ᠬᠢᠩᠭᠠᠨ ᠠᠶᠢᠮᠠᠭ ᠤᠨ ᠥᠲᠥᠨ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/4/11
    4 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠲᠥᠪ᠂ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠤᠪᠢᠶᠠᠷᠢ ᠲᠥᠪ᠂ ᠬᠢᠩᠭᠠᠨ ᠠᠶᠢᠮᠠᠭ ᠤᠨ ᠾᠦᠢ ᠯᠢᠨ ᠪᠡᠶ᠎ᠡ ᠶᠢᠨ ᠲᠠᠮᠢᠷ ᠤᠨ ᠬᠢᠵᠠᠭᠠᠷᠲᠤ ᠺᠣᠮᠫᠠᠨᠢ ᠳᠠᠭᠠᠭᠠᠴᠢᠯᠠᠨ  ᠡᠷᠬᠢᠯᠡᠭᠰᠡᠨ ᠬᠢᠩᠭᠠᠨ ᠠᠶᠢᠮᠠᠭ ᠤᠨ ᠥᠲᠥᠨ ᠪᠥᠮᠪᠦᠭᠡ ᠶᠢᠨ ᠤᠷᠤᠯᠳᠤᠭᠠᠨ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠳᠤᠭᠤᠶᠢᠯᠠᠩ ᠤᠨ ᠥᠲᠥᠨ ᠪᠥᠮᠪᠦᠭᠡ ᠶᠢᠨ ᠰᠢᠯᠭᠠᠷᠠᠭᠤᠯᠬᠤ ᠤᠷᠤᠯᠳᠤᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠣᠷᠳᠣᠨ ᠳᠤ ᠬᠥᠭᠵᠢᠶᠡᠨᠲᠡᠢ ᠡᠬᠢᠯᠡᠪᠡ᠃     ᠤᠷᠤᠯᠳᠤᠭᠠᠨ ᠨᠢ ᠵᠠᠯᠠᠭᠤ ᠲᠠᠮᠢᠷᠴᠢᠳ ᠢ ᠰᠢᠯᠭᠠᠷᠠᠭᠤᠯᠬᠤ ᠳᠤᠭᠤᠶᠢᠯᠠᠩ᠂ ᠢᠳᠡᠷ ᠨᠠᠰᠤᠨ ᠤ ᠲᠠᠮᠢᠷᠴᠢᠳ ᠢ ᠰᠢᠯᠭᠠᠷᠠᠭᠤᠯᠬᠤ ᠳᠤᠭᠤᠶᠢᠯᠠᠩ᠂ ᠣᠯᠠᠨ ᠲᠦᠮᠡᠨᠴᠢ ᠵᠠᠯᠠᠭᠤ ᠲᠠᠮᠢᠷᠴᠢᠳ ᠤᠨ ᠲᠤᠭᠤᠶᠢᠯᠠᠩ᠂ ᠣᠯᠠᠨ ᠲᠦᠮᠡᠨᠴᠢ ᠢᠳᠡᠷ ᠨᠠᠰᠤᠨ ᠤ ᠲᠠᠮᠢᠷᠴᠢᠳ ᠳᠤᠭᠤᠶᠢᠯᠠᠩ ᠭᠡᠬᠦ ᠳᠥᠷᠪᠡᠨ ᠳᠤᠭᠤᠶᠢᠯᠠᠩ ᠬᠤᠪᠢᠶᠠᠵᠤ᠂ ᠡᠷᠡᠭᠲᠡᠢ ᠶᠢᠨ ᠬᠤᠣᠰᠯᠠᠨ ᠴᠣᠬᠢᠬᠤ᠂ ᠡᠮᠡᠭᠲᠡᠢ ᠶᠢᠨ ᠬᠤᠣᠰᠯᠠᠨ ᠴᠣᠬᠢᠬᠤ᠂  ᠡᠷᠡᠭᠳᠡᠢ ᠡᠮᠡᠭᠳᠡᠢ ᠬᠤᠣᠰᠯᠠᠨ ᠴᠣᠬᠢᠬᠤ ᠵᠡᠷᠭᠡ ᠲᠥᠷᠥᠯ ᠵᠦᠢᠯ ᠢ ᠪᠠᠭᠳᠠᠭᠠᠪᠠ᠃ ᠪᠦᠬᠦ ᠠᠶᠢᠮᠠᠭ ᠤᠨ ᠥᠳᠥᠨ ᠪᠥᠮᠪᠦᠭᠡ ᠶᠢᠨ ᠨᠡᠶᠢᠭᠡᠮᠯᠢᠭ᠂ ᠺᠯᠦ᠋ᠪ᠂ ᠪᠣᠯᠪᠠᠰᠤᠷᠠᠯ ᠤᠨ ᠰᠠᠭᠤᠷᠢᠨ ᠵᠢᠴᠢ ᠥᠳᠥᠨ ᠪᠥᠮᠪᠦᠭᠡ ᠳᠤ ᠪᠠᠭ᠋ᠠᠲᠠᠢ ᠬᠥᠮᠥᠰ ᠢᠶᠠᠷ ᠪᠦᠷᠢᠯᠳᠦᠭᠰᠡᠨ 210 ᠭᠠᠷᠤᠢ ᠬᠥᠮᠥᠨ ᠤᠷᠤᠯᠳᠤᠭᠠᠨ ᠳᠤ ᠣᠷᠣᠯᠴᠠᠪᠠ᠃     ᠣᠶᠢᠷ᠎ᠠ ᠶᠢᠨ ᠵᠢᠯ ᠳᠤ᠂ ᠥᠳᠥᠨ ᠪᠥᠮᠪᠦᠭᠡ ᠶᠢᠨ ᠲᠠᠮᠢᠷ ᠤᠨ ᠬᠥᠳᠡᠯᠭᠡᠭᠡᠨ ᠬᠢᠩᠭᠠᠨ ᠠᠶᠢᠮᠠᠭ ᠲᠤ ᠥᠷᠭᠡᠨ ᠢᠶᠠᠷ ᠲᠦᠭᠡᠮᠡᠯᠵᠢᠵᠦ᠂ ᠪᠦᠬᠦᠯᠢ ᠴᠣᠭᠴᠠ ᠶᠢᠨ ᠬᠢᠷᠢ ᠲᠦᠪᠰᠢᠨ ᠨᠢ ᠢᠯᠡᠳᠲᠡ ᠳᠡᠭᠡᠭᠰᠢᠯᠡᠪᠡ᠃ ᠲᠤᠰ ᠤᠳᠠᠭ᠎ᠠ ᠶᠢᠨ ᠤᠷᠤᠯᠳᠤᠭᠠᠨ ᠬᠤᠶᠠᠷ ᠡᠳᠦᠷ ᠶᠠᠪᠤᠭᠳᠠᠨ᠎ᠠ᠂ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠡᠯ᠎ᠡ ᠰᠢᠯᠭᠠᠷᠠᠭᠤᠯᠬᠤ ᠳᠤᠭᠤᠶᠢᠯᠠᠩ ᠤᠨ ᠲᠡᠷᠢᠭᠦᠯᠡᠭᠰᠡᠨ ᠲᠠᠮᠢᠷᠴᠢᠨ ᠬᠢᠩᠭᠠᠨ ᠠᠶᠢᠮᠠᠭ ᠢ ᠲᠥᠯᠥᠭᠡᠯᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠯᠠᠨ ᠲᠦᠮᠡᠨᠴᠢ ᠳᠤᠭᠤᠶᠢᠯᠠᠩ ᠤᠨ ᠦᠳᠦᠨ ᠪᠥᠮᠪᠦᠭᠡ ᠶᠢᠨ ᠤᠷᠤᠯᠳᠤᠭᠠᠨ ᠳᠤ ᠣᠷᠣᠯᠴᠠᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号