| | 3 ᠰᠠᠷ᠎ᠠ ᠶᠢᠨ 7 ᠤ ᠡᠳᠦᠷ᠂ ᠬᠢᠵᠢᠭ ᠤᠨ ᠨᠦᠯᠦᠭᠡ ᠠᠴᠠ ᠪᠤᠯᠵᠦ ᠬᠤᠶᠢᠰᠢᠯᠠᠭᠤᠯᠤᠭᠰᠠᠨ 2022 ᠣᠨ ᠤ | ᠪᠥᠬᠦ ᠤᠯᠤᠰ ᠤᠨ ᠡᠯ᠎ᠡ ᠱᠠᠲᠤᠨ ᠤ ᠡᠯ᠎ᠡ ᠲᠥᠷᠥᠯ ᠤᠨ ᠲᠠᠮᠢᠷ ᠤᠨ ᠰᠤᠷᠭᠠᠭᠤᠯᠢ ᠶᠢᠨ ᠰᠤᠷᠭᠠᠭᠴᠢ ᠶᠢᠨ | ᠶᠡᠷᠦᠩᠬᠡᠶᠢᠯᠡᠭᠰᠡᠨ ᠮᠡᠳᠡᠯᠭᠡ ᠶᠢᠨ ᠰᠢᠨᠡᠴᠢᠯᠡᠯᠲᠡ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ︵ᠠᠷᠪᠠᠨ | ᠳᠥᠷᠪᠡᠳᠦᠭᠡᠷ ᠬᠤᠭᠤᠴᠠᠭ᠎ᠠ︶ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠢᠴᠢᠶᠡᠯ | ᠡᠬᠢᠯᠡᠵᠦ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠲᠠᠮᠢᠷ ᠤᠨ ᠰᠤᠷᠭᠠᠭᠤᠯᠢ ᠶᠢᠨ 110 ᠰᠤᠷᠭᠠᠭᠴᠢ | 7 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠳᠤ ᠣᠷᠤᠯᠴᠠᠬᠤ ᠪᠣᠯᠣᠨ᠎ᠠ᠃ | ᠲᠣᠰ ᠤᠳᠠᠭᠠᠨ ᠤ ᠪᠣᠯᠪᠠᠰᠤᠷᠠᠯ ᠤᠨ ᠬᠢᠴᠢᠶᠡᠯ ᠳᠤ ᠵᠠᠯᠠᠭᠤ ᠪᠠᠭᠠᠴᠤᠳ ᠲᠠᠮᠢᠷᠴᠢᠳ ᠤᠨ ᠪᠡᠶ᠎ᠡ ᠶᠢᠨ | ᠴᠢᠳᠠᠪᠤᠷᠢ ᠶᠢᠨ ᠪᠣᠯᠪᠠᠰᠤᠷᠠᠯ ᠤᠨ ᠣᠨᠣᠯ᠂ ᠵᠠᠯᠠᠭᠤ ᠪᠠᠭᠠᠴᠤᠳ ᠲᠠᠮᠢᠷᠴᠢᠳ ᠤᠨ ᠪᠣᠯᠪᠠᠰᠤᠷᠠᠯ ᠤᠨ ᠵᠢᠭᠠᠨ ᠰᠤᠷᠭᠠᠬᠤ | ᠬᠡᠪ ᠪᠣᠯᠪᠠᠰᠤᠷᠠᠯ᠂ ᠬᠡᠦᠬᠡᠳ ᠤᠨ ᠬᠥᠳᠡᠯᠭᠡᠭᠡᠨ ᠤ ᠬᠥᠭᠵᠢᠯᠲᠡ ᠬᠢᠭᠡᠳ ᠠᠩᠬᠠᠨ ᠤ ᠬᠤᠭᠤᠴᠠᠭᠠᠨ ᠤ | ᠬᠥᠳᠡᠯᠭᠡᠭᠡᠨ ᠤ ᠳᠤᠷ᠎ᠠ ᠰᠣᠨᠢᠷᠬᠠᠯ ᠤᠨ ᠬᠥᠮᠦᠵᠢᠯ ᠵᠡᠷᠭᠡ 10 ᠲᠠᠯ᠎ᠠ ᠶᠢ ᠪᠠᠭᠳᠠᠭᠠᠪᠠ᠃ ᠲᠥᠪᠯᠡᠷᠡᠭᠦᠯᠦᠨ | ᠪᠣᠯᠪᠠᠰᠤᠷᠠᠭᠤᠯᠬᠤ ᠪᠠᠷ ᠳᠠᠮᠵᠢᠭᠤᠯᠤᠨ᠂ ᠰᠤᠷᠤᠯᠴᠠᠬᠤ᠂ ᠨᠡᠪᠲᠡᠷᠡᠯᠴᠡᠬᠦ᠂ ᠰᠣᠯᠢᠯᠴᠠᠬᠤ ᠲᠠᠪᠴᠠᠩ ᠢ ᠪᠠᠶᠢᠭᠤᠯᠵᠤ᠂ | ᠰᠤᠷᠭᠠᠭᠴᠢ ᠶᠢ ᠬᠠᠪᠰᠤᠷᠤᠨ ᠦᠵᠡᠯᠲᠡ ᠶᠢ ᠨᠢ ᠰᠢᠨᠡᠳᠬᠡᠵᠦ᠂ ᠰᠡᠳᠬᠢᠴᠡ ᠶᠢ ᠨᠢ ᠥᠷᠭᠡᠳᠬᠡᠨ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠳᠤᠮᠳᠠᠬᠢ ᠦᠨᠳᠦᠰᠦᠨ | ᠱᠠᠲᠤᠨ ᠤ ᠰᠤᠷᠭᠠᠭᠴᠢ ᠶᠢᠨ ᠰᠠᠭᠤᠷᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠪᠤᠯᠤᠨ᠎ᠡ᠃ | |