ᠣᠷᠳᠣᠰ ᠬᠤᠲᠠ ᠶᠢᠨ 2023 ᠣᠨ ᠤ ᠥᠳᠥᠨ ᠪᠥᠮᠪᠦᠭᠡ ᠶᠢᠨ ᠬᠤᠶᠠᠳᠤᠭᠠᠷ ᠳᠡᠰ ᠤᠨ ᠬᠢᠨᠠᠭᠴᠢ ᠶᠢᠨ ᠪᠣᠯᠪᠠᠰᠤᠷᠠᠯ᠂ ᠲᠠᠰ ᠳᠡᠪᠰᠢᠬᠦ ᠰᠢᠯᠭᠠᠯᠲᠠ ᠦᠨᠳᠦᠷᠯᠡᠪᠡ
ᠨᠡᠶᠢᠲᠡᠯᠡᠭᠰᠡᠨ ᠴᠠᠭ᠄
2023/3/30
    3 ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ 2023 ᠣᠨ ᠤ ᠪᠥᠬᠦ ᠬᠤᠲᠠ ᠶᠢᠨ ᠥᠳᠥᠨ ᠪᠥᠮᠪᠦᠭᠡ ᠶᠢᠨ ᠬᠤᠶᠠᠳᠤᠭᠠᠷ ᠳᠡᠰ ᠤᠨ ᠬᠢᠨᠠᠭᠴᠢ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠪᠤᠯᠪᠠᠰᠤᠷᠠᠯ ᠤᠨ ᠳᠠᠷᠠᠭ᠎ᠠ ᠲᠤᠰᠬᠠᠢ ᠰᠡᠳᠦᠪᠲᠦ ᠰᠢᠯᠭᠠᠯᠲᠠ ᠬᠢᠵᠡᠢ᠃ ᠪᠥᠬᠦ ᠬᠤᠲᠠ ᠶᠢᠨ 30 ᠨᠡᠷᠡᠰ ᠳᠤᠮᠳᠠᠳᠤ ᠪᠠᠭ᠎ᠠ ᠰᠤᠷᠭᠠᠭᠤᠯᠢ ᠶᠢᠨ ᠥᠳᠥᠨ ᠪᠥᠮᠪᠦᠭᠡ ᠶᠢᠨ ᠰᠤᠷᠭᠠᠭᠴᠢ᠂ ᠪᠡᠶ᠎ᠡ ᠶᠢᠨ ᠲᠠᠮᠢᠷ ᠤᠨ ᠪᠠᠭᠰᠢ ᠪᠣᠯᠪᠠᠰᠤᠷᠠᠯ ᠳᠤ ᠣᠷᠣᠯᠴᠠᠵᠠᠢ᠃
    ᠥᠳᠥᠨ ᠪᠥᠮᠪᠦᠭᠡ ᠶᠢᠨ ᠤᠯᠤᠰ ᠤᠨ ᠳᠡᠰ ᠤᠨ ᠬᠢᠨᠠᠭᠴᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠠᠰᠫᠢᠷᠠᠨᠲ ᠤᠨ ᠵᠢᠯᠣᠭᠤᠳᠤᠭᠴᠢ ᠪᠠᠭᠰᠢ ᠯᠢ ᠰᠢᠦᠢ ᠬᠤᠶ ᠫᠷᠤᠹᠧᠰᠰᠤᠷ᠂ ᠥᠳᠥᠨ ᠪᠥᠮᠪᠦᠭᠡ ᠶᠢᠨ ᠤᠯᠤᠰ ᠤᠨ ᠲᠠᠰ ᠤᠨ ᠬᠢᠨᠠᠭᠴᠢ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠵᠠᠩ ᠶᠦᠩ ᠵᠢᠶᠠᠩ ᠨᠡᠷ ᠢ ᠤᠷᠢᠵᠦ᠂ ᠲᠣᠰ ᠲᠣᠰ ᠥᠳᠥᠨ ᠪᠥᠮᠪᠦᠭᠡ ᠶᠢᠨ ᠬᠢᠨᠠᠭᠴᠢ ᠶᠢᠨ ᠠᠵᠢᠯᠯᠠᠬᠤ ᠠᠷᠭ᠎ᠠ᠂ ᠥᠳᠥᠨ ᠪᠥᠮᠪᠦᠭᠡ ᠶᠢᠨ ᠤᠷᠤᠯᠳᠤᠭᠠᠨ ᠤ ᠳᠦᠷᠢᠮ ᠪᠣᠯᠣᠨ ᠨᠡᠶᠢᠳᠡᠮ ᠬᠡᠷᠡᠭᠯᠡᠬᠦ ᠳᠦᠷᠢᠮ ᠪᠣᠯᠣᠨ ᠬᠢᠨᠠᠭᠴᠢ ᠶᠢᠨ ᠲᠤᠬᠠᠢ ᠶᠢᠨ ᠲᠠᠯᠠᠪᠤᠷ ᠤᠨ ᠮᠡᠷᠭᠡᠵᠢᠯ ᠴᠢᠳᠠᠪᠤᠷᠢ ᠶᠢᠨ ᠪᠣᠳᠠᠲᠠᠢ ᠠᠵᠢᠯᠯᠠᠭ᠎ᠠ ᠵᠡᠷᠭᠡ ᠭᠤᠷᠪᠠᠨ ᠲᠠᠯ᠎ᠠ ᠪᠠᠷ ᠲᠤᠰᠬᠠᠢ ᠰᠡᠳᠦᠪᠲᠦ ᠪᠤᠯᠪᠠᠰᠤᠷᠠᠯ ᠬᠦᠷᠳᠡᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号