3 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠲᠠᠶᠢᠴᠢᠯᠠᠯᠳᠠ ᠶᠢᠨ ᠶᠡᠭᠡ ᠬᠤᠷᠠᠯ ᠢ ᠬᠤᠷᠠᠯᠳᠤᠭᠤᠯᠪᠠ᠃ | | ᠬᠤᠷᠠᠯ ᠳᠡᠭᠡᠷ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠪᠡᠯᠡᠳᠬᠡᠯ ᠠᠵᠢᠯ ᠤᠨ ᠤᠳᠤᠷᠢᠳᠬᠤ ᠳᠤᠭᠤᠶᠢᠯᠠᠩ ᠤᠨ ᠨᠡᠷᠡᠰ ᠪᠠ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ | ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ | ᠵᠢᠶᠦ᠋ᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ ᠬᠤᠷᠠᠯ ᠳᠤ ᠣᠷᠣᠯᠴᠠᠵᠤ ᠶᠡᠷᠢᠶ᠎ᠡ ᠲᠠᠯᠪᠢᠪᠠ᠃ ᠲᠡᠷᠡ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠪᠡᠭᠡᠵᠢᠩ ᠤᠨ ᠡᠪᠦᠯ ᠤᠨ | ᠤᠯᠢᠮᠫᠢᠺ ᠤᠨ ᠴᠤᠭᠯᠠᠭᠠᠨ ᠤ ᠲᠠᠷᠠᠭ᠎ᠠ ᠵᠣᠬᠢᠶᠠᠨ ᠪᠠᠶᠢᠭᠤᠯᠤᠭᠰᠠᠨ ᠠᠩᠬᠠᠳᠠᠭᠴᠢ ᠪᠦᠬᠦ ᠤᠯᠤᠰ ᠤᠨ ᠴᠢᠨᠠᠷᠲᠠᠢ | ᠡᠪᠦᠯ ᠤᠨ ᠤᠯᠠᠷᠢᠯ ᠤᠨ ᠤᠷᠤᠯᠳᠤᠭᠠᠨ ᠪᠣᠯᠣᠨ᠎ᠠ᠂ ᠮᠢᠯᠠᠨ ᠤ ᠡᠪᠦᠯ ᠤᠨ ᠤᠯᠢᠮᠫᠢᠺ ᠤᠨ ᠲᠠᠮᠢᠷ ᠤᠨ ᠴᠤᠭᠯᠠᠭᠠᠨ | ᠤᠨ ᠡᠮᠦᠨᠡᠬᠢ ᠤᠭᠳᠤᠭᠤᠯ ᠤᠷᠤᠯᠳᠤᠭᠠᠨ ᠪᠣᠯᠣᠨ᠎ᠠ᠂ ᠮᠥᠨᠴᠦ ᠥᠪᠥᠷ ᠮᠣᠩᠭᠤᠯ ᠠᠩᠬ᠎ᠠ ᠤᠳᠠᠭ᠎ᠠ ᠪᠦᠬᠦ | ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠵᠦ ᠪᠠᠶᠢᠭ᠎ᠠ ᠶᠠᠪᠤᠳᠠᠯ | ᠪᠣᠯᠣᠨ᠎ᠠ ᠭᠡᠵᠦ ᠵᠢᠭᠠᠵᠤ ᠭᠠᠷᠭᠠᠪᠠ᠃ ᠲᠡᠷᠡ ᠴᠢᠬᠤᠯᠠᠴᠢᠯᠠᠬᠤ ᠳᠠᠭᠠᠨ᠂ ᠠᠷᠪᠠᠨ ᠳᠥᠷᠪᠡᠳᠦᠭᠡᠷ ᠬᠤᠭᠤᠴᠠᠭᠠᠨ ᠤ | ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠬᠦ ᠶᠢᠨ ᠴᠢᠬᠤᠯᠠ | ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠪᠡᠯᠡᠳᠬᠡᠨ ᠡᠷᠭᠢᠯᠡᠬᠦ ᠶᠢ ᠪᠡᠶ᠎ᠡ ᠶᠢᠨ ᠲᠠᠮᠢᠷ ᠤᠨ | ᠰᠢᠰᠲ᠋ᠧᠮ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠬᠤ ᠬᠡᠷᠡᠭᠲᠡᠢ︔ ᠡᠩᠨᠡᠭᠡ ᠶᠢ ᠰᠣᠩᠭᠤᠨ ᠪᠠᠶᠢᠭᠤᠯᠵᠤ᠂ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠰᠥᠯ ᠢ ᠨᠠᠷᠢᠯᠢᠭᠵᠢᠭᠤᠯᠵᠤ᠂ ᠡᠭᠦᠷᠭᠡ ᠶᠢ ᠲᠣᠳᠣᠷᠬᠠᠶᠢᠯᠠᠵᠤ᠂ | ᠲᠥᠯᠥᠪᠯᠡᠭᠡ ᠶᠢ ᠡᠮᠬᠢᠯᠡᠵᠦ᠂ ᠡᠳᠦᠷ ᠤᠨ ᠳᠠᠷᠠᠭᠠᠯᠠᠯ ᠢ ᠲᠣᠳᠣᠷᠬᠠᠶᠢᠯᠠᠵᠤ᠂ ᠳᠦᠷᠢᠮ ᠢ ᠪᠦᠷᠢᠨᠰᠢᠭᠦᠯᠵᠦ᠂ ᠵᠢᠷᠤᠮᠵᠢᠯ ᠢ | ᠲᠣᠳᠣᠷᠬᠠᠶᠢᠯᠠᠵᠤ᠂ ᠲᠠᠯᠳᠠ ᠭᠡᠮ ᠢ ᠵᠢᠭᠰᠠᠭᠠᠨ ᠪᠠᠶᠢᠴᠠᠭᠠᠵᠤ᠂ ᠵᠥᠷᠢᠶ᠎ᠡ ᠶᠢ ᠲᠣᠳᠣᠷᠬᠠᠶᠢᠯᠠᠵᠤ᠂ ᠲᠣᠬᠢᠷᠠᠭᠤᠯᠭ᠎ᠠ ᠶᠢ | ᠴᠢᠩᠭᠠᠳᠬᠠᠵᠤ᠂ ᠠᠬᠢᠴᠠ ᠶᠢ ᠲᠣᠳᠣᠷᠬᠠᠶᠢᠯᠠᠵᠤ᠂ ᠵᠢᠯᠣᠭᠤᠳᠤᠯᠭ᠎ᠠ ᠶᠢ ᠰᠢᠰᠲ᠋ᠧᠮᠵᠢᠭᠦᠯᠬᠦ᠂ ᠡᠭᠦᠷᠭᠡ ᠶᠢ ᠲᠦᠷᠦᠯ | ᠵᠦᠢᠯᠵᠢᠭᠦᠯᠬᠦ᠂ ᠡᠩᠨᠡᠭᠡ ᠶᠢ ᠲᠤᠰᠬᠠᠶᠢᠵᠢᠭᠤᠯᠬᠤ᠂ ᠠᠵᠢᠯ ᠢ ᠨᠠᠷᠢᠨ ᠲᠠᠩᠰᠠᠵᠢᠭᠤᠯᠬᠤ᠂ ᠠᠵᠢᠯᠯᠠᠭᠠᠨ ᠢ ᠴᠤᠪᠤᠷᠠᠭᠤᠯᠬᠤ᠂ | ᠨᠠᠷᠢᠨ ᠵᠦᠢᠯᠡᠰ ᠢ ᠪᠠᠷᠢᠮᠵᠢᠶᠠᠵᠢᠭᠤᠯᠬᠤ᠂ ᠡᠳᠦᠷ ᠤᠨ ᠳᠠᠷᠠᠭᠠᠯᠠᠯ ᠢ ᠨᠠᠶᠢᠳᠠᠪᠤᠷᠢᠵᠢᠭᠤᠯᠬᠤ᠂ ᠠᠵᠢᠯᠯᠠᠭᠠᠨ ᠢ ᠪᠢᠲᠡᠭᠦᠦ | ᠴᠠᠭᠠᠷᠢᠭᠵᠢᠭᠤᠯᠬᠤ ᠶᠢ ᠪᠡᠶᠡᠯᠡᠭᠦᠯᠬᠦ ᠬᠡᠷᠡᠭᠲᠡᠢ︔ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠦᠴᠦᠲᠡᠢ | ᠠᠬᠢᠭᠤᠯᠵᠤ᠂ ᠲᠦᠷᠭᠡᠨ᠂ ᠴᠢᠩᠭ᠎ᠠ᠂ ᠨᠠᠷᠢᠯᠢᠭ᠂ ᠪᠣᠳᠠᠲᠠᠢ ᠠᠵᠢᠯ ᠤᠨ ᠰᠤᠷᠲᠠᠯ ᠢᠶᠠᠷ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤᠨ ᠪᠡᠯᠡᠳᠬᠡᠯ | ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠪᠠ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᡁᠢ ᠶᠢᠦ᠂ ᠵᠠᠩ ᡁᠢ᠂ ᠯᠢᠦ ᠬᠤ᠋ ᠴᠧᠩ᠂ | ᠪᠠᠶᠢᠭᠤᠯᠭ᠎ᠠ ᠶᠢᠨ ᠭᠠᠵᠠᠷ ᠲᠠᠰᠤᠭ ᠤᠨ ᠬᠠᠷᠢᠭᠤᠴᠠᠯᠭᠠᠲᠠᠨ᠂ ᠡᠯ᠎ᠡ ᠰᠢᠭᠤᠳ ᠬᠠᠷᠢᠶ᠎ᠠ ᠨᠢᠭᠡᠴᠡ ᠶᠢᠨ | ᠬᠠᠷᠢᠭᠤᠴᠠᠯᠭᠠᠲᠠᠨ ᠵᠡᠷᠭᠡ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠪᠠ᠃ |