ᠮᠠᠨ ᠤ ᠣᠷᠣᠨ ᠤ ᠲᠠᠮᠢᠷᠴᠢᠨ ᠯᠢ ᡁᠢ ᠴᠤᠤ ᠠᠩᠭᠢ ᠶᠢᠨ ᠨᠥᠬᠦᠳ ᠲᠠᠢ ᠪᠠᠨ ᠬᠠᠮᠲᠤ ᠪᠠᠷ ᠮᠥᠰᠥᠨ ᠳᠡᠪᠦᠷ᠎ᠡ ᠶᠢᠨ ᠳᠡᠯᠡᠬᠡᠢ ᠶᠢᠨ ᠵᠠᠯᠠᠭᠤᠴᠤᠳ ᠤᠨ ᠤᠷᠤᠯᠳᠤᠭᠠᠨ ᠳᠤ ᠮᠠᠩᠯᠠᠶᠢᠯᠠᠪᠠ
ᠨᠡᠶᠢᠲᠡᠯᠡᠭᠰᠡᠨ ᠴᠠᠭ᠄
2023/3/6
    3 ᠰᠠᠷ᠎ᠠ ᠶᠢᠨ 4 ᠤ ᠡᠳᠦᠷ᠂ 2023 ᠣᠨ ᠤ ᠮᠥᠰᠥᠨ ᠳᠡᠪᠦᠷ᠎ᠡ ᠶᠢᠨ ᠳᠡᠯᠡᠬᠡᠢ ᠶᠢᠨ ᠵᠠᠯᠠᠭᠤᠴᠤᠳ ᠤᠨ ᠤᠷᠤᠯᠳᠤᠭᠠᠨ ᠭᠧᠷᠮᠠᠨ ᠳᠤ ᠶᠠᠪᠤᠭᠳᠠᠨ᠂ ᠥᠪᠥᠷ ᠮᠣᠩᠭᠤᠯ ᠤᠨ ᠮᠥᠰᠥᠨ ᠳᠡᠪᠦᠷ᠎ᠡ ᠶᠢᠨ ᠲᠠᠮᠢᠷᠴᠢᠨ ᠯᠢ ᡁᠢ ᠴᠤᠤ᠂ ᠠᠩᠭᠢ ᠶᠢᠨ ᠨᠠᠶᠢᠵᠠ ᠹᠧᠢ ᠰᠢᠤᠸᠠᠢ ᠴᠢᠩ᠂ ᠭᠤᠸᠠᠨ ᠲᠢᠶᠠᠨ ᠴᠢ᠂ ᠰᠢᠶᠧ ᠰᠢᠩ ᠶᠢᠨ ᠪᠣᠯᠣᠨ ᠶᠧ ᠵᠢᠶᠠᠨ ᠵᠢᠶᠦ᠋ᠨ ᠨᠡᠷ ᠢᠶᠠᠷ ᠪᠦᠷᠢᠯᠳᠦᠭᠰᠡᠨ ᠳᠤᠮᠳᠠᠳᠤ ᠤᠯᠤᠰ ᠤᠨ ᠡᠷᠡᠭᠲᠡᠢ ᠶᠢᠨ ᠠᠩᠭᠢ ᠶᠢᠨ ᠬᠢᠨ ᠬᠠᠭᠠᠰ ᠰᠢᠢᠳᠪᠦᠷᠢᠲᠦ ᠤᠷᠤᠯᠳᠤᠭᠠᠨ ᠳᠤ ᠰᠺᠦᠲᠯᠠᠨᠳ᠋ ᠢ ᠢᠯᠠᠵᠤ᠂ ᠰᠢᠢᠳᠪᠦᠷᠢᠲᠦ ᠤᠷᠤᠯᠳᠤᠭᠠᠨ ᠳᠤ 8᠄ 7  ᠪᠠᠷ ᠭᠧᠷᠮᠠᠨ ᠢ ᠢᠯᠠᠵᠤ᠂ ᠳᠤᠮᠳᠠᠳᠤ ᠤᠯᠤᠰ ᠤᠨ ᠲᠡᠦᠬᠡᠨ ᠳᠠᠬᠢ ᠠᠩᠬᠠᠳᠠᠭᠴᠢ ᠳᠡᠯᠡᠬᠡᠢ ᠶᠢᠨ ᠵᠠᠯᠠᠭᠤᠴᠤᠳ ᠤᠨ ᠤᠷᠤᠯᠳᠤᠭᠠᠨ ᠤ ᠮᠠᠩᠯᠠᠢ ᠪᠤᠯᠪᠠ᠃     2022 ᠣᠨ ᠤ 12 ᠰᠠᠷ᠎ᠠ ᠳᠤ᠂ ᠳᠤᠮᠳᠠᠳᠤ ᠤᠯᠤᠰ ᠤᠨ ᠡᠷᠡᠭᠲᠡᠢ ᠶᠢᠨ ᠮᠦᠰᠦᠨ ᠲᠠᠪᠤᠷ᠎ᠠ ᠶᠢᠨ ᠠᠩᠭᠢ ᠳᠡᠯᠡᠬᠡᠢ ᠶᠢᠨ ᠵᠠᠯᠠᠭᠤᠴᠤᠳ ᠤᠨ ᠤᠷᠤᠯᠳᠤᠭᠠᠨ ᠤ B ᠳᠤᠭᠤᠶᠢᠯᠠᠩ ᠤᠨ ᠮᠠᠩᠯᠠᠢ ᠳᠤ ᠰᠢᠯᠭᠠᠷᠠᠵᠤ᠂ A ᠳᠤᠭᠤᠶᠢᠯᠠᠩ ᠤᠨ ᠤᠷᠤᠯᠳᠤᠭᠠᠨ ᠤ ᠬᠢᠷᠢ ᠬᠡᠮ ᠢ ᠣᠯᠪᠠ᠃ ᠡᠭᠦᠨ ᠠᠴᠠ ᠡᠮᠦᠨ᠎ᠡ᠂ ᠮᠠᠨ ᠤ ᠤᠯᠤᠰ ᠤᠨ ᠡᠷᠡᠭᠲᠡᠢ ᠶᠢᠨ ᠮᠥᠰᠥᠨ ᠳᠡᠪᠦᠷ᠎ᠡ ᠶᠢᠨ ᠠᠩᠭᠢ 2006 ᠣᠨ ᠪᠠ 2010 ᠣᠨ ᠤ ᠤᠷᠤᠯᠳᠤᠭᠠᠨ ᠳᠤ ᠳᠥᠷᠪᠡᠳᠦᠭᠡᠷ ᠲᠤ ᠤᠷᠤᠵᠦ ᠪᠠᠶᠢᠭᠰᠠᠨ ᠲᠡᠦᠬᠡ ᠲᠠᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号