠᠨ ᠲᠦᠯᠦᠪᠯᠡᠵᠤ᠂ ᠨᠠᠷᠢᠯᠢᠭ  ᠨᠡᠶᠢᠳᠠᠪᠤᠷᠢᠵᠢᠭᠤᠯᠵᠦ᠂ ᠨᠢᠮᠪᠠᠢ ᠦᠢᠯᠡᠴᠢᠯᠡᠵᠦ᠂ ᠪᠦᠷᠢᠯᠭᠡᠨ ᠰᠦᠢᠳᠭᠡᠵᠦ ᠪᠣᠯᠬᠤ ᠦᠭᠡᠢ᠃ ᠠᠷᠢᠭᠤᠨ  ᠴᠢᠭᠡᠴᠢ ᠪᠠᠷ  ᠤᠷᠤᠯᠳᠤᠭᠠᠨ ᠢ ᠡᠷᠬᠢᠯᠡᠵᠦ᠂ ᠳᠦᠷᠢᠮ ᠲᠤᠭᠳᠠᠭᠠᠯ ᠲᠤᠭᠳᠠᠭᠠᠵᠦ᠂ ᠨᠢᠬᠡ ᠮᠦᠩᠬᠦ ᠵᠣᠭᠤᠰ ᠢ ᠬᠦᠷᠳᠡᠯ᠎ᠡ ᠴᠥᠮ ᠶᠣᠰᠣ ᠳᠦᠷᠢᠮ ᠲᠠᠢ ᠬᠡᠷᠡᠭᠯᠡᠵᠦ᠂ ᠴᠡᠪᠡᠷ ᠴᠢᠭᠡᠴᠢ ᠬᠡᠷᠡᠭᠯᠡᠬᠦ ᠶᠢ ᠦᠨᠡᠨ ᠬᠦ ᠪᠠᠲᠤᠯᠠᠬᠤ  ᠬᠡᠷᠡᠭᠳᠡᠢ ᠭᠡᠪᠡ᠃     ᠵᠧᠩ ᠬᠤᠩ ᠹᠠᠨ᠂ ᠵᠧᠩ ᠭᠤᠸᠠᠩ ᠵᠤᠤ᠂ ᠶᠤᠤ ᠶᠦᠩ ᠪᠥᠸᠧ ᠬᠤᠷᠠᠯ ᠳᠤ ᠤᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号