3 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠳᠠᠷᠤᠭ᠎ᠠ ᠳ᠋ᠦ᠋ ᠪᠥᠸᠧ ᠵᠢᠶᠦ᠋ᠨ ᠣᠷᠳᠣᠰ ᠬᠤᠲᠠ ᠳᠤ ᠭᠦᠨᠵᠡᠭᠡᠶᠢᠷᠡᠨ᠂ ᠥᠪᠡᠷᠲᠡᠭᠡᠨ ᠵᠠᠰᠠᠬᠤ ᠣᠷᠣᠨ ᠤ ᠠᠷᠪᠠᠨ | ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ | ᠬᠢᠨᠠᠨ ᠵᠢᠯᠣᠭᠤᠳᠪᠠ᠃ | | ᠳ᠋ᠦ᠋ ᠪᠥᠸᠧ ᠵᠢᠶᠦ᠋ᠨ ᠨᠠᠷ ᠣᠷᠳᠣᠰ ᠬᠤᠳᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ | ᠲᠥᠪ᠂ ᠨᠢᠭᠡᠳᠦᠭᠡᠷ ᠳᠤᠮᠳᠠᠳᠤ ᠰᠤᠷᠭᠠᠭᠤᠯᠢ ᠢᠶᠠᠷ ᠬᠦᠷᠴᠦ᠂ ᠤᠷᠤᠯᠳᠤᠭᠠᠨ ᠤ ᠲᠠᠯᠠᠪᠠᠢ ᠣᠷᠳᠣᠨ ᠤ | ᠲᠣᠬᠢᠷᠠᠭᠤᠯᠤᠯᠲᠠ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠠᠯᠠᠪᠠᠢ ᠶᠢᠨ ᠥᠭᠡᠷᠡᠴᠢᠯᠡᠯᠲᠡ ᠪᠣᠯᠣᠨ | ᠬᠡᠷᠡᠭᠯᠡᠯᠲᠡ ᠵᠡᠷᠭᠡ ᠠᠵᠢᠯ ᠢ ᠨᠠᠷᠢᠨ ᠣᠶᠢᠯᠠᠭᠠᠵᠤ᠂ ᠪᠠᠶᠢᠴᠠᠭᠠᠨ ᠦᠵᠡᠵᠦ᠂ ᠵᠢᠯᠤᠭᠤᠳᠬᠤ ᠶᠢᠨ ᠬᠠᠮᠲᠤ ᠶᠠᠷᠢᠯᠴᠠᠬᠤ | ᠬᠤᠷᠠᠯ ᠬᠤᠷᠠᠯᠳᠤᠭᠤᠯᠵᠠᠢ᠃ | | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠪᠣᠯ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠥᠨᠳᠥᠷ ᠲᠡᠰ ᠪᠦᠬᠦᠢ ᠬᠠᠮᠤᠭ ᠤᠨ ᠶᠡᠭᠡ ᠬᠡᠪᠴᠢᠶ᠎ᠡ | ᠲᠠᠢ᠂ ᠬᠠᠮᠤᠭ ᠤᠨ ᠥᠷᠭᠡᠨ ᠨᠦᠯᠦᠭᠡ ᠲᠠᠢ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ | ᠪᠣᠯᠣᠨ᠎ᠠ᠂ ᠤᠯᠤᠰ ᠲᠤᠶᠢᠷᠦ ᠶᠢᠨ ᠲᠠᠯ᠎ᠠ ᠪᠠᠷ ᠬᠠᠨᠳᠤᠵᠦ᠂ ᠤᠯᠤᠰ ᠲᠤᠶᠢᠷᠦ ᠶᠢᠨ ᠲᠠᠯ᠎ᠠ ᠪᠠᠷ ᠬᠢᠬᠦ ᠬᠡᠷᠡᠭᠲᠡᠢ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ | ᠠᠵᠢᠯ ᠤᠨ ᠬᠤᠭᠤᠴᠠᠭ᠎ᠠ ᠶᠢ ᠨᠢᠮᠪᠡᠢ ᠪᠠᠶᠢᠷᠢᠯᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠨᠠᠷᠢᠨ ᠨᠢᠮᠪᠠᠢ | ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠴᠠᠭ ᠮᠥᠴᠡ ᠶᠢ ᠵᠠᠪᠳᠤᠨ ᠡᠯ᠎ᠡ | ᠵᠦᠢᠯ ᠤᠨ ᠪᠡᠯᠡᠳᠬᠡᠯ ᠠᠵᠢᠯ ᠢ ᠠᠬᠢᠭᠤᠯᠵᠤ᠂ ᠴᠢᠨᠠᠷ ᠰᠠᠶᠢᠲᠠᠢ ᠤᠷᠤᠯᠳᠤᠭᠠᠨ ᠢ ᠡᠷᠬᠢᠯᠡᠬᠦ ᠪᠠᠷ ᠳᠠᠮᠵᠢᠨ ᠤᠯᠠᠨ | ᠲᠦᠮᠡᠨ ᠤ ᠴᠤᠭ ᠰᠦᠯᠳᠡ ᠶᠢ ᠪᠠᠳᠠᠷᠠᠭᠤᠯᠬᠤ᠂ ᠬᠤᠳᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠣᠷᠣᠨ | ᠪᠦᠰᠡ ᠶᠢᠨ ᠠᠵᠤ ᠠᠬᠤᠢ ᠶᠢ ᠳᠠᠶᠢᠴᠢᠯᠠᠬᠤ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ | ᠢᠯᠡᠷᠡᠭᠦᠯᠬᠦ ᠦᠢᠯᠡᠳᠦᠯ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠣᠷᠳᠣᠰ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠳᠡᠳ᠋ ᠳᠠᠷᠤᠭ᠎ᠠ ᠺᠦᠩ ᠹᠠᠨ ᠹᠧᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠬᠠᠮᠢᠶ᠎ᠠ ᠪᠦᠬᠦᠢ ᠭᠠᠵᠠᠷ ᠭᠡᠷ᠂ ᠬᠠᠮᠢᠶ᠎ᠠ ᠪᠦᠬᠦᠢ ᠰᠢᠭᠤᠳ ᠬᠠᠷᠢᠶ᠎ᠠ ᠪᠠᠶᠢᠭᠤᠯᠭ᠎ᠠ ᠶᠢᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |