ᠵᠠᠩ ᠬᠤᠩ ᠭᠡᠰᠢᠭᠦᠨ᠄ ᠣᠯᠠᠨ ᠤᠯᠤᠰ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠳᠤ ᠴᠢᠳᠠᠪᠤᠷᠢᠲᠠᠨ ᠢ ᠶᠡᠭᠡ ᠪᠠᠷ ᠬᠦᠷᠭᠡᠨ ᠥᠭᠴᠦ ᠣᠯᠠᠨ ᠤᠯᠤᠰ ᠤᠨ ᠤᠷᠤᠯᠳᠤᠭᠠᠨ ᠤ ᠶᠠᠪᠤᠳᠠᠯ ᠢ      ᠢᠳᠡᠪᠬᠢᠲᠡᠢ ᠳᠠᠭᠠᠭᠠᠴᠢᠯᠠᠨ ᠡᠷᠬᠢᠯᠡᠨ᠎ᠡ
ᠨᠡᠶᠢᠲᠡᠯᠡᠭᠰᠡᠨ ᠴᠠᠭ᠄
2023/3/9
    ᠪᠡᠭᠡᠵᠢᠩ ᠳᠤ ᠪᠥᠬᠦ ᠤᠯᠤᠰ ᠤᠨ ᠬᠤᠶᠠᠷ ᠬᠤᠷᠠᠯ ᠳᠤ ᠣᠷᠣᠯᠴᠠᠵᠤ ᠪᠠᠶᠢᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠲᠦᠷᠭᠡᠨ ᠲᠠᠰᠢᠯᠳᠠ ᠶᠢᠨ ᠮᠠᠩᠯᠠᠢ ᠵᠠᠩ ᠬᠤᠩ ᠠᠴᠠ ᠳᠡᠭᠡᠳᠦ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠣᠶᠣᠯ ᠤᠨ ᠲᠥᠷᠥᠯ ᠤᠨ ᠬᠢᠴᠢᠶᠡᠯ ᠢ ᠨᠡᠮᠡᠵᠦ᠂ ᠣᠯᠠᠨ ᠤᠯᠤᠰ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠳᠤ ᠴᠢᠳᠠᠪᠤᠷᠢᠲᠠᠨ ᠬᠦᠷᠭᠡᠬᠦ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠣᠯᠠᠨ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠢᠳᠡᠪᠬᠢᠲᠡᠢ ᠡᠷᠭᠢᠯᠡᠬᠦ ᠬᠡᠷᠡᠭᠲᠡᠢ ᠭᠡᠰᠡᠨ ᠰᠠᠨᠠᠭᠤᠯᠭ᠎ᠠ ᠲᠤᠷᠠᠳᠪᠠ᠃     ᠵᠠᠩ ᠬᠤᠩ ᠥᠪᠡᠷ ᠤᠨ ᠣᠯᠠᠨ ᠤᠯᠤᠰ ᠤᠨ ᠣᠯᠢᠮᠫᠢᠺ ᠤᠨ ᠵᠥᠪᠯᠡᠯ ᠤᠨ ᠭᠡᠰᠢᠭᠦᠨ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠤᠳᠤᠯᠤᠭᠴᠢ ᠪᠣᠯᠤᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ᠂ ᠰᠠᠨᠠᠯ ᠳᠤᠷᠠᠳᠤᠯᠭ᠎ᠠ ᠳᠤ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠤᠯᠠᠮ ᠨᠢᠭᠡ ᠠᠯᠬᠤᠮ ᠠᠬᠢᠭᠤᠯᠵᠦ᠂ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠴᠢᠨᠠᠭᠰᠢᠳᠠ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠣᠯᠢᠮᠫᠢᠺ ᠤᠨ ᠰᠣᠶᠣᠯ᠂ ᠪᠡᠶ᠎ᠡ ᠶᠢᠨ ᠲᠠᠮᠢᠷ ᠤᠨ ᠬᠠᠮᠢᠶᠠᠷᠤᠯᠲᠠ᠂ ᠪᠡᠶ᠎ᠡ ᠶᠢᠨ ᠲᠠᠮᠢᠷ ᠤᠨ ᠠᠵᠤ ᠠᠬᠤᠢ᠂ ᠪᠡᠶ᠎ᠡ ᠶᠢᠨ ᠲᠠᠮᠢᠷ ᠤᠨ ᠬᠠᠤᠯᠢ ᠵᠡᠷᠭᠡ ᠪᠡᠶ᠎ᠡ ᠶᠢᠨ ᠲᠠᠮᠢᠷ ᠤᠨ ᠰᠣᠶᠣᠯ ᠤᠨ ᠲᠦᠷᠦᠯ ᠤᠨ ᠬᠢᠴᠢᠶᠡᠯ ᠢ ᠨᠡᠮᠡᠨ ᠲᠣᠬᠢᠷᠠᠭᠤᠯᠵᠤ᠂ ᠵᠠᠯᠠᠭᠤᠴᠤᠳ ᠲᠤ ᠪᠡᠶ᠎ᠡ ᠶᠢᠨ ᠲᠠᠮᠢᠷ ᠤᠨ ᠮᠡᠳᠡᠯᠭᠡ ᠶᠢ ᠤᠯᠠᠮᠵᠢᠯᠠᠵᠤ᠂ ᠣᠯᠢᠮᠫᠢᠺ ᠤᠨ ᠰᠣᠶᠣᠯ ᠢ ᠤᠯᠠᠮᠵᠢᠯᠠᠵᠤ᠂ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠥᠵᠢᠭᠦᠯᠵᠦ᠂ ᠪᠡᠶ᠎ᠡ ᠶᠢᠨ ᠲᠠᠮᠢᠷ ᠤᠨ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ ᠭᠡᠵᠦ ᠲᠤᠷᠠᠳᠪᠠ᠃     ︽ᠣᠶᠢᠷ᠎ᠠ ᠶᠢᠨ ᠬᠡᠳᠦᠨ ᠵᠢᠯ ᠠᠴᠠ ᠦᠵᠡᠪᠡᠯ᠂ ᠪᠡᠶ᠎ᠡ ᠶᠢᠨ ᠲᠠᠮᠢᠷ ᠪᠣᠯ ᠨᠢᠭᠡᠨ ᠰᠢᠨ᠎ᠡ ᠲᠣᠬᠢᠶᠠᠯ᠂ ᠨᠢᠭᠡᠨ ᠰᠢᠨ᠎ᠡ ᠰᠤᠷᠭᠠᠨ ᠬᠥᠮᠦᠵᠢᠯ ᠤᠨ ᠴᠢᠭᠯᠡᠯ ᠮᠥᠨ︾᠃ ᠵᠠᠩ ᠬᠤᠩ᠄ ︽ᠲᠠᠮᠢᠷᠴᠢᠨ ᠢ ᠬᠥᠮᠥᠵᠢᠭᠦᠯᠬᠦ ᠲᠠᠯ᠎ᠠ ᠠᠴᠠ ᠠᠪᠴᠤ ᠬᠡᠯᠡᠭᠰᠡᠨ ᠴᠦ᠂ ᠵᠠᠯᠠᠭᠤ ᠪᠠᠭᠠᠴᠤᠳ ᠢ ᠬᠥᠮᠥᠵᠢᠭᠦᠯᠬᠦ ᠲᠠᠯ᠎ᠠ ᠠᠴᠠ ᠠᠪᠴᠤ ᠬᠡᠯᠡᠭᠰᠡᠨ ᠴᠦ᠂ ᠬᠡᠷᠪᠡ ᠪᠢᠳᠡ ᠰᠤᠷᠭᠠᠭᠤᠯᠢ ᠳᠤ ᠡᠶᠢᠮᠦ ᠬᠢᠴᠢᠶᠡᠯ ᠢ ᠨᠠᠩ ᠣᠯᠠᠨ ᠥᠷᠨᠢᠭᠦᠯᠪᠡᠯ᠂ ᠰᠤᠷᠤᠭᠴᠢᠳ ᠢ ᠳᠠᠭᠠᠭᠤᠯᠤᠨ ᠬᠦᠳᠦᠯᠵᠦ᠂ ᠲᠡᠳᠡᠨ ᠢ ᠢᠷᠡᠭᠡᠳᠦᠢ ᠶᠢᠨ ᠪᠡᠶ᠎ᠡ ᠶᠢᠨ ᠲᠠᠮᠢᠷ ᠤᠨ ᠬᠥᠮᠥᠨ ᠪᠣᠯᠭᠠᠬᠤ ᠪᠣᠯᠣᠨ᠎ᠠ︾ ᠭᠡᠵᠡᠢ᠃     ᠡᠭᠦᠨ ᠤ ᠬᠠᠮᠲᠤ ᠲᠡᠷᠡ ᠪᠠᠰᠠ ᠵᠣᠬᠢᠶᠠᠨ ᠪᠠᠶᠢᠭᠤᠯᠤᠯᠲᠠ ᠲᠠᠢ᠂ ᠲᠥᠯᠥᠪᠯᠡᠭᠡ ᠲᠠᠢ᠂ ᠬᠠᠷᠠᠯᠲᠠ ᠲᠠᠢ ᠪᠠᠷ ᠤᠯᠠᠨ ᠤᠯᠤᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠵᠥᠪᠯᠡᠯ᠂ ᠤᠯᠠᠨ ᠤᠯᠤᠰ ᠤᠨ ᠳ᠋ᠠᠩ ᠲᠦᠷᠦᠯ ᠤᠨ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠵᠡᠷᠭᠡ ᠪᠠᠶᠢᠭᠤᠯᠤᠮᠵᠢ ᠳᠤ ᠭᠡᠰᠢᠭᠦᠨ ᠪᠠ ᠠᠵᠢᠯᠲᠠᠨ ᠢ ᠰᠣᠩᠭᠤᠨ ᠲᠣᠮᠢᠯᠠᠵᠤ᠂ ᠲᠠᠨᠢᠯᠴᠠᠭᠤᠯᠬᠤ ᠰᠠᠨᠠᠭᠤᠯᠭ᠎ᠠ ᠭᠠᠷᠭᠠᠪᠠ᠃ ᠥᠨᠳᠥᠷ ᠬᠢᠷᠢ ᠲᠦᠪᠰᠢᠨ ᠪᠦᠬᠦᠢ ᠰᠤᠷᠭᠠᠭᠴᠢ᠂ ᠬᠢᠨᠠᠭᠴᠢ ᠵᠢᠴᠢ ᠵᠠᠭᠤᠴᠢᠯᠠᠭᠤᠷ᠂ ᠪᠡᠶ᠎ᠡ ᠶᠢᠨ ᠲᠠᠮᠢᠷ ᠤᠨ ᠵᠠᠭᠤᠴᠢᠯᠠᠭᠴᠢ᠂ ᠲᠧᠯᠸᠢᠰ ᠢᠶᠠᠷ ᠳᠠᠮᠵᠢᠭᠤᠯᠤᠨ ᠨᠡᠪᠲᠡᠷᠡᠭᠦᠯᠬᠦ᠂ ᠣᠯᠠᠨ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠵᠡᠷᠭᠡ ᠬᠦᠷᠢᠶᠡᠨ ᠳᠠᠬᠢ ᠬᠥᠮᠥᠰ ᠢ ᠬᠥᠮᠥᠵᠢᠭᠦᠯᠵᠦ ᠰᠣᠩᠭᠤᠨ ᠬᠦᠷᠭᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠪᠡᠶ᠎ᠡ ᠶᠢᠨ ᠲᠠᠮᠢᠷ ᠤᠨ ᠭᠠᠳᠠᠭᠠᠳᠤ ᠬᠠᠷᠢᠯᠴᠠᠭ᠎ᠠ ᠶᠢ ᠢᠳᠡᠪᠬᠢᠲᠡᠢ ᠲᠦᠯᠬᠢᠨ ᠠᠬᠢᠭᠤᠯᠬᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠴᠢᠳᠠᠪᠤᠷᠢᠲᠠᠨ ᠤ ᠳᠡᠮᠵᠢᠯᠭᠡ ᠬᠠᠩᠭᠠᠨ᠎ᠠ᠃     ᠡᠭᠦᠨ ᠠᠴᠠ ᠭᠠᠳᠠᠨ᠎ᠠ᠂ ᠵᠠᠩ ᠬᠤᠩ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠤᠳ ᠲᠤ ᠮᠠᠨ ᠤ ᠤᠯᠤᠰ ᠤᠷᠢᠳ ᠬᠤᠵᠢᠳ ᠨᠠᠨᠵᠢᠩ ᠤᠨ ᠵᠠᠯᠠᠭᠤᠴᠤᠳ ᠤᠨ ᠣᠯᠢᠮᠫᠢᠺ ᠤᠨ ᠴᠤᠭᠯᠠᠭᠠᠨ᠂ ᠦᠬᠠᠨ ᠤ ᠴᠡᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠪᠡᠭᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠴᠤᠭᠯᠠᠭᠠᠨ ᠵᠡᠷᠭᠡ ᠣᠯᠠᠨ ᠤᠯᠤᠰ ᠤᠨ ᠤᠷᠤᠯᠳᠤᠭᠠᠨ ᠢ ᠡᠷᠭᠢᠯᠡᠵᠦ᠂ ᠪᠠᠰᠠ ᠮᠠᠰᠢ ᠣᠯᠠᠨ ᠬᠤᠲᠠ ᠣᠯᠠᠨ ᠤᠯᠤᠰ ᠤᠨ ᠳ᠋ᠠᠩ ᠲᠦᠷᠦᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠠᠮᠵᠢᠯᠲᠠ ᠲᠠᠢ ᠪᠠᠷ ᠳᠠᠭᠠᠭᠠᠴᠢᠯᠠᠨ ᠡᠷᠭᠢᠯᠡᠵᠦ᠂ ᠭᠠᠵᠠᠷ ᠣᠷᠣᠨ ᠤ ᠠᠵᠤ ᠠᠬᠤᠢ ᠶᠢᠨ ᠦᠷᠭᠦᠯᠵᠢᠯᠡᠨ ᠨᠡᠮᠡᠭᠳᠡᠬᠦ ᠶᠢ ᠳᠠᠶᠢᠴᠢᠯᠠᠨ᠂ ᠵᠢᠭᠤᠯᠴᠢᠯᠠᠯ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠠᠵᠢᠯ ᠣᠯᠬᠤ ᠲᠣᠬᠢᠶᠠᠯ ᠢ ᠨᠡᠮᠡᠭᠳᠡᠭᠦᠯᠦᠨ᠂ ᠬᠤᠲᠠ ᠶᠢᠨ ᠨᠡᠶᠢᠭᠡᠮ ᠰᠣᠶᠣᠯ ᠤᠨ ᠣᠷᠴᠢᠨ ᠨᠥᠬᠦᠴᠡᠯ ᠢ ᠰᠠᠶᠢᠵᠢᠷᠠᠭᠤᠯᠵᠤ ᠪᠠᠶᠢᠨ᠎ᠠ ᠭᠡᠵᠡᠢ᠃ ᠲᠡᠷᠡ ᠤᠯᠠᠨ ᠤᠯᠤᠰ ᠤᠨ ᠤᠷᠤᠯᠳᠤᠭᠠᠨ ᠤ ᠨᠥᠯᠥᠭᠡᠯᠡᠬᠦ ᠬᠦᠴᠦᠨ ᠢ ᠴᠢᠬᠤᠯᠠᠴᠢᠯᠠᠵᠤ᠂ ᠤᠯᠠᠨ ᠤᠯᠤᠰ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠪᠠᠯ ᠵᠣᠬᠢᠨ᠎ᠠ ᠭᠡᠵᠦ ᠦᠵᠡᠪᠡ᠃       ᠣᠳᠣᠬᠠᠨ ᠳᠤ ᠳᠤᠮᠳᠠᠳᠤ ᠤᠯᠤᠰ ᠤᠨ ᠣᠯᠠᠨ ᠬᠤᠲᠠ ᠣᠯᠠᠨ ᠤᠯᠤᠰ ᠤᠨ ᠤᠷᠤᠯᠳᠤᠭᠠᠨ ᠡᠷᠭᠢᠯᠡᠬᠦ ᠨᠥᠬᠦᠴᠡᠯ ᠢ ᠪᠦᠷᠢᠯᠳᠦᠭᠦᠯᠦᠭᠰᠡᠨ ᠪᠠᠶᠢᠳᠠᠯ ᠢ ᠦᠨᠳᠦᠰᠦᠯᠡᠨ᠂ ᠲᠡᠷᠡ ᠰᠠᠨᠠᠭᠤᠯᠭ᠎ᠠ ᠲᠤᠷᠠᠳᠬᠤ ᠳᠠᠭᠠᠨ᠂ ᠤᠯᠠᠨ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠬᠦ ᠪᠠᠷ ᠭᠤᠶᠤᠴᠢᠯᠠᠬᠤ ᠡᠷᠴᠢᠮ ᠢᠶᠠᠨ ᠴᠢᠩᠭᠠᠷᠠᠭᠤᠯᠵᠤ᠂ ᠡᠷᠬᠢᠯᠡᠬᠦ ᠪᠠᠷ ᠭᠤᠶᠤᠴᠢᠯᠠᠬᠤ ᠶᠠᠪᠤᠴᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠬᠦ ᠪᠠᠷ ᠳᠠᠮᠵᠢᠭᠤᠯᠵᠤ᠂ ᠲᠤᠬᠠᠢ ᠶᠢᠨ ᠭᠠᠵᠠᠷ ᠤᠨ ᠪᠡᠶ᠎ᠡ ᠶᠢᠨ ᠲᠠᠮᠢᠷ ᠤᠨ ᠰᠣᠶᠣᠯ ᠤᠨ ᠬᠥᠭᠵᠢᠯᠲᠡ ᠶᠢ ᠠᠬᠢᠭᠤᠯᠵᠤ᠂ ᠪᠦᠬᠦ ᠳᠡᠯᠡᠬᠡᠢ ᠳᠤ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠳᠠᠭᠤᠨ ᠢ ᠰᠠᠶᠢᠲᠤᠷ ᠤᠯᠠᠮᠵᠢᠯᠠᠵᠤ᠂ ᠢᠲᠡᠭᠡᠭᠦᠰᠢᠲᠡᠢ᠂ ᠬᠠᠶᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠵᠦ᠂ ᠳᠤᠮᠳᠠᠳᠤ ᠶᠢᠨ ᠰᠣᠶᠣᠯ ᠤᠨ ᠨᠡᠩ ᠰᠠᠶᠢᠨ ᠢᠶᠠᠷ ᠳᠡᠯᠡᠬᠡᠢ ᠳᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠰᠠᠨᠠᠭᠤᠯᠵᠠᠢ᠃
 
ᠢᠷᠡᠯᠲᠡ᠄ ᠰᠢᠨᠬᠤᠸᠠ ᠬᠤᠷᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号