ᠯᠢᠦ ᠵᠧᠩ ᠭᠡᠰᠢᠭᠦᠨ᠄ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/3/8
    ᠡᠨᠡ ᠵᠢᠯ ᠤᠨ ᠬᠤᠶᠠᠷ ᠬᠤᠷᠠᠯ ᠳᠡᠭᠡᠷ᠎ᠡ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠮᠦᠭᠳᠡᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠵᠠᠬᠢᠷᠤᠯ ᠯᠢᠦ ᠵᠧᠩ ᠮᠠᠨ ᠤ ᠤᠯᠤᠰ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠳᠤᠷᠠᠳᠤᠯᠭ᠎ᠠ ᠲᠤᠷᠠᠳᠴᠦ᠂ ᠮᠠᠨ ᠤ ᠤᠯᠤᠰ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠵᠢᠴᠢ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠴᠢᠨᠠᠭᠰᠢᠳᠠ ᠬᠥᠭᠵᠢᠭᠡᠬᠦ ᠳᠤ ᠠᠷᠭ᠎ᠠ ᠤᠬᠠᠭᠠᠨ ᠭᠠᠷᠭᠠᠪᠠ᠃     ᠯᠢᠦ ᠵᠧᠩ ᠤᠨ ᠦᠵᠡᠬᠦ ᠪᠠᠷ᠂ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠠᠮᠵᠢᠯᠲᠠ ᠲᠠᠢ ᠶᠠᠪᠤᠭᠳᠠᠭᠰᠠᠨ ᠨᠢ ᠮᠠᠨ ᠤ ᠤᠯᠤᠰ ᠤᠨ ᠠᠷᠠᠳ ᠢᠷᠭᠡᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠡᠢ᠃ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠳᠠᠷᠠᠭ᠎ᠠ᠂ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠵᠢᠴᠢ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠭᠦᠢᠴᠡᠳ᠂ ᠭᠡᠪᠡᠴᠦ ᠡᠭᠦᠨ ᠤ ᠬᠠᠮᠲᠤ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠦᠷᠢᠰᠦᠯᠳᠦᠭᠡᠨ ᠤ ᠳᠠᠪᠠᠭᠤᠯᠢᠭ ᠢ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠶᠢ ᠨᠥᠯᠥᠭᠡᠯᠡᠨ ᠳᠠᠶᠢᠴᠢᠯᠠᠬᠤ ᠳᠤ ᠮᠥᠨ ᠬᠦ ᠰᠢᠢᠳᠪᠦᠷᠢᠯᠡᠬᠦ ᠴᠢᠬᠤᠯᠠᠲᠠᠢ ᠵᠠᠩᠭᠢᠯᠠᠭ᠎ᠠ ᠶᠢᠨ ᠠᠰᠠᠭᠤᠳᠠᠯ ᠳᠤ ᠲᠤᠯᠭᠠᠷᠠᠵᠤ ᠪᠠᠶᠢᠨ᠎ᠠ ᠭᠡᠳᠡᠭ ᠢ ᠤᠯᠵᠦ ᠬᠠᠷᠠᠬᠤ ᠬᠡᠷᠡᠭᠳᠡᠢ᠂ ᠡᠨᠡ ᠨᠢ ᠭᠤᠣᠯᠳᠠᠭᠤ ᠠᠷᠠᠳ ᠢᠷᠭᠡᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠭᠦᠨᠴᠡ ᠬᠦᠷᠦᠯᠴᠡᠬᠦ ᠦᠭᠡᠢ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠪᠥᠬᠦ ᠲᠠᠯ᠎ᠠ ᠶᠢᠨ ᠥᠷᠢᠰᠦᠯᠳᠦᠬᠦ ᠬᠦᠴᠦᠨ ᠴᠢᠩᠭ᠎ᠠ ᠪᠢᠰᠢ᠂ ᠮᠥᠰᠥ ᠴᠠᠰᠤᠨ ᠤ ᠲᠠᠯᠠᠪᠤᠷ ᠤᠨ ᠲᠥᠬᠦᠭᠡᠷᠦᠮᠵᠢ ᠶᠢᠨ ᠳᠤᠲᠠᠭᠤᠳᠠᠯ ᠮᠥᠨ ᠬᠦ ᠨᠡᠶᠢᠳᠡᠮ ᠣᠷᠣᠰᠢᠵᠤ ᠪᠠᠶᠢᠬᠤ᠂ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠳᠡᠶᠢᠯᠦᠭᠡᠳᠦᠢ ᠪᠠᠶᠢᠬᠤ ᠵᠡᠷᠭᠡ ᠳᠤ ᠢᠯᠡᠷᠡᠵᠦ ᠪᠠᠶᠢᠨ᠎ᠠ᠃     ᠯᠢᠦ ᠵᠧᠩ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠠᠳ᠂ ᠠᠷᠠᠳ ᠢᠷᠭᠡᠳ ᠭᠠᠭᠴᠠ ᠤᠳᠠᠭ᠎ᠠ ᠣᠷᠤᠯᠴᠠᠬᠤ ᠪᠤᠶᠤ ᠴᠦᠬᠡᠨ ᠣᠷᠣᠯᠴᠠᠵᠤ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ ᠴᠠᠰᠤᠨ ᠳᠤ ᠭᠤᠯᠭᠤᠬᠤ ᠶᠠᠪᠤᠳᠠᠯ ᠨᠡᠯᠢᠶᠡᠳ ᠲᠣᠪᠣᠶᠢᠮ᠎ᠠ᠂ ᠠᠮᠠᠷᠠᠵᠦ ᠰᠡᠯᠡᠭᠦᠴᠡᠨ ᠴᠠᠰᠤᠨ ᠳᠤ ᠭᠤᠯᠭᠤᠬᠤ ᠬᠥᠮᠥᠨ ᠠᠮᠠ ᠶᠢᠨ ᠡᠵᠡᠯᠡᠬᠦ ᠬᠠᠷᠢᠴᠠᠯ ᠬᠠᠷᠢᠴᠠᠩᠭᠤᠢ ᠪᠠᠷ ᠨᠡᠯᠢᠶᠡᠳ ᠴᠥᠭᠡᠨ᠂ ᠮᠥᠰᠥ ᠴᠠᠰᠤᠨ ᠤ ᠬᠦᠳᠡᠯᠭᠡᠭᠡᠨ ᠤ ᠥᠷᠨᠢᠯᠲᠡ ᠨᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠵᠤ ᠬᠤᠪᠢᠷᠠᠭᠠᠳᠤᠢ᠃ ᠣᠯᠠᠨ ᠤᠯᠤᠰ ᠤᠨ ᠴᠠᠰᠤᠨ ᠳᠤ ᠭᠤᠯᠭᠤᠬᠤ ᠤᠷᠤᠯᠳᠤᠭᠠᠨ ᠢ ᠳᠠᠭᠠᠭᠠᠴᠢᠯᠠᠨ ᠡᠷᠭᠢᠯᠡᠬᠦ ᠪᠠᠷᠢᠮᠵᠢᠶᠠᠲᠤ ᠲᠠᠯᠠᠪᠤᠷ ᠲᠤᠲᠠᠭᠳᠠᠵᠤ᠂ ᠳᠤᠮᠳᠠ ᠪᠠᠭ᠎ᠠ  ᠬᠡᠪᠴᠢᠶᠡᠨ ᠤ ᠴᠠᠰᠤᠨ ᠳᠤ ᠭᠤᠯᠭᠤᠬᠤ ᠲᠠᠯᠠᠪᠤᠷ ᠤᠨ ᠲᠤᠭ᠎ᠠ ᠨᠢ ᠣᠯᠠᠨ᠂ ᠡᠵᠡᠯᠡᠬᠦ ᠬᠠᠷᠢᠴᠠᠯ ᠨᠢ ᠶᠡᠭᠡ᠂ ᠰᠠᠭᠤᠷᠢ ᠲᠥᠬᠦᠭᠡᠷᠦᠮᠵᠢ ᠶᠢᠨ ᠲᠣᠨᠤᠭ ᠲᠥᠬᠦᠭᠡᠷᠦᠮᠵᠢ ᠨᠢ ᠬᠠᠷᠢᠴᠠᠩᠭᠤᠢ ᠬᠤᠴᠤᠷᠤᠩᠭᠤᠢ᠂ ᠴᠠᠰᠤᠨ ᠳᠤ ᠭᠤᠯᠭᠤᠬᠤ ᠲᠠᠯᠠᠪᠤᠷ ᠤᠨ ᠡᠷᠬᠢᠨ ᠲᠣᠭᠤᠷᠢᠨ ᠤ ᠵᠠᠮ ᠬᠠᠷᠢᠯᠴᠠᠭ᠎ᠠ᠂ ᠬᠡᠷᠡᠭᠯᠡᠭᠡ ᠵᠡᠷᠭᠡ ᠣᠯᠠᠨ ᠨᠡᠶᠢᠲᠡ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠬᠦᠷᠦᠯᠴᠡᠬᠦ ᠦᠭᠡᠢ ᠪᠠᠶᠢᠬᠤ ᠶᠢ ᠤᠯᠵᠦ ᠮᠡᠳᠡᠪᠡ᠃     ᠯᠢᠦ ᠵᠧᠩ ᠤᠷᠤᠯᠳᠤᠭᠠᠨ ᠤ ᠲᠠᠯ᠎ᠠ ᠪᠠᠷ ᠢᠯᠡᠷᠬᠡᠶᠢᠯᠡᠬᠦ ᠳᠡᠭᠡᠨ᠂ ᠬᠡᠳᠦᠶᠢᠪᠡᠷ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠨᠢ ᠮᠠᠨ ᠤ ᠤᠯᠤᠰ ᠤᠨ 7 ᠶᠡᠭᠡ ᠲᠥᠷᠥᠯ ᠵᠦᠢᠯ᠂ 15 ᠬᠤᠪᠢᠶᠠᠷᠢ ᠲᠥᠷᠥᠯ ᠵᠦᠢᠯ ᠤᠨ ︽ᠪᠥᠬᠦ ᠲᠥᠷᠥᠯ ᠵᠦᠢᠯ︾ ᠢ ᠪᠡᠶᠡᠯᠡᠭᠦᠯᠦᠭᠰᠡᠨ ᠪᠣᠯᠪᠠᠴᠤ ᠵᠠᠷᠢᠮ ᠤᠯᠠᠮᠵᠢᠯᠠᠯᠲᠤ ᠮᠥᠰᠥ  ᠴᠠᠰᠤᠨ ᠤ  ᠲᠠᠮᠢᠷ  ᠤᠨ  ᠤᠷᠤᠯᠳᠤᠭᠠᠨ ᠤ  ᠲᠥᠷᠥᠯ  ᠵᠦᠢᠯ   ᠨᠢ  ᠮᠥᠨ ᠬᠦ  ᠬᠤᠴᠤᠷᠤᠩᠭᠤᠢ ᠪᠠᠶᠢᠭᠰᠠᠭᠠᠷ ᠭᠡᠪᠡ᠃     ᠯᠢᠦ ᠵᠧᠩ ᠡᠭᠦᠨ ᠢ ᠦᠨᠳᠦᠰᠦᠯᠡᠨ ᠲᠠᠪᠤᠨ ᠰᠠᠨᠠᠭᠤᠯᠭ᠎ᠠ ᠳᠤᠷᠠᠳᠪᠠ᠄ ᠳᠡᠯᠡᠬᠡᠢ ᠶᠢᠨ ᠲᠡᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠤᠳᠤᠯᠤᠨ ᠨᠡᠭᠡᠭᠡᠬᠦ ᠲᠥᠪ ᠢ ᠪᠠᠶᠢᠭᠤᠯᠤᠨ᠎ᠠ︔ ᠵᠡᠭᠦᠨ ᠬᠤᠶᠢᠲᠤ ᠣᠷᠣᠨ ᠤ ᠳᠡᠭᠡᠳᠦ ᠲᠡᠰ ᠤᠨ ᠮᠥᠰᠥ ᠴᠠᠰᠤᠨ ᠤ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠰᠢᠯᠢᠳᠡᠭᠵᠢᠭᠦᠯᠦᠨ᠎ᠡ︔ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠨᠦᠯᠦᠭᠡᠯᠡᠯ ᠢ ᠶᠡᠬᠡᠪᠡᠷ ᠪᠠᠳᠠᠷᠠᠭᠤᠯᠤᠨ᠎ᠡ︔ ᠮᠥᠰᠥ ᠴᠠᠰᠤᠨ ᠤ ᠠᠵᠤ ᠦᠢᠯᠡᠰ ᠤᠨ ᠲᠦᠷᠭᠡᠨ ᠬᠥᠭᠵᠢᠯᠲᠡ ᠶᠢ ᠬᠦᠴᠦᠲᠡᠢ ᠠᠬᠢᠭᠤᠯᠤᠨ᠎ᠠ︔ ᠳᠡᠯᠡᠬᠡᠢ ᠶᠢᠨ ᠲᠡᠷᠢᠭᠦᠨ ᠤ ᠮᠥᠰᠥ ᠴᠠᠰᠤᠨ ᠤ ᠤᠷᠤᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠰᠢᠰᠲ᠋ᠧᠮ ᠢ ᠪᠠᠶᠢᠭᠤᠯᠤᠨ᠎ᠠ᠃     ᠯᠢᠦ ᠵᠧᠩ ᠰᠠᠨᠠᠭᠤᠯᠬᠤ ᠳᠠᠭᠠᠨ᠂ ᠪᠡᠭᠡᠵᠢᠩ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ ᠪᠡᠭᠡᠵᠢᠩ ᠤᠨ ᠤᠯᠤᠰ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠳᠤᠯᠤᠨ ᠨᠡᠭᠡᠭᠡᠬᠦ ᠲᠥᠪ ᠢ ᠪᠠᠶᠢᠭᠤᠯᠬᠤ ᠬᠡᠷᠡᠭᠲᠡᠢ︔ ᠮᠦᠭᠳᠡᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠴᠠᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠳᠤ ᠬᠤᠷᠠᠮᠳᠤᠭᠤᠯᠤᠭᠰᠠᠨ 40 ᠭᠠᠷᠤᠢ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠨᠡᠮᠡᠷᠢᠯᠡᠬᠦ ᠳᠠᠪᠠᠭᠤᠯᠢᠭ ᠢ ᠭᠦᠢᠴᠡᠳ ᠠᠰᠢᠭᠯᠠᠨ᠂ ᠮᠦᠭᠳᠡᠨ ᠤ ᠤᠯᠤᠰ ᠤᠨ ᠴᠠᠰᠤᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠳᠤᠯᠤᠨ ᠨᠡᠭᠡᠭᠡᠬᠦ ᠲᠦᠪ ᠢ ᠪᠠᠶᠢᠭᠤᠯᠤᠨ᠎ᠡ᠃ ᠤᠯᠤᠰ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠳᠤᠯᠤᠨ ᠨᠡᠭᠡᠭᠡᠬᠦ ᠲᠥᠪ ᠲᠤ ᠲᠦᠰᠢᠭᠯᠡᠨ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ᠂ ᠨᠡᠶᠢᠭᠡᠮ ᠤᠨ ᠪᠠᠶᠢᠭᠤᠯᠤᠮᠵᠢ ᠲᠠᠢ ᠬᠠᠮᠵᠢᠯᠴᠠᠨ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ᠂ ᠰᠢᠨ᠎ᠡ ᠲᠧᠭᠨᠢᠭ ᠤᠨ ᠤᠬᠠᠭᠠᠨ᠂ ᠰᠢᠨ᠎ᠡ ᠡᠮᠨᠡᠯᠭᠡ ᠶᠢᠨ ᠤᠬᠠᠭᠠᠨ ᠵᠡᠷᠭᠡ ᠰᠢᠨᠵᠢᠯᠡᠭᠡᠨ ᠤ ᠰᠠᠯᠠᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠤᠷᠤᠯᠳᠤᠭᠠᠨ ᠠᠴᠠ ᠪᠣᠶ ᠪᠣᠯᠤᠭᠰᠠᠨ ᠪᠡᠶ᠎ᠡ ᠶᠢᠨ ᠲᠠᠮᠢᠷ ᠤᠨ ᠢᠯᠡᠷᠡᠯ ᠤᠨ ᠵᠠᠳᠠᠯᠤᠯᠲᠠ᠂ ᠪᠡᠶ᠎ᠡ ᠶᠢᠨ ᠲᠠᠮᠢᠷ ᠤᠨ ᠪᠠᠶᠢᠳᠠᠯ ᠤᠨ ᠣᠨᠣᠰᠢᠯᠠᠯᠲᠠ᠂ ᠤᠷᠤᠯᠳᠤᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠣᠨᠤᠭ ᠲᠥᠬᠦᠭᠡᠷᠦᠮᠵᠢ ᠶᠢ ᠰᠢᠯᠢᠳᠡᠭᠵᠢᠭᠦᠯᠬᠦ ᠵᠡᠷᠭᠡ ᠪᠣᠳᠠᠲᠤ ᠬᠡᠷᠡᠭᠴᠡᠭᠡ ᠳᠤ ᠴᠢᠭᠯᠡᠭᠦᠯᠦᠨ᠂ ᠮᠠᠨ ᠤ ᠤᠯᠤᠰ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠡ᠃     ᠯᠢᠦ ᠵᠧᠩ ᠤᠨ ᠦᠵᠡᠬᠦ ᠪᠠᠷ᠂ ᠵᠡᠭᠦᠨ ᠬᠤᠶᠢᠲᠤ ᠶᠢᠨ ᠭᠤᠷᠪᠠᠨ ᠮᠤᠵᠢ ᠡᠪᠦᠯ ᠤᠨ ᠤᠯᠠᠷᠢᠯ ᠨᠢ ᠬᠠᠬᠢᠷ ᠬᠦᠢᠲᠡᠨ ᠪᠥᠭᠡᠳ ᠣᠷᠳᠣ ᠪᠠᠶᠢᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠥᠭᠵᠢᠭᠦᠯᠬᠦ ᠭᠠᠵᠠᠷ ᠣᠷᠣᠨ ᠤ ᠳᠠᠪᠠᠭᠤᠯᠢᠭ ᠪᠠ ᠣᠯᠠᠨ ᠲᠦᠮᠡᠨᠴᠢ ᠰᠠᠭᠤᠷᠢ ᠲᠠᠢ᠃ ᠯᠢᠶᠣᠤᠨᠢᠩ ᠮᠤᠵᠢ ᠶᠢᠨ ᠬᠢᠨ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠭᠤᠶᠤᠴᠢᠯᠠᠬᠤ ᠶᠢ ᠠᠵᠠ ᠲᠣᠬᠢᠶᠠᠯ ᠪᠣᠯᠭᠠᠵᠤ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠴᠦᠬᠡᠨ ᠬᠦᠮᠦᠰ ᠤᠨ ᠲᠤᠮᠳᠠ ᠠᠴᠠ ᠤᠯᠠᠨ ᠲᠦᠮᠡᠨ ᠳᠤ ᠰᠢᠯᠵᠢᠭᠦᠯᠬᠦ᠂ ᠣᠷᠣᠨ ᠪᠦᠰᠡ ᠠᠴᠠ ᠪᠦᠬᠦ ᠤᠯᠤᠰ ᠲᠤ ᠰᠢᠯᠵᠢᠭᠦᠯᠬᠦ᠂ ᠡᠪᠦᠯ ᠤᠨ ᠤᠯᠠᠷᠢᠯ ᠠᠴᠠ ᠪᠦᠬᠦ ᠵᠢᠯ ᠳᠤ ᠰᠢᠯᠵᠢᠭᠦᠯᠬᠦ ᠬᠤᠪᠢᠷᠠᠯᠲᠠ ᠶᠢ ᠴᠢᠨᠠᠭᠰᠢᠳᠠ ᠠᠬᠢᠭᠤᠯᠤᠨ᠎ᠠ᠃ ᠤᠯᠤᠰ ᠠᠴᠠ ᠤᠷᠮᠠᠰᠢᠭᠤᠯᠬᠤ ᠲᠥᠷᠥ ᠶᠢᠨ ᠪᠣᠳᠣᠯᠭ᠎ᠠ ᠨᠡᠶᠢᠲᠡᠯᠡᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠬᠦ ᠪᠠᠷ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠶᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃    ᠯᠢᠦ ᠵᠧᠩ ᠠᠴᠠ ᠵᠡᠭᠦᠨ ᠬᠤᠶᠢᠲᠤ ᠣᠷᠣᠨ ᠤ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠣᠯᠠᠨ ᠲᠦᠮᠡᠨ ᠤ ᠮᠥᠰᠥ ᠴᠠᠰᠤ᠂ ᠤᠷᠤᠯᠳᠤᠭᠠᠨ ᠤ ᠮᠥᠰᠥ ᠴᠠᠰᠤ᠂ ᠮᠥᠰᠥ ᠴᠠᠰᠤᠨ ᠤ ᠠᠵᠤ ᠦᠢᠯᠡᠰ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠣᠯᠠᠨ ᠶᠠᠩᠵᠤ ᠶᠢᠨ ᠬᠡᠯᠪᠡᠷᠢ ᠪᠠᠶᠢᠳᠠᠯ ᠲᠠᠢ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠰᠠᠨᠠᠭᠤᠯᠪᠠ᠃      ᠯᠢᠦ ᠵᠧᠩ ᠠᠴᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠲᠠᠯ᠎ᠠ ᠪᠠᠷ᠂ ︽ᠤᠯᠤᠰ ᠠᠴᠠ ᠬᠥᠮᠥᠵᠢᠭᠦᠯᠬᠦ + ᠳᠡᠭᠡᠳᠦ ᠰᠤᠷᠭᠠᠭᠤᠯᠢ ᠠᠴᠠ ᠬᠥᠮᠥᠵᠢᠭᠦᠯᠬᠦ + ᠨᠡᠶᠢᠭᠡᠮ ᠠᠴᠠ ᠬᠥᠮᠥᠵᠢᠭᠦᠯᠬᠦ︾ ᠦᠨᠳᠦᠰᠦᠨ ᠵᠠᠭᠪᠤᠷ ᠢ ᠪᠦᠷᠢᠯᠳᠦᠭᠦᠯᠵᠦ᠂ ᠣᠯᠠᠨ ᠡᠰᠢᠲᠦ ᠪᠡᠶᠡᠴᠢ ᠴᠣᠭᠴᠠ ᠶᠢᠨ ᠬᠠᠮᠵᠢᠯᠴᠠᠭᠰᠠᠨ ᠠᠩᠭᠢ ᠡᠷᠭᠢᠯᠡᠬᠦ ᠰᠢᠰᠲ᠋ᠧᠮ ᠢ ᠪᠦᠷᠢᠯᠳᠦᠭᠦᠯᠪᠡᠯ ᠵᠣᠬᠢᠨ᠎ᠠ ᠭᠡᠵᠦ ᠪᠠᠶᠢᠪᠡ᠃
 
ᠢᠷᠡᠯᠲᠡ᠄ ᠰᠢᠨᠬᠤᠸᠠ ᠬᠤᠷᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号