ᠰᠢᠨᠬᠤᠸᠠ ᠬᠤᠷᠢᠶ᠎ᠠ ᠶᠢᠨ ᠭᠤᠸᠠᠩᠵᠧᠦ ᠶᠢᠨ 4 ᠰᠠᠷ᠎ᠠ ᠶᠢᠨ 13 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ᠂ ᠭᠤᠸᠠᠩᠳᠦ᠋ᠩ | ᠪᠣᠯ ᠥᠭᠡᠷᠡᠴᠢᠯᠡᠯᠲᠡ ᠨᠡᠭᠡᠭᠡᠯᠲᠡ ᠶᠢᠨ ᠳᠠᠭᠠᠭᠤᠯᠤᠭᠴᠢ᠂ ᠤᠷᠢᠳ ᠢᠶᠠᠷ ᠬᠡᠷᠡᠭᠵᠢᠭᠦᠯᠦᠭᠰᠡᠨ ᠣᠷᠣᠨ᠂ ᠲᠤᠷᠰᠢᠯᠲᠠ ᠶᠢᠨ | ᠣᠷᠣᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ | ᠲᠠᠯ᠎ᠠ ᠳᠤ ᠪᠠᠶᠢᠷᠢ ᠰᠠᠭᠤᠷᠢ ᠪᠠᠷ ᠴᠢᠬᠤᠯᠠ᠂ ᠦᠢᠯᠡᠳᠦᠯ ᠢᠶᠠᠷ ᠲᠣᠪᠣᠶᠢᠮ᠎ᠠ ᠶᠤᠮ᠃ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ | ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ | ᠬᠡᠷᠡᠭᠲᠡᠢ ᠭᠡᠵᠦ ᠴᠢᠬᠤᠯᠠᠴᠢᠯᠠᠪᠠ᠃ | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ 10 ᠤ ᠦᠳᠡ ᠶᠢᠨ ᠬᠤᠶᠢᠨ᠎ᠠ᠂ ᠰᠢ ᠶᠢᠨ ᠫᠢᠩ | ᠵᠠᠨᠵᠢᠶᠠᠩ ᠬᠤᠲᠠ ᠶᠢᠨ ᠰᠢᠦᠢ ᠸᠧᠨ ᠰᠢᠶᠠᠨ ᠤ ᠰᠢᠦᠢ ᠸᠧᠨ ᠭᠠᠷᠠᠮ ᠤᠨ ᠣᠩᠭᠤᠴᠠᠨ ᠤ ᠵᠣᠭᠰᠣᠭᠠᠯ ᠤᠨ ᠭᠠᠷᠠᠮ ᠳᠤ | ᠣᠩᠭᠤᠴᠠᠨ ᠳᠡᠭᠡᠷᠡᠬᠢ ᠠᠶᠠᠨᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ 11 ᠤ ᠦᠳᠡ ᠶᠢᠨ ᠬᠤᠶᠢᠨ᠎ᠠ᠂ ᠰᠢ ᠶᠢᠨ ᠫᠢᠩ | ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ ᠲᠣᠰᠬᠤᠨ ᠤ ᠠᠷᠠᠳ ᠲᠠᠢ ᠳᠣᠲᠣᠨᠣ ᠪᠠᠷ | ᠶᠠᠷᠢᠯᠴᠠᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠺᠦᠨ | ᠮᠢᠩ ᠪᠣᠯᠣᠨ ᠮᠤᠵᠢ ᠶᠢᠨ ᠳᠠᠷᠤᠭ᠎ᠠ ᠸᠠᠩ ᠸᠧᠢ ᠵᠦᠩ ᠤᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠵᠠᠨᠵᠢᠶᠠᠩ᠂ | ᠮᠤᠤᠮᠢᠩ᠂ ᠭᠤᠸᠠᠩᠵᠧᠦ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ᠂ ᠭᠠᠷᠠᠮ᠂ ᠬᠥᠳᠡᠭᠡ ᠲᠣᠰᠬᠤᠨ ᠵᠡᠷᠭᠡ ᠪᠠᠷ | ᠭᠦᠨᠵᠡᠭᠡᠶᠢᠷᠡᠵᠦ ᠪᠠᠶᠢᠴᠠᠭᠠᠨ ᠰᠤᠳᠤᠯᠵᠠᠢ᠃ | 10 ᠤ ᠦᠳᠡ ᠶᠢᠨ ᠡᠮᠦᠨ᠎ᠡ᠂ ᠰᠢ ᠶᠢᠨ ᠫᠢᠩ ᠡᠩ ᠲᠡᠷᠢᠭᠦᠨ ᠳᠤ ᠵᠠᠨᠵᠢᠶᠠᠩ ᠬᠤᠲᠠ ᠶᠢᠨ ᠳ᠋ᠦᠩ ᠬᠠᠢ ᠳ᠋ᠣᠤ | ᠠᠷᠠᠯ ᠳᠤ ᠪᠠᠶᠢᠷᠢᠯᠠᠭ᠎ᠠ ᠤᠯᠤᠰ ᠤᠨ 863 ᠲᠥᠯᠥᠪᠯᠡᠭᠡ ᠶᠢᠨ ᠲᠥᠷᠥᠯ ᠵᠦᠢᠯ ᠤᠨ ᠲᠡᠯᠡᠶ ᠶᠢᠨ ᠤᠰᠤᠨ ᠳᠤ ᠦᠷ᠎ᠡ | ᠲᠡᠵᠢᠭᠡᠨ ᠦᠷᠡᠵᠢᠭᠦᠯᠭᠦ ᠢᠨᠵᠧᠨᠧᠷᠢᠩ ᠤᠨ ᠡᠮᠦᠨᠡᠲᠦ ᠣᠷᠣᠨ ᠤ ᠰᠠᠭᠤᠷᠢᠨ ᠳᠤ ᠰᠢᠨᠵᠢᠯᠡᠨ ᠪᠠᠶᠢᠴᠠᠭᠠᠪᠠ᠃ ᠰᠢ ᠶᠢᠨ ᠫᠢᠩ | ᠭᠤᠸᠠᠩᠳᠦ᠋ᠩ ᠮᠤᠵᠢ ᠶᠢᠨ ᠲᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ᠂ ᠵᠢᠭᠠᠰᠤᠨ ᠠᠵᠤ ᠠᠬᠤᠢ ᠶᠢᠨ ᠰᠠᠶᠢᠨ ᠡᠭᠦᠯᠳᠡᠷ ᠤᠨ ᠦᠵᠡᠭᠦᠯᠭᠡ ᠶᠢ ᠪᠠᠶᠢᠴᠠᠭᠠᠨ | ᠦᠵᠡᠵᠦ᠂ ᠲᠤᠬᠠᠢ ᠶᠢᠨ ᠲᠠᠯᠠᠪᠠᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠲᠡᠵᠢᠭᠡᠨ ᠦᠷᠡᠵᠢᠭᠦᠯᠭᠦ | ᠠᠵᠢᠯᠲᠠᠨ ᠠᠴᠠ ᠰᠣᠩᠭᠤᠨ ᠪᠣᠶᠢᠵᠢᠭᠤᠯᠬᠤ ᠮᠡᠷᠭᠡᠵᠢᠯ᠂ ᠦᠷ᠎ᠡ ᠶᠢᠨ ᠴᠢᠬᠢ ᠶᠢᠨ ᠤᠷᠭᠤᠴᠠ᠂ ᠵᠠᠬ᠎ᠠ ᠳᠡᠯᠭᠡᠭᠦᠷ ᠤᠨ ᠦᠨ᠎ᠡ | ᠬᠠᠩᠰᠢ ᠵᠡᠷᠭᠡ ᠶᠢ ᠯᠠᠪᠯᠠᠨ ᠠᠰᠠᠭᠤᠪᠠ᠃ ᠰᠢ ᠶᠢᠨ ᠫᠢᠩ᠂ ᠳᠤᠮᠳᠠᠳᠤ ᠤᠯᠤᠰ ᠪᠣᠯ 14 ᠳ᠋ᠦᠩᠰᠢᠭᠤᠷ ᠭᠠᠷᠤᠢ ᠬᠥᠮᠥᠨ | ᠠᠮᠠ ᠲᠠᠢ ᠲᠣᠮᠣ ᠤᠯᠤᠰ ᠪᠠᠶᠢᠵᠤ᠂ ᠪᠤᠳᠠᠭ᠎ᠠ ᠢᠳᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠢᠳᠡᠭᠡᠨ ᠤ ᠲᠣᠮᠣ ᠦᠵᠡᠯᠲᠡ ᠶᠢ ᠪᠤᠢ ᠪᠤᠯᠭᠠᠵᠤ᠂ ᠡᠬᠡ ᠬᠠᠭᠤᠷᠠᠢ ᠠᠴᠠ ᠢᠳᠡᠭᠡᠨ ᠠᠪᠬᠤ | ᠬᠡᠷᠡᠭᠲᠡᠢ ᠪᠥᠭᠡᠳ ᠲᠠᠯᠠᠢ ᠲᠠᠩᠭᠢᠰ ᠠᠴᠠ ᠴᠦ ᠢᠳᠡᠭᠡᠨ ᠠᠪᠴᠤ᠂ ᠲᠠᠯᠠᠢ ᠲᠠᠩᠭᠢᠰ ᠢ ᠠᠰᠢᠭᠯᠠᠨ ᠲᠠᠷᠢᠵᠦ ᠲᠡᠵᠢᠭᠡᠬᠦ | ᠦᠢᠯᠡᠰ ᠢ ᠬᠥᠭᠵᠢᠭᠦᠯᠦᠨ᠂ ᠲᠠᠯᠠᠢ ᠳᠡᠭᠡᠷᠡᠬᠢ ᠮᠠᠯᠵᠢᠯ ᠤᠨ ᠲᠠᠯᠠᠪᠠᠢ᠂ ︽ᠲᠠᠯᠠᠢ ᠳᠡᠭᠡᠷᠡᠬᠢ ᠠᠮᠤ ᠪᠤᠳᠠᠭᠠᠨ ᠤ ᠬᠥᠮᠥᠷᠭᠡ︾ ᠶᠢ | ᠪᠦᠲᠦᠭᠡᠨ ᠪᠠᠶᠢᠭᠤᠯᠬᠤ ᠬᠡᠷᠡᠭᠲᠡᠢ᠃ ᠦᠷ᠎ᠡ ᠶᠢᠨ ᠦᠢᠯᠡᠰ ᠪᠣᠯ ᠤᠳᠤ ᠦᠶ᠎ᠡ ᠶᠢᠨ ᠲᠠᠷᠢᠶᠠᠯᠠᠩ᠂ ᠵᠢᠭᠠᠰᠤᠨ ᠠᠵᠤ | ᠠᠬᠤᠢ ᠶᠢᠨ ᠬᠥᠭᠵᠢᠯᠲᠡ ᠶᠢᠨ ᠰᠠᠭᠤᠷᠢ ᠮᠥᠨ᠂ ᠡᠨᠡ ᠬᠦ ᠠᠵᠢᠯ ᠢ ᠨᠠᠷᠢᠯᠢᠭ ᠰᠠᠶᠢᠨ ᠬᠢᠬᠦ ᠬᠡᠷᠡᠭᠲᠡᠢ᠃ ᠭᠦᠨ ᠳᠠᠯᠠᠢ ᠶᠢᠨ | ᠲᠡᠵᠢᠭᠡᠨ ᠦᠷᠡᠵᠢᠭᠦᠯᠭᠦ ᠲᠣᠨᠤᠭ ᠲᠥᠬᠦᠭᠡᠷᠦᠮᠵᠢ ᠪᠠ ᠣᠶᠤᠨᠲᠤ ᠵᠢᠭᠠᠰᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ | ᠳᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠣᠳᠣᠬᠢᠴᠢᠯᠠᠯᠲᠠ ᠲᠡᠶᠢᠰᠢ | ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠠᠨᠵᠢᠶᠠᠩ ᠤᠨ ᠤᠯᠠᠭᠠᠨ ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠮᠠᠨ ᠤ | ᠤᠯᠤᠰ ᠤᠨ ᠤᠯᠠᠭᠠᠨ ᠣᠶ ᠶᠢᠨ ᠲᠠᠯᠠᠪᠠᠶ ᠪᠠᠷ ᠬᠠᠮᠤᠭ ᠤᠨ ᠶᠡᠭᠡ᠂ ᠲᠠᠷᠬᠠᠯᠲᠠ ᠪᠠᠷ ᠬᠠᠮᠤᠭ ᠤᠨ ᠲᠥᠪᠯᠡᠷᠡᠭᠰᠡᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠮᠥᠨ᠃ ᠰᠢ ᠶᠢᠨ ᠫᠢᠩ ᠬᠠᠮᠠᠭᠠᠯᠠᠯᠲᠠ ᠶᠢᠨ ᠣᠷᠣᠨ ᠤ ᠵᠡᠭᠦᠨ ᠬᠡᠰᠡᠭ ᠲᠤ | ᠪᠠᠶᠢᠭ᠎ᠠ ᠮᠠ ᠵᠠᠩ ᠲᠣᠭᠤᠷᠢᠭ ᠤᠨ ᠬᠤ᠋ ᠭᠤᠸᠠᠩ ᠪᠠᠯᠭᠠᠰᠤ ᠶᠢᠨ ᠶᠢᠨ ᠨᠢᠦ ᠳ᠋ᠣᠣ ᠠᠷᠠᠯ ᠤᠯᠠᠭᠠᠨ ᠤᠢ ᠶᠢᠨ ᠵᠠᠯᠭᠠᠯᠳᠤᠭᠰᠠᠨ | ᠣᠷᠣᠨ ᠳᠤ ᠬᠦᠷᠴᠦ᠂ ᠤᠯᠠᠭᠠᠨ ᠤᠢ ᠶᠢᠨ ᠤᠷᠭᠤᠴᠠ ᠪᠠ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ | ᠪᠠᠶᠢᠴᠠᠭᠠᠨ ᠦᠵᠡᠪᠡ᠃ ᠲᠡᠷᠡ᠂ ᠡᠨᠡ ᠬᠡᠰᠡᠭ ᠤᠯᠠᠭᠠᠨ ᠤᠢ ᠪᠣᠯ ︽ᠤᠯᠤᠰ ᠤᠨ ᠡᠷᠳᠡᠨᠢ︾ ᠮᠥᠨ᠂ ᠨᠢᠳᠦᠨ ᠤ | ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠲᠠᠯᠠᠢ ᠲᠠᠩᠭᠢᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ | ᠪᠦᠷᠢᠯᠳᠦᠭᠦᠨ ᠬᠡᠰᠡᠭ ᠮᠥᠨ᠃ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠦᠶ᠎ᠡ ᠶᠢᠨ ᠦᠶ᠎ᠡ ᠳᠡᠭᠡᠨ | ᠦᠷᠭᠦᠯᠵᠢᠯᠡᠨ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠪᠥᠮᠪᠥᠷᠴᠡᠭ ᠤᠨ ᠲᠣᠰᠬᠤᠨ ᠢ ᠰᠠᠶᠢᠲᠤᠷ ᠬᠠᠮᠠᠭᠠᠯᠠᠬᠤ ᠳᠤ ᠳᠤᠮᠳᠠᠳᠤ | ᠤᠯᠤᠰ ᠤᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | 10 ᠤ ᠦᠳᠡ ᠶᠢᠨ ᠬᠤᠶᠢᠨ᠎ᠠ᠂ ᠰᠢ ᠶᠢᠨ ᠫᠢᠩ ᠵᠠᠨᠵᠢᠶᠠᠩ ᠬᠤᠳᠠ ᠶᠢᠨ ᠰᠢᠦᠢ ᠸᠧᠨ ᠰᠢᠶᠠᠨ ᠳᠤ ᠬᠦᠷᠴᠦ᠂ | ᠰᠢᠦᠢ ᠸᠧᠨ ᠭᠠᠷᠠᠮ ᠳᠤ ᠰᠢᠨᠵᠢᠯᠡᠨ ᠪᠠᠶᠢᠴᠠᠭᠠᠪᠠ᠃ ᠰᠢᠦᠢ ᠸᠧᠨ ᠭᠠᠷᠠᠮ ᠤᠨ ᠲᠦᠷᠦᠯ ᠵᠦᠢᠯ ᠪᠣᠯ ᠭᠤᠸᠠᠩᠳᠦ᠋ᠩ ᠪᠣᠯᠣᠨ | ᠬᠠᠶᠢᠨᠠᠨ ᠤ ᠢᠵᠢᠯᠢ ᠴᠢᠭᠯᠡᠯ ᠢᠶᠠᠷ ᠤᠷᠤᠭᠰᠢᠯᠠᠬᠤ ︽ᠲᠡᠷᠢᠭᠦᠨ ᠴᠢᠬᠤᠯᠠ ᠢᠨᠵᠧᠨᠧᠷᠢᠩ︾ ᠪᠣᠯᠣᠨ᠎ᠠ᠃ ᠭᠠᠷᠠᠮ ᠤᠨ | ᠲᠤᠰᠬᠠᠢ ᠭᠠᠷᠠᠮ ᠳᠤ᠂ ᠰᠢ ᠶᠢᠨ ᠫᠢᠩ ᠰᠢᠦᠢ ᠸᠧᠨ ᠭᠠᠷᠠᠮ ᠤᠨ ᠪᠦᠭᠦ ᠪᠠᠶᠢᠳᠠᠯ ᠢ ᠪᠠᠶᠢᠴᠠᠭᠠᠨ ᠦᠵᠡᠵᠦ᠂ ᠭᠤᠸᠠᠩᠳᠦ᠋ᠩ | ᠮᠤᠵᠢ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠲᠠᠢ ᠵᠣᠯᠭᠠᠭᠤᠯᠬᠤ ᠵᠡᠷᠭᠡ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠷᠠᠭ᠎ᠠ ᠨᠢ᠂ ᠰᠢ ᠶᠢᠨ ᠫᠢᠩ ᠣᠩᠭᠤᠴᠠᠨ ᠤ ᠵᠣᠭᠰᠣᠭᠠᠯ ᠤᠨ ᠭᠠᠷᠠᠮ ᠳᠤ | ᠬᠦᠷᠴᠦ᠂ ᠣᠩᠭᠤᠴᠠ ᠵᠣᠬᠰᠣᠬᠤ᠂ ᠠᠶᠠᠨᠴᠢᠳ ᠤᠨ ᠵᠥᠭᠡᠭᠡᠪᠦᠷᠢ ᠶᠢ ᠰᠣᠯᠢᠵᠤ ᠲᠤᠰᠬᠤ ᠵᠡᠷᠭᠡ ᠠᠵᠢᠯ ᠢ ᠪᠠᠶᠢᠴᠠᠭᠠᠨ | ᠦᠵᠡᠪᠡ᠃ ᠣᠩᠭᠤᠴᠠᠨ ᠳᠡᠭᠡᠷᠡᠬᠢ ᠠᠶᠠᠨᠴᠢᠳ ᠶᠡᠷᠦᠩᠬᠡᠢ ᠱᠦᠵᠢ ᠶᠢ ᠬᠠᠷᠠᠭᠠᠳ᠂ ᠶᠡᠷᠦᠩᠬᠡᠢ ᠱᠦᠵᠢ ᠶᠢᠨ ᠠᠮᠤᠷ ᠢ | ᠠᠰᠠᠭᠤᠵᠤ ᠪᠠᠶᠢᠯ᠎ᠠ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠳᠡᠳᠡᠨ ᠤ ᠠᠯᠢᠪᠠ ᠪᠦᠭᠦᠨ | ᠥᠭᠡᠳᠡ ᠡᠰᠡᠷᠡᠭ ᠪᠠᠶᠢᠬᠤ ᠶᠢ ᠬᠦᠰᠡᠨ ᠵᠥᠩᠨᠡᠪᠡ᠃ ᠰᠢ ᠶᠢᠨ ᠫᠢᠩ᠂ ᠴᠢᠶᠦ᠋ᠩᠵᠸᠤ ᠲᠠᠯᠠᠢ ᠶᠢᠨ ᠬᠤᠭᠤᠯᠠᠢ ᠪᠣᠯ | ᠤᠯᠤᠰ ᠤᠨ ᠡᠮᠦᠨᠡᠲᠦ ᠲᠠᠩᠭᠢᠰ ᠢ ᠭᠠᠲᠤᠯᠬᠤ ᠪᠠᠶᠢᠯᠳᠤᠬᠤ ᠪᠣᠳᠣᠯᠭ᠎ᠠ ᠶᠢᠨ ᠵᠠᠮ ᠪᠤᠯᠬᠤ ᠪᠥᠭᠡᠳ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠪᠠᠭᠠᠯᠵᠤᠤᠷ ᠭᠤᠣᠯ ᠵᠠᠮ ᠪᠣᠯᠣᠨ᠎ᠠ᠂ | ︽ᠰᠢᠵᠢᠷ ᠠᠯᠳᠠᠨ ᠤᠰᠤᠨ ᠵᠠᠮ︾ ᠪᠣᠯᠣᠨ ᠠᠶᠠᠨᠴᠢᠳ ᠤᠨ ᠵᠥᠭᠡᠭᠡᠪᠦᠷᠢ ᠶᠢᠨ ᠬᠠᠮᠤᠭ ᠤᠨ ᠰᠠᠶᠢᠨ ᠵᠠᠮ ᠪᠤᠯᠬᠤ ᠡᠨᠡ ᠬᠦ | ᠶᠡᠭᠡ ᠶᠠᠪᠤᠳᠠᠯ ᠢ ᠰᠠᠶᠢᠲᠤᠷ ᠬᠢᠵᠦ᠂ ᠰᠢᠦᠢ ᠸᠧᠨ ᠭᠠᠷᠠᠮ ᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ ᠪᠣᠯᠣᠨ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠬᠤᠯᠪᠣᠭᠰᠠᠨ ᠣᠳᠣᠬᠢᠴᠢᠯᠠᠭᠰᠠᠨ ᠤᠰᠤ ᠬᠠᠭᠤᠷᠠᠢ ᠶᠢᠨ | ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠦᠢᠰᠦ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢᠦᠢ ᠸᠧᠨ ᠭᠠᠷᠠᠮ ᠠᠴᠠ ᠭᠠᠷᠴᠤ᠂ ᠰᠢ ᠶᠢᠨ ᠫᠢᠩ ᠪᠧᠢ ᠪᠦ᠋ ᠸᠠᠨ ᠪᠤᠯᠤᠩ ᠢ ᠲᠣᠭᠤᠷᠢᠭᠰᠠᠨ ᠭᠤᠸᠠᠩᠳᠦ᠋ᠩ ᠤᠨ | ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠤᠨ ᠡᠮᠦᠨᠡᠰᠢ ᠤᠰᠤ ᠳᠠᠮᠵᠢᠭᠤᠯᠬᠤ ᠠᠭᠤᠯᠵᠠᠷ ᠦᠷᠲᠡᠭᠡ - | ᠰᠢᠦᠢ ᠸᠧᠨ ᠰᠢᠶᠠᠨ ᠤ ᠳ᠋ᠠ ᠱᠦᠢ ᠴᠢᠶᠣᠤ ᠤᠰᠤᠨ ᠴᠥᠭᠦᠷᠥᠮ ᠳᠤ ᠬᠦᠷᠴᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ᠂ ᠠᠵᠢᠯᠯᠠᠭᠠᠨ ᠪᠠ ᠦᠷᠭᠦᠯᠵᠢᠯᠡᠬᠦ ᠢᠨᠵᠧᠨᠧᠷᠢᠩ ᠤᠨ ᠲᠥᠯᠦᠪᠵᠢᠭᠦᠯᠭᠡ ᠵᠡᠷᠭᠡ ᠪᠠᠶᠢᠳᠠᠯ ᠢ ᠣᠶᠢᠯᠠᠭᠠᠪᠠ᠃ | ᠠᠵᠢᠯᠲᠠᠳ ᠶᠡᠷᠦᠩᠬᠡᠢ ᠱᠦᠵᠢ ᠳᠤ ᠤᠰᠤᠨ ᠤ ᠶᠠᠩᠵᠤ ᠪᠣᠯᠣᠨ ᠬᠢᠨᠠᠨ ᠭᠡᠮᠵᠢᠭᠦ ᠲᠥᠬᠦᠭᠡᠷᠦᠮᠵᠢ ᠶᠢ ᠳᠡᠯᠭᠡᠨ ᠦᠵᠡᠭᠦᠯᠵᠦ᠂ | ᠲᠤᠬᠠᠢ ᠶᠢᠨ ᠭᠠᠵᠠᠷ ᠤᠨ ᠡᠷᠭᠢᠨ ᠲᠣᠭᠤᠷᠢᠨ ᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠵᠡᠷᠭᠡ | ᠪᠠᠶᠢᠳᠠᠯ ᠢᠶᠠᠨ ᠬᠠᠷᠢᠭᠤ ᠮᠡᠳᠡᠭᠦᠯᠪᠡ᠃ ᠰᠢ ᠶᠢᠨ ᠫᠢᠩ᠂ ᠮᠠᠨ ᠤ ᠤᠯᠤᠰ ᠲᠤ ᠤᠰᠤ ᠲᠤᠲᠠᠭᠳᠠᠵᠤ ᠪᠠᠶᠢᠬᠤ ᠪᠥᠭᠡᠳ | ᠤᠰᠤᠨ ᠤ ᠡᠬᠢ ᠪᠠᠶᠠᠯᠢᠭ ᠤᠨ ᠲᠠᠷᠬᠠᠯᠲᠠ ᠮᠠᠰᠢ ᠲᠡᠩᠴᠡᠭᠦᠷᠢ ᠦᠭᠡᠢ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠣᠳᠣᠯᠬᠢᠯᠠᠵᠤ᠂ ᠤᠰᠤ ᠪᠠᠷ | ᠬᠤᠲᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠥᠨ ᠢ ᠲᠣᠭᠲᠠᠭᠠᠵᠤ᠂ ᠤᠰᠤ ᠪᠠᠷ | ᠭᠠᠷᠤᠯᠲᠠ ᠶᠢ ᠲᠣᠭᠲᠠᠭᠠᠵᠤ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠭᠤᠸᠠᠩᠳᠦ᠋ᠩ ᠮᠤᠵᠢ ᠶᠢᠨ | ᠬᠢᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠰᠠᠶᠢᠲᠤᠷ ᠠᠳᠬᠤᠵᠤ᠂ ᠤᠰᠤᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢ | ᠲᠦᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠤ᠂ ᠥᠷᠭᠡᠨ ᠣᠯᠠᠨ ᠠᠷᠠᠳ ᠲᠦᠮᠡᠨ ᠳᠤ ᠡᠷᠲᠡᠬᠡᠨ ᠪᠤᠶᠠᠨ ᠦᠶᠯᠡᠳᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ 11 ᠤ ᠡᠳᠦᠷ ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ | ᠲᠣᠰᠬᠤᠨ ᠳᠤ ᠰᠢᠨᠵᠢᠯᠡᠨ ᠪᠠᠶᠢᠴᠠᠭᠠᠪᠠ᠃ ᠪᠠᠢ ᠴᠢᠶᠣᠤ ᠲᠣᠰᠬᠤᠨ ᠪᠠᠷᠤᠭ 6800 ᠮᠦ ᠪᠡᠷᠴᠢᠭᠢᠷ ᠯᠣᠣ ᠶᠢᠨ ᠨᠢᠳᠦ | ᠲᠠᠷᠢᠵᠦ᠂ ᠪᠡᠷᠴᠢᠭᠢᠷ ᠯᠣᠣ ᠶᠢᠨ ᠨᠢᠳᠦ ᠦᠢᠯᠡᠳᠪᠦᠷᠢᠯᠡᠬᠦ ᠲᠤᠰᠬᠠᠢ ᠲᠣᠰᠬᠤᠨ ᠪᠣᠯᠣᠨ᠎ᠠ᠃ ᠰᠢ ᠶᠢᠨ ᠫᠢᠩ ᠪᠡᠷᠴᠢᠭᠢᠷ | ᠯᠣᠣ ᠶᠢᠨ ᠨᠢᠳᠦ ᠶᠢᠨ ᠲᠠᠷᠢᠮᠠᠯ ᠤᠨ ᠬᠦᠷᠢᠶᠡᠯᠡᠩ ᠳᠤ ᠬᠦᠷᠴᠦ᠂ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠮᠠᠯ ᠤᠨ ᠠᠵᠤ | ᠦᠢᠯᠡᠰ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ ᠪᠠᠶᠢᠭ᠎ᠠ ᠵᠡᠷᠭᠡ ᠪᠠᠶᠢᠳᠠᠯ ᠢ ᠣᠶᠢᠯᠠᠭᠠᠭᠰᠠᠨ | ᠪᠥᠭᠡᠳ ᠲᠤᠬᠠᠢ ᠶᠢᠨ ᠲᠠᠯᠠᠪᠠᠶ ᠶᠢᠨ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠠᠷᠠᠭ᠎ᠠ ᠨᠢ᠂ ᠰᠢ ᠶᠢᠨ ᠫᠢᠩ ᠪᠠᠢ | ᠴᠢᠶᠣᠤ ᠶᠢᠨ ᠯᠣᠣ ᠶᠢᠨ ᠨᠢᠳᠦ ᠪᠡᠷᠴᠢᠭᠢᠷ ᠯᠣᠣ ᠶᠢᠨ ᠨᠢᠳᠦ ᠶᠢᠨ ᠲᠤᠰᠬᠠᠢ ᠬᠤᠷᠰᠢᠶ᠎ᠠ ᠳᠤ ᠬᠦᠷᠴᠦ᠂ ᠬᠤᠷᠰᠢᠶ᠎ᠠ ᠶᠢᠨ | ᠡᠵᠡᠩᠨᠡᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠡᠨᠡ ᠪᠣᠯ ᠪᠡᠷᠴᠢᠭᠢᠷ ᠯᠣᠣ ᠶᠢᠨ ᠨᠢᠳᠦᠨ ᠤ ᠨᠤᠲᠤᠭ᠂ ᠪᠡᠷᠴᠢᠭᠢᠷ | ᠯᠣᠣ ᠶᠢᠨ ᠨᠢᠳᠦᠨ ᠤ ᠲᠠᠷᠢᠮᠠᠯ ᠨᠢ ᠲᠡᠦᠬᠡ ᠶᠢᠨ ᠤᠯᠠᠮᠵᠢᠯᠠᠯ ᠪᠠ ᠰᠣᠶᠣᠯ ᠤᠨ ᠠᠭᠤᠯᠤᠭᠳᠠᠬᠤᠨ ᠲᠠᠢ᠂ ᠣᠨᠴᠠᠯᠢᠭ ᠢᠶᠠᠷ | ᠢᠯᠡ ᠲᠣᠳᠣ᠂ ᠳᠠᠪᠠᠭᠤᠯᠢᠭ ᠢᠶᠠᠷ ᠢᠯᠡᠷᠬᠡᠢ᠂ ᠵᠠᠬ᠎ᠠ ᠳᠡᠯᠭᠡᠭᠦᠷ ᠤᠨ ᠣᠷᠣᠨ ᠵᠠᠢ ᠪᠠᠷ ᠥᠷᠭᠡᠨ ᠠᠭᠤᠳᠠᠮ ᠪᠠᠶᠢᠵᠤ᠂ | ᠳᠠᠷᠢᠬᠤ᠂ ᠰᠣᠷᠭᠤᠭ ᠪᠠᠶᠢᠯᠭᠠᠬᠤ᠂ ᠡᠳ᠋ᠰᠢᠭᠦᠯᠭᠦ ᠵᠡᠷᠭᠡ ᠮᠡᠷᠭᠡᠵᠢᠯ ᠢ ᠴᠢᠨᠠᠭᠰᠢᠳᠠ ᠳᠡᠭᠡᠭᠰᠢᠯᠡᠭᠦᠯᠵᠦ᠂ ᠪᠡᠷᠴᠢᠭᠢᠷ ᠯᠣᠣ ᠶᠢᠨ | ᠨᠢᠳᠦᠨ ᠤ ᠣᠨᠴᠠᠯᠢᠭᠲᠤ ᠠᠵᠤ ᠦᠢᠯᠡᠰ ᠪᠠ ᠣᠨᠴᠠᠯᠢᠭᠲᠤ ᠰᠣᠶᠣᠯ ᠵᠢᠭᠤᠯᠴᠢᠯᠠᠯ ᠢ ᠨᠠᠩ ᠰᠠᠶᠢᠲᠤᠷ ᠬᠥᠭᠵᠢᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠥᠨᠳᠥᠷ ᠲᠠᠭᠤᠨ ᠢᠶᠠᠷ ︽ᠶᠡᠷᠦᠩᠬᠡᠢ ᠱᠦᠵᠢ ᠰᠠᠶᠢᠨ ᠪᠠᠶᠢᠨ᠎ᠠ ᠦᠦ︾᠂ | ︽ᠶᠡᠷᠦᠩᠬᠡᠢ ᠱᠦᠵᠢ ᠵᠦᠳᠡᠷᠡᠯ᠎ᠡ︾ ᠭᠡᠵᠦ ᠤᠤᠬᠠᠶᠢᠯᠠᠨ ᠬᠠᠰᠬᠢᠷᠪᠠ᠃ ᠰᠢ ᠶᠢᠨ ᠫᠢᠩ᠂ ᠡᠨᠡ ᠪᠣᠯ ᠮᠢᠨᠤ ᠠᠩᠬ᠎ᠠ | ᠤᠳᠠᠭ᠎ᠠ ᠭᠤᠸᠠᠩᠳᠦ᠋ᠩ ᠤᠨ ᠪᠠᠷᠠᠭᠤᠨ ᠬᠡᠰᠡᠭ ᠲᠤ ᠬᠦᠷᠴᠦ ᠪᠠᠶᠢᠭ᠎ᠠ ᠶᠠᠪᠤᠳᠠᠯ ᠪᠣᠯᠣᠨ᠎ᠠ᠂ ᠨᠤᠲᠤᠭ ᠤᠨ ᠠᠬ᠎ᠠ ᠳᠡᠭᠦᠦ ᠨᠠᠷ | ᠪᠡᠷᠴᠢᠭᠢᠷ ᠯᠣᠣ ᠶᠢᠨ ᠨᠢᠳᠦ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠢ ᠬᠥᠭᠵᠢᠭᠦᠯᠬᠦ ᠪᠠᠷ ᠲᠠᠮᠵᠢᠨ ᠪᠠᠶᠠᠨ ᠴᠢᠨᠡᠭᠡᠯᠢᠭ | ᠠᠮᠢᠳᠤᠷᠠᠯ ᠲᠠᠢ ᠪᠣᠯᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ | ᠠᠬᠢᠭᠤᠯᠵᠤ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠡᠭᠦᠯᠡᠷ ᠪᠠᠶᠠᠵᠢᠬᠤ ᠶᠢ | ᠬᠠᠪᠰᠤᠷᠤᠨ ᠲᠡᠳᠭᠦᠭᠦ ᠪᠠᠨ ᠴᠢᠩᠭᠠᠳᠬᠠᠵᠤ᠂ ᠨᠤᠲᠤᠭ ᠤᠨ ᠰᠤᠷᠲᠠᠯ ᠪᠣᠯᠪᠠᠰᠤᠨ ᠢ ᠠᠬᠢᠭᠤᠯᠵᠤ᠂ ᠬᠥᠳᠡᠭᠡ ᠲᠣᠰᠬᠤᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠵᠤ᠂ | ᠤᠯᠠᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ᠃ | ᠰᠢ ᠶᠢᠨ ᠫᠢᠩ 12 ᠤᠨ ᠡᠳᠦᠷ ᠭᠤᠸᠠᠩᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠲᠤᠰ ᠡᠳᠦᠷ ᠤᠨ | ᠦᠳᠡ ᠶᠢᠨ ᠬᠤᠶᠢᠨ᠎ᠠ᠂ ᠲᠡᠷᠡ ᠡᠩ ᠲᠡᠷᠢᠭᠦᠨ ᠳᠤ ᠯᠧ ᠶᠢᠨ ᠳᠡᠯᠭᠡᠴᠡ ᠶᠢᠨ ᠺᠤᠮᠫᠠᠨᠢ ᠶᠢᠨ ᠭᠤᠸᠠᠩᠵᠧᠦ ᠳᠠᠬᠢ ᠦᠢᠯᠡᠳᠭᠦ | ᠰᠠᠭᠤᠷᠢᠨ ᠳᠤ ᠭᠦᠷᠪᠡ᠃ ᠭᠤᠸᠠᠩᠳᠦ᠋ᠩ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠦᠭᠦ | ᠮᠤᠵᠢ ᠶᠢᠨ ᠣᠶᠢᠷ᠎ᠠ ᠶᠢᠨ ᠵᠢᠯ ᠤᠨ ᠲᠤᠷᠰᠢᠬᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ | ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ᠂ ᠠᠷᠠᠯᠵᠢᠶᠠᠨ ᠤ ᠪᠡᠯᠡ | ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠶᠢᠨ | ᠠᠷᠭ᠎ᠠ ᠪᠣᠯᠣᠨ ᠦᠷ᠎ᠡ ᠪᠦᠲᠦᠮᠵᠢ ᠶᠢ ᠲᠠᠨᠢᠯᠴᠠᠭᠤᠯᠪᠠ᠃ ᠰᠢ ᠶᠢᠨ ᠫᠢᠩ ᠦᠢᠯᠡᠳᠬᠦᠨ ᠤ ᠦᠵᠡᠭᠦᠯᠭᠡ ᠪᠣᠯᠣᠨ | ᠦᠢᠯᠡᠳᠪᠦᠷᠢᠯᠡᠵᠦ ᠤᠭᠰᠠᠷᠠᠬᠤ ᠶᠠᠪᠤᠴᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠣᠯᠣᠭᠰᠠᠨ | ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠪᠦᠭᠦ ᠪᠥᠮᠪᠥᠷᠴᠡᠭ ᠤᠨ | ᠠᠵᠤ ᠠᠬᠤᠢ ᠶᠢᠨ ᠨᠡᠮᠡᠭᠳᠡᠯ ᠬᠦᠴᠦᠨ ᠮᠡᠬᠦᠰᠳᠡᠵᠦ ᠪᠠᠶᠢᠭ᠎ᠠ ᠪᠠᠶᠢᠳᠠᠯ ᠳᠣᠣᠷ᠎ᠠ᠂ ᠳᠤᠮᠳᠠᠳᠤ ᠤᠯᠤᠰ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ | ᠪᠠᠶᠢᠭᠤᠯᠤᠯᠲᠠ ᠶᠢ ᠴᠢᠩᠭᠠᠳᠬᠠᠪᠠᠯ ᠵᠠᠬ᠎ᠠ ᠳᠡᠯᠭᠡᠭᠦᠷ ᠤᠨ ᠳᠠᠪᠠᠭᠤᠯᠢᠭ ᠨᠡᠩ ᠢᠯᠡᠷᠬᠡᠢ ᠪᠣᠯᠣᠨ᠎ᠠ᠃ ᠭᠠᠳᠠᠭᠠᠳᠤ ᠶᠢᠨ ᠪᠡᠯᠡ | ᠣᠷᠣᠭᠤᠯᠤᠭᠴᠢᠳ ᠠᠵᠠ ᠲᠣᠭᠢᠶᠠᠯ ᠢ ᠠᠮᠵᠢᠵᠤ᠂ ᠳᠤᠮᠳᠠᠳᠤ ᠤᠯᠤᠰ ᠲᠤ ᠢᠷᠡᠵᠦ᠂ ᠭᠤᠸᠠᠩᠳᠦ᠋ᠩ ᠳᠤ ᠢᠷᠡᠵᠦ᠂ | ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠳᠤ ᠢᠷᠡᠵᠦ᠂ ᠳᠤᠮᠳᠠᠳᠤ ᠤᠯᠤᠰ ᠤᠨ ᠵᠠᠬ᠎ᠠ | ᠳᠡᠯᠭᠡᠭᠦᠷ ᠢ ᠰᠠᠶᠢᠲᠤᠷ ᠬᠥᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ | ᠪᠦᠲᠦᠮᠵᠢ ᠶᠢ ᠡᠭᠦᠳᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠳᠠᠷᠠᠭ᠎ᠠ ᠨᠢ ᠭᠤᠸᠠᠩᠵᠧᠦ ᠶᠢᠨ ᠮᠠᠰᠢᠨ ᠲᠡᠷᠭᠡᠨ ᠤ ᠺᠤᠮᠫᠠᠨᠢ ᠶᠢᠨ ᠠᠢ ᠠᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠪᠠ᠃ ᠲᠡᠷᠡ ᠠᠵᠤ ᠠᠬᠤᠶᠢᠯᠠᠯ ᠤᠨ | ᠦᠵᠡᠭᠦᠯᠭᠡ ᠶᠢᠨ ᠲᠢᠩᠬᠢᠮ᠂ ᠶᠡᠷᠦᠩᠬᠡᠢ ᠲᠣᠨᠣᠭᠯᠠᠯ ᠤᠨ ᠲᠠᠰᠤᠭ᠂ ᠳ᠋ᠢᠶᠠᠨ ᡂᠢ ᠦᠢᠯᠡᠳᠪᠦᠷᠢᠯᠡᠬᠦ ᠲᠠᠰᠤᠭ ᠵᠡᠷᠭᠡ ᠳᠤ | ᠬᠦᠷᠴᠦ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠭᠰᠠᠨ ᠪᠠ ᠦᠢᠯᠡᠳᠭᠦ | ᠦᠢᠯᠡᠰ ᠤᠨ ᠳᠡᠭᠡᠳᠦ ᠲᠡᠰᠵᠢᠭᠦᠯᠦᠯᠳᠡ᠂ ᠣᠶᠤᠨᠴᠢᠯᠠᠯᠲᠠ᠂ ᠪᠣᠬᠢᠷᠳᠤᠯ ᠦᠭᠡᠶᠢᠵᠢᠯᠳᠠ ᠶᠢ ᠠᠬᠢᠭᠤᠯᠤᠭᠰᠠᠨ ᠵᠡᠷᠭᠡ | ᠪᠠᠶᠢᠳᠠᠯ ᠢ ᠣᠶᠢᠯᠠᠭᠠᠪᠠ᠃ ᠭᠤᠸᠠᠩᠵᠧᠦ ᠶᠢᠨ ᠮᠠᠰᠢᠨ ᠲᠡᠷᠭᠡᠨ ᠤ ᠰᠤᠳᠤᠯᠭᠠᠨ ᠤ ᠬᠦᠷᠢᠶᠡᠯᠡᠩ ᠳᠤ᠂ ᠰᠢ ᠶᠢᠨ ᠫᠢᠩ | ᠣᠶᠤᠨᠲᠤ ᠰᠦᠯᠵᠢᠶᠡᠨ ᠤ ᠲᠤᠷᠰᠢᠯᠲᠠ ᠶᠢᠨ ᠲᠠᠰᠤᠭ᠂ ᠵᠠᠭᠪᠤᠷ ᠢ ᠵᠢᠷᠤᠵᠤ ᠲᠥᠯᠥᠪᠯᠡᠬᠦ ᠲᠤᠷᠰᠢᠯᠲᠠ ᠶᠢᠨ ᠲᠠᠰᠤᠭ | ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ | ᠠᠵᠤ ᠠᠬᠤᠶᠢᠯᠠᠯᠲᠠᠨ᠂ ᠠᠵᠢᠯᠲᠠᠨ ᠠᠵᠢᠯᠴᠢᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ | ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠦᠷᠦ ᠶᠢᠨ | ᠪᠣᠳᠣᠯᠭ᠎ᠠ ᠤᠷᠳᠤ ᠬᠤᠭᠤᠴᠠᠭ᠎ᠠ ᠪᠠᠷ ᠬᠤᠪᠢᠷᠠᠬᠤ ᠦᠭᠡᠢ᠂ ᠨᠡᠭᠡᠭᠡᠯᠲᠡ ᠶᠢᠨ ᠡᠭᠦᠳᠡ ᠪᠠᠨ ᠡᠭᠦᠷᠢᠳᠡ ᠥᠪᠡᠷ ᠢᠶᠠᠨ ᠬᠠᠭᠠᠬᠤ | ᠦᠭᠡᠢ ᠶᠤᠮ᠃ ᠪᠢᠳᠡᠨ ᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠳᠤᠷᠠᠲᠠᠢ ᠠᠯᠢᠪᠠ ᠤᠯᠤᠰ ᠲᠤ ᠪᠢᠳᠡ | ᠴᠥᠮ ᠳᠤᠷᠠᠲᠠᠶ᠎ᠠ ᠲᠡᠳᠡᠨ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠳᠡᠯᠡᠬᠡᠢ ᠶᠢᠨ ᠠᠵᠤ ᠠᠬᠤᠢ ᠶᠢᠨ ᠬᠠᠮᠲᠤ ᠪᠠᠷ | ᠴᠡᠴᠡᠭᠯᠡᠨ ᠭᠦᠭᠵᠢᠭᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠪᠣᠯ ᠲᠣᠮᠣ | ᠤᠯᠤᠰ ᠮᠥᠨ᠂ ᠪᠣᠳᠠᠲᠤ ᠴᠣᠭᠴᠠ ᠶᠢᠨ ᠠᠵᠤ ᠠᠬᠤᠢ ᠶᠢ ᠴᠢᠬᠤᠯᠠᠴᠢᠯᠠᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠬᠦ | ᠵᠠᠮ ᠢᠶᠠᠷ ᠵᠠᠮᠨᠠᠬᠤ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠳᠤ | ᠰᠠᠭᠤᠷᠢᠯᠠᠬᠤ ᠬᠡᠷᠡᠭᠲᠡᠢ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠬᠢᠬᠦ ᠶᠢ ᠴᠦ ᠪᠠᠶᠠᠷᠯᠠᠨ ᠤᠭᠲᠤᠨ᠎ᠠ᠃ ᠰᠤᠷᠭᠠᠨ | ᠬᠥᠮᠦᠵᠢᠯ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | 13 ᠤ ᠦᠳᠡ ᠶᠢᠨ ᠡᠮᠦᠨ᠎ᠡ᠂ ᠰᠢ ᠶᠢᠨ ᠫᠢᠩ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠸᠠᠩᠳᠦ᠋ᠩ ᠤᠨ ᠡᠯ᠎ᠡ ᠵᠦᠢᠯ ᠤᠨ | ᠠᠵᠢᠯ ᠤᠨ ᠠᠮᠵᠢᠯᠲᠠ ᠪᠦᠲᠦᠮᠵᠢ ᠶᠢ ᠨᠤᠲᠠᠯᠠᠪᠠ᠃ | ᠰᠢ ᠶᠢᠨ ᠫᠢᠩ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠪᠦᠭᠦ ᠤᠯᠤᠰ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠳᠤᠮᠳᠠ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ᠭᠤᠸᠠᠩᠳᠦ᠋ᠩ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠤᠸᠠᠩᠳᠦ᠋ᠩ ᠤᠨ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠡᠭᠡ ᠠᠵᠠ ᠲᠣᠭᠢᠶᠠᠯ᠂ ᠶᠡᠭᠡ ᠶᠠᠪᠤᠳᠠᠯ ᠪᠣᠯᠭᠠᠨ ᠱᠠᠯᠠᠪᠳᠠᠨ | ᠪᠣᠳᠠᠲᠠᠶᠢᠵᠢᠭᠤᠯᠵᠤ᠂ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠳᠤ ᠲᠠᠯᠪᠢᠵᠤ᠂ ᠵᠦᠵᠢᠶᠠᠩ ᠮᠥᠷᠡᠨ ᠤ ᠭᠤᠷᠪᠠᠯᠵᠢᠨ | ᠬᠤᠶᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ᠂ ᠪᠦᠭᠦ ᠮᠤᠵᠢ ᠶᠢᠨ ᠬᠦᠴᠦᠨ ᠢᠶᠠᠨ ᠳᠠᠶᠢᠴᠢᠯᠠᠨ ᠡᠨᠡ ᠬᠦ ᠶᠡᠭᠡ | ᠶᠠᠪᠤᠳᠠᠯ ᠢ ᠰᠠᠶᠢᠲᠤᠷ ᠬᠢᠵᠦ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠢ ᠰᠢᠨ᠎ᠡ | ᠬᠥᠭᠵᠢᠯᠲᠡ ᠶᠢᠨ ᠪᠠᠶᠢᠷᠢᠰᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ᠂ ᠴᠢᠨᠠᠷ ᠰᠠᠶᠢᠲᠠᠢ ᠬᠥᠭᠵᠢᠯᠲᠡ ᠶᠢᠨ | ᠵᠢᠱᠢᠶ᠎ᠡ ᠦᠵᠡᠭᠦᠯᠭᠦ ᠭᠠᠵᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠠᠭᠠᠭᠤᠯᠤᠭᠴᠢ ᠭᠠᠵᠠᠷ | ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠵᠠᠩᠭᠢᠯᠠᠭ᠎ᠠ ᠪᠣᠯᠣᠨ᠎ᠠ᠃ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠭᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠴᠢᠨᠠᠭᠰᠢᠳᠠ | ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠯ᠎ᠠ ᠪᠠᠷ ᠨᠡᠩ ᠶᠡᠭᠡ | ᠠᠬᠢᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠭᠦ ᠶᠢ | ᠳᠡᠮᠵᠢᠭᠦ ᠪᠠᠨ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠣᠯᠣᠨ ᠭᠤᠣᠯᠯᠠᠭᠴᠢ | ᠥᠷᠢᠰᠦᠯᠳᠦᠬᠦ ᠬᠦᠴᠦᠨ ᠲᠠᠢ ᠨᠡᠩ ᠤᠯᠠᠨ ᠰᠢᠨ᠎ᠡ ᠶᠢ ᠡᠭᠦᠳᠭᠦ ᠭᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ | ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠭᠦ | ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ | ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠭᠦ ᠪᠥᠮᠪᠥᠷᠴᠡᠭ ᠲᠤ ᠨᠥᠯᠥᠭᠡᠯᠡᠬᠦ | ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠪᠠᠶᠢᠭᠤᠯᠬᠤ | ᠬᠡᠷᠡᠭᠲᠡᠢ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠢᠳᠠᠪᠤᠷᠢᠲᠠᠨ ᠤ ᠥᠨᠳᠦᠷᠯᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠭᠦ ᠴᠢᠳᠠᠪᠤᠷᠢᠲᠠᠨ ᠢ ᠲᠥᠪᠯᠡᠷᠡᠭᠦᠯᠬᠦ ᠦᠢᠯᠡᠳᠦᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠳᠠᠲᠠᠢ ᠠᠴᠠ ᠰᠠᠯᠤᠩᠭᠢᠷᠠᠵᠤ ᠬᠡᠶᠢᠰᠪᠦᠷᠢ | ᠪᠠᠶᠢᠵᠤ ᠪᠤᠯᠬᠤ ᠦᠭᠡᠢ᠂ ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠤᠯᠭᠠᠬᠰᠠᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠭᠤᠸᠠᠩᠳᠦ᠋ᠩ ᠮᠤᠵᠢ | ᠦᠢᠯᠡᠳᠭᠦ ᠦᠢᠯᠡᠰ ᠢᠶᠠᠷ ᠮᠤᠵᠢ ᠪᠠᠨ ᠪᠠᠶᠢᠭᠤᠯᠬᠤ ᠶᠢ ᠢᠮᠠᠭᠲᠠ ᠪᠠᠷᠢᠮᠲᠠᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢ | ᠬᠥᠭᠵᠢᠭᠦᠯᠬᠦ ᠶᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ | ᠲᠦᠷᠭᠡᠳᠬᠡᠵᠦ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ | ᠣᠳᠣᠬᠢᠴᠢᠯᠠᠯᠲᠠ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠭᠵᠢᠭᠦᠯᠵᠦ᠂ ᠤᠯᠠᠨ ᠤᠯᠤᠰ ᠤᠨ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠠᠷᠠᠳ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠮᠥᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯ | ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠭᠤᠸᠠᠩᠳᠦ᠋ᠩ ᠣᠷᠣᠨ ᠪᠦᠰᠡ ᠶᠢᠨ | ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢᠶᠠᠨ ᠬᠦᠴᠦ ᠣᠷᠣᠭᠤᠯᠤᠨ ᠰᠢᠢᠳᠪᠦᠷᠢᠯᠡᠵᠦ᠂ ᠵᠠᠮ ᠬᠠᠷᠢᠯᠴᠠᠭ᠎ᠠ | ᠵᠡᠷᠭᠡ ᠰᠠᠭᠤᠷᠢ ᠲᠥᠬᠦᠭᠡᠷᠦᠮᠵᠢ ᠶᠢᠨ ᠣᠷᠣᠨ ᠪᠦᠰᠡ ᠠᠯᠤᠰᠯᠠᠨ ᠬᠤᠯᠪᠣᠯᠳᠤᠨ ᠨᠡᠪᠲᠡᠷᠡᠯᠴᠡᠬᠦ ᠪᠠᠨ ᠲᠦᠷᠭᠡᠳᠬᠡᠨ | ᠠᠬᠢᠭᠤᠯᠵᠤ᠂ ᠭᠤᠸᠠᠩᠳᠦ᠋ᠩ ᠤᠨ ᠵᠡᠭᠦᠨ ᠬᠡᠰᠡᠭ᠂ ᠭᠤᠸᠠᠩᠳᠦ᠋ᠩ ᠤᠨ ᠪᠠᠷᠠᠭᠤᠨ ᠬᠡᠰᠡᠭ᠂ ᠭᠤᠸᠠᠩᠳᠦ᠋ᠩ ᠤᠨ ᠬᠤᠶᠢᠲᠤ | ᠬᠡᠰᠡᠭ ᠤᠨ ᠭᠠᠵᠠᠷ ᠣᠷᠣᠨ ᠤ ᠬᠢᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠵᠤ | ᠦᠢᠯᠡᠰ ᠤᠨ ᠡᠮᠬᠢ ᠵᠢᠷᠤᠮ ᠲᠠᠢ ᠰᠢᠯᠵᠢᠯᠲᠡ ᠶᠢ ᠨᠡᠩ ᠰᠠᠶᠢᠲᠤᠷ ᠲᠤᠰᠴᠤ ᠠᠪᠬᠤ ᠶᠢ ᠲᠠᠶᠢᠴᠢᠯᠠᠨ ᠠᠬᠢᠭᠤᠯᠬᠤ ᠬᠡᠷᠡᠭᠲᠡᠢ᠃ | ᠡᠬᠡ ᠬᠠᠭᠤᠷᠠᠢ ᠪᠠ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠠᠭᠤᠯᠠ ᠳᠠᠯᠠᠢ ᠶᠢ ᠬᠠᠮᠵᠢᠯᠴᠠᠭᠤᠯᠬᠤ ᠶᠢ | ᠴᠢᠩᠭᠠᠳᠬᠠᠵᠤ᠂ ᠭᠠᠷᠠᠮ ᠠᠵᠤ ᠦᠢᠯᠡᠰ ᠬᠤᠳᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ | ᠳᠠᠯᠠᠢ ᠲᠠᠩᠭᠢᠰ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠠᠯᠠᠢ ᠲᠠᠩᠭᠢᠰ ᠤᠨ ᠬᠦᠴᠦᠷᠬᠡᠭ ᠮᠤᠵᠢ ᠶᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠲᠣ ᠦᠶ᠎ᠡ ᠶᠢᠨ | ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠭᠡᠯᠪᠡᠷᠢ ᠶᠢᠨ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠭᠦᠭᠦ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠴᠢᠬᠤᠯᠠ ᠶᠡᠭᠡ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ | ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ | ᠬᠥᠮᠥᠵᠢᠭᠦᠯᠦᠨ ᠵᠢᠯᠤᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ | ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ | ᠠᠬᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠰᠤᠷᠤᠯᠴᠠᠯᠭ᠎ᠠ ᠪᠠᠷ ᠰᠦᠭ | ᠰᠦᠨᠡᠰᠦ ᠶᠢ ᠱᠤᠭᠤᠬᠤ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠰᠠᠭᠤᠭᠳᠠᠭᠤᠯᠬᠤ᠂ ᠣᠨᠳᠣᠣᠰᠢᠭᠤᠯᠬᠤ ᠠᠵᠢᠯ ᠢ | ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠵᠠᠰᠠᠵᠤ᠂ ᠦᠨᠳᠦᠰᠦ ᠶᠢ | ᠪᠠᠬᠢᠵᠢᠭᠦᠯᠦᠨ ᠰᠠᠭᠤᠷᠢ ᠶᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠤᠶᠤᠨ ᠰᠠᠨᠠᠭᠠᠨ ᠤ | ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ᠃ ᠨᠢᠭᠡ ᠳᠤ᠂ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠦᠷᠲᠡᠭ ᠤᠨ ᠬᠥᠭᠡᠭᠡᠴᠡᠯᠳᠦᠯ ᠪᠠ ᠤᠷᠤᠭᠰᠢᠯᠠᠯᠲᠠ ᠶᠢᠨ | ᠴᠢᠭᠯᠡᠯ ᠤᠨ ᠲᠤᠬᠠᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠮᠡᠳᠡᠷᠡᠮᠵᠢ ᠪᠠᠨ ᠴᠢᠩᠭᠠᠳᠬᠠᠵᠤ᠂ ᠶᠢᠷᠲᠢᠨᠴᠦ ᠶᠢᠨ | ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠭᠡᠬᠦ ᠡᠨᠡ ᠬᠦ ︽ᠶᠡᠷᠦᠩᠬᠡᠢ ᠨᠡᠭᠡᠭᠡᠯᠭᠡ︾ ᠶᠢ | ᠰᠠᠶᠢᠲᠤᠷ ᠡᠵᠡᠮᠳᠡᠬᠦ ᠬᠡᠷᠡᠭᠲᠡᠢ᠃ ᠬᠤᠶᠠᠷ ᠲᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠲᠤ ᠪᠠᠶᠢᠯᠭᠠᠵᠤ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ | ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ | ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ | ᠢᠯᠡᠷᠡᠭᠦᠯᠭᠦ ᠬᠡᠷᠡᠭᠲᠡᠢ᠃ ᠭᠤᠷᠪᠠ ᠳᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠵᠣᠷᠢᠯᠲᠠ ᠶᠢᠨ | ᠤᠬᠠᠮᠰᠠᠷ ᠢᠶᠠᠨ ᠴᠢᠩᠭᠠᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠣᠯᠠᠨ | ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠠᠷᠠᠳ ᠣᠯᠠᠨ ᠬᠠᠨᠤᠮᠵᠢᠲᠠᠶ ᠪᠠᠶᠢᠬᠤ ᠡᠰᠡᠬᠦ ᠪᠠᠷ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠭᠦ ᠦᠨᠳᠦᠰᠦᠨ ᠪᠠᠷᠢᠮᠵᠢᠶ᠎ᠠ ᠪᠤᠯᠭᠠᠵᠤ᠂ ᠠᠷᠠᠳ ᠣᠯᠠᠨ ᠤ ᠬᠠᠮᠤᠭ ᠠᠴᠠ | ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠢ ᠬᠢᠵᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠠᠪᠤᠳᠠᠯ ᠢ ᠰᠠᠶᠢᠲᠤᠷ ᠬᠢᠵᠦ᠂ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ | ᠲᠡᠭᠰᠢ ᠪᠠᠷ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ ᠰᠡᠳᠦᠪᠲᠦ | ᠬᠥᠮᠦᠵᠢᠯ ᠤᠨ ᠲᠥᠪ ᠤᠨ ᠳᠣᠯᠣᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ | ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | | |