ᠣᠷᠳᠣᠰ ᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠰᠠᠭᠰᠤᠨ ᠪᠥᠮᠪᠦᠭᠡ᠂ ᠬᠥᠯ ᠪᠥᠮᠪᠦᠭᠡ᠂ ᠬᠡᠶᠢᠲᠦ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠳᠤ ᠤᠷᠤᠯᠴᠠᠬᠤ ᠲᠠᠮᠢᠷᠴᠢᠨ ᠢ ᠰᠢᠯᠭᠠᠷᠠᠭᠤᠯᠬᠤ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/4/11
    4 ᠰᠠᠷ᠎ᠠ ᠶᠢᠨ 7 ᠤ ᠡᠳᠦᠷ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ  ᠠᠴᠠ ᠭᠤᠣᠯᠯᠠᠨ ᠡᠷᠭᠢᠯᠡᠵᠦ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠢ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ᠣᠷᠳᠣᠰ ᠬᠤᠲᠠ ᠶᠢ ᠲᠦᠯᠦᠭᠡᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠰᠠᠭᠰᠤᠨ ᠪᠥᠮᠪᠦᠭᠡ᠂ ᠬᠥᠯ ᠪᠥᠮᠪᠦᠭᠡ᠂ ᠬᠡᠶᠢᠳᠦ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠳᠤ ᠤᠷᠤᠯᠴᠠᠬᠤ ᠲᠠᠮᠢᠷᠴᠢᠨ ᠢ ᠰᠢᠯᠭᠠᠷᠠᠭᠤᠯᠬᠤ ᠤᠷᠤᠯᠳᠤᠭᠠᠨ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠲᠤ ᠡᠬᠢᠯᠡᠪᠡ᠃ ᠲᠣᠰ ᠤᠳᠠᠭᠠᠨ ᠤ ᠰᠢᠯᠭᠠᠷᠠᠭᠤᠯᠬᠤ ᠤᠷᠤᠯᠳᠤᠭᠠᠨ 3 ᠡᠳᠦᠷ ᠤᠨ ᠬᠤᠭᠤᠴᠠᠭ᠎ᠠ ᠶᠠᠪᠤᠭᠳᠠᠵᠤ᠂ ᠬᠤᠰᠢᠭᠤ ᠲᠣᠭᠤᠷᠢᠭ᠂ ᠬᠤᠲᠠ ᠶᠢᠨ ᠲᠠᠰ ᠤᠨ ᠳ᠋ᠠᠩ ᠲᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠢᠶᠠᠷ ᠨᠢᠭᠡᠴᠢ ᠪᠣᠯᠭᠠᠨ ᠠᠩᠭᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠨ᠎ᠠ᠃
    ᠰᠠᠭᠰᠤᠨ ᠪᠥᠮᠪᠦᠭᠡ ᠶᠢᠨ ᠰᠢᠯᠭᠠᠷᠠᠭᠤᠯᠬᠤ ᠤᠷᠤᠯᠳᠤᠭᠠᠨ ᠳᠤ ᠨᠡᠶᠢᠲᠡ 8 ᠲᠥᠯᠥᠭᠡᠯᠡᠭᠴᠢᠳ ᠤᠨ ᠠᠩᠭᠢ ᠶᠢᠨ 100 ᠭᠠᠷᠤᠢ ᠬᠥᠮᠥᠨ ᠣᠷᠣᠯᠴᠠᠵᠤ᠂ ᠬᠥᠯ ᠪᠥᠮᠪᠦᠭᠡ ᠶᠢᠨ ᠰᠢᠯᠭᠠᠷᠠᠭᠤᠯᠬᠤ ᠤᠷᠤᠯᠳᠤᠭᠠᠨ ᠳᠤ ᠨᠡᠶᠢᠲᠡ 3 ᠲᠥᠯᠥᠭᠡᠯᠡᠭᠴᠢᠳ ᠤᠨ ᠠᠩᠭᠢ ᠶᠢᠨ 30 ᠭᠠᠷᠤᠢ ᠬᠥᠮᠥᠨ ᠣᠷᠣᠯᠴᠠᠵᠤ᠂ ᠬᠡᠶᠢᠳᠦ ᠠᠯᠠᠭᠠᠳᠠᠬᠤ ᠪᠥᠮᠪᠦᠭᠡ ᠶᠢᠨ ᠰᠢᠯᠭᠠᠷᠠᠭᠤᠯᠬᠤ ᠤᠷᠤᠯᠳᠤᠭᠠᠨ ᠳᠤ ᠨᠡᠶᠢᠲᠡ 13 ᠲᠥᠯᠥᠭᠡᠯᠡᠭᠴᠢᠳ ᠤᠨ ᠠᠩᠭᠢ ᠶᠢᠨ 110 ᠭᠠᠷᠤᠢ ᠬᠥᠮᠥᠨ ᠣᠷᠣᠯᠴᠠᠵᠠᠢ᠃
    ᠲᠣᠰ ᠤᠳᠠᠭᠠᠨ ᠤ ᠰᠢᠯᠭᠠᠷᠠᠭᠤᠯᠬᠤ ᠤᠷᠤᠯᠳᠤᠭᠠᠨ ᠤ ᠨᠢᠭᠡᠳᠦᠭᠡᠷ ᠨᠡᠷᠡᠰ ᠤᠨ ᠰᠠᠭᠤᠷᠢᠨ ᠳᠡᠭᠡᠷ᠎ᠡ ᠶᠡᠷᠦᠩᠬᠡᠶᠢᠯᠡᠨ ᠦᠨᠡᠯᠡᠨ ᠵᠢᠱᠢᠵᠦ᠂  ᠣᠷᠳᠣᠰ ᠬᠤᠲᠠ ᠶᠢᠨ ᠣᠯᠠᠨ ᠲᠦᠮᠡᠨᠴᠢ ᠳᠤᠭᠤᠶᠢᠯᠠᠩ ᠤᠨ ᠰᠠᠭᠰᠤᠨ ᠪᠥᠮᠪᠦᠭᠡ᠂ ᠬᠥᠯ ᠪᠥᠮᠪᠦᠭᠡ᠂ ᠬᠡᠶᠢᠳᠦ ᠠᠯᠠᠭᠠᠳᠠᠬᠤ ᠪᠥᠮᠪᠦᠭᠡ ᠶᠢᠨ ᠲᠥᠯᠥᠭᠡᠯᠡᠭᠴᠢᠳ ᠤᠨ ᠠᠩᠭᠢ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠳᠤᠭᠤᠶᠢᠯᠠᠩ ᠤᠨ ᠰᠠᠭᠰᠤᠨ ᠪᠥᠮᠪᠦᠭᠡ᠂ ᠬᠥᠯ ᠪᠥᠮᠪᠦᠭᠡ᠂  ᠬᠡᠶᠢᠳᠦ ᠠᠯᠠᠭᠠᠳᠠᠬᠤ ᠪᠥᠮᠪᠦᠭᠡ ᠶᠢᠨ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号