ᠠᠯᠠᠱᠠ ᠠᠶᠢᠮᠠᠭ ᠤᠨ ᠲᠠᠮᠢᠷᠴᠢᠨ ᠠᠩᠬ᠎ᠠ ᠤᠳᠠᠭ᠎ᠠ ᠪᠦᠬᠦ ᠤᠯᠤᠰ ᠤᠨ ᠵᠢᠣᠳᠣᠣ ᠶᠢᠨ ᠤᠷᠤᠯᠳᠤᠭᠠᠨ ᠳᠤ ᠠᠯᠲᠠᠨ ᠮᠧᠳᠠᠯ ᠣᠯᠪᠠ
ᠨᠡᠶᠢᠲᠡᠯᠡᠭᠰᠡᠨ ᠴᠠᠭ᠄
2023/3/30
    3 ᠰᠠᠷ᠎ᠠ ᠶᠢᠨ 27 ᠤ ᠡᠳᠦᠷ᠂ 2023 ᠣᠨ ᠤ ᠳᠤᠮᠳᠠᠳᠤ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠵᠢᠣᠳᠣᠣ ᠶᠢᠨ ᠰᠤᠳᠤᠨ ᠲᠠᠮᠢᠷᠴᠢᠨ ᠰᠢᠯᠭᠠᠷᠠᠭᠤᠯᠬᠤ ᠤᠷᠤᠯᠳᠤᠭᠠᠨ ᠵᠢᠴᠢ U15 ᠳᠡᠯᠡᠬᠡᠢ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠵᠣᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠵᠢᠣᠳᠣᠣ ᠲᠠᠮᠢᠷᠴᠢᠨ ᠰᠢᠯᠭᠠᠷᠠᠭᠤᠯᠬᠤ ᠤᠷᠤᠯᠳᠤᠭᠠᠨ ᠭᠤᠸᠠᠩᠰᠢ ᠶᠢᠨ ᠪᠧᠢ ᠬᠠᠢ ᠳᠤ ᠶᠠᠪᠤᠭᠳᠠᠵᠤ᠂ ᠪᠥᠬᠦ ᠤᠯᠤᠰ ᠤᠨ ᠡᠯ᠎ᠡ ᠭᠠᠵᠠᠷ ᠤᠨ 32 ᠲᠥᠯᠥᠭᠡᠯᠡᠭᠴᠢᠳ ᠤᠨ ᠠᠩᠭᠢ ᠶᠢᠨ 218 ᠲᠠᠮᠢᠷᠴᠢᠨ ᠤᠷᠤᠯᠳᠤᠭᠠᠨ ᠳᠤ ᠣᠷᠣᠯᠴᠠᠵᠠᠢ᠃ ᠠᠯᠠᠱᠠ ᠠᠶᠢᠮᠠᠭ ᠤᠨ ᠲᠠᠮᠢᠷᠴᠢᠨ ᠰᠠᠴᠤᠷᠠ ᠵᠢᠣᠳᠣᠣ ᠶᠢᠨ ᠡᠮᠡᠭᠲᠡᠢ +63 ᠺᠢᠯᠣᠭ᠍ᠷᠠᠮ ᠤᠨ ᠲᠡᠰ ᠤᠨ ᠤᠷᠤᠯᠳᠤᠭᠠᠨ ᠳᠤ ᠠᠯᠳᠠᠨ ᠮᠧᠳᠠᠯ ᠣᠯᠪᠠ᠂ ᠡᠨᠡ ᠪᠣᠯ ᠠᠯᠠᠱᠠ ᠠᠶᠢᠮᠠᠭ ᠤᠨ ᠲᠠᠮᠢᠷᠴᠢᠨ ᠠᠩᠬ᠎ᠠ ᠤᠳᠠᠭ᠎ᠠ ᠪᠦᠬᠦ ᠤᠯᠤᠰ ᠤᠨ ᠵᠢᠣᠳᠣᠣ ᠶᠢᠨ ᠤᠷᠤᠯᠳᠤᠭᠠᠨ ᠳᠤ ᠠᠯᠳᠠᠨ ᠮᠧᠳᠠᠯ ᠣᠯᠵᠤ ᠪᠠᠶᠢᠭ᠎ᠠ ᠶᠠᠪᠤᠳᠠᠯ ᠪᠣᠯᠣᠨ᠎ᠠ᠃     ᠲᠤᠰ ᠤᠳᠠᠭ᠎ᠠ ᠶᠢᠨ ᠤᠷᠤᠯᠳᠤᠭᠠᠨ ᠢ ᠳᠤᠮᠳᠠᠳᠤ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠨᠡᠶᠢᠭᠡᠮᠯᠢᠭ ᠤᠨ ᠵᠢᠤᠳᠤᠤ ᠶᠢᠨ ᠬᠤᠪᠢᠶᠠᠷᠢ ᠨᠡᠶᠢᠭᠡᠮᠯᠢᠭ ᠬᠠᠮᠵᠢᠯᠴᠠᠨ ᠡᠷᠬᠢᠯᠡᠪᠡ᠃ ᠲᠣᠰ ᠤᠳᠠᠭᠠᠨ ᠤ ᠤᠷᠤᠯᠳᠤᠭᠠᠨ ᠢᠶᠠᠷ ᠳᠡᠮᠵᠢᠨ᠂ 2023 ᠣᠨ ᠤ ᠬᠤᠶᠠᠳᠤᠭᠠᠷ ᠬᠤᠭᠤᠴᠠᠭᠠᠨ ᠤ U15 ᠳᠡᠯᠡᠬᠡᠢ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠵᠣᠨ ᠤ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠬᠦᠮ ᠤᠨ ᠲᠠᠮᠢᠷᠴᠢᠨ ᠢ ᠰᠤᠩᠭᠤᠨ ᠰᠢᠯᠭᠠᠷᠠᠭᠤᠯᠤᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号