2023 ᠳᠤᠮᠳᠠᠳᠤ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠤᠯᠪᠠᠰᠤᠷᠠᠯ ᠵᠢᠴᠢ ᠰᠣᠯᠢᠯᠴᠠᠭ᠎ᠠ ᠦᠵᠡᠭᠦᠯᠦᠯᠭᠡ ᠶᠢᠨ ᠠᠵᠢᠯᠯᠠᠭ᠎ᠠ ᠡᠷᠢᠶᠡᠨ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/4/24
    4 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ 2023 ᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ︾ ᠳᠤᠮᠳᠠᠳᠤ ᠮᠣᠩᠭᠤᠯ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠤᠯᠪᠠᠰᠤᠷᠠᠯ ᠵᠢᠴᠢ ᠰᠣᠯᠢᠯᠴᠠᠭ᠎ᠠ ᠦᠵᠡᠭᠦᠯᠦᠯᠭᠡ ᠶᠢᠨ ᠠᠵᠢᠯᠯᠠᠭ᠎ᠠ ᠡᠷᠢᠶᠡᠨ ᠬᠤᠲᠠ ᠳᠤ ᠶᠠᠪᠤᠭᠳᠠᠪᠠ᠃     ᠲᠣᠰ ᠠᠵᠢᠯᠯᠠᠭ᠎ᠠ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠣᠷ ᠢᠦᠢ ᠯᠢᠩ ᠯᠢᠩ ᠢ ᠤᠷᠢᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠩᠭᠢ ᠶᠢᠨ ᠭᠡᠰᠢᠭᠦᠳ ᠲᠤ ᠵᠢᠯᠣᠭᠤᠳᠤᠯᠭ᠎ᠠ ᠬᠢᠯᠭᠡᠵᠡᠢ᠃ ᠢᠦᠢ ᠯᠢᠩ ᠯᠢᠩ ᠲᠡᠳ᠋ ᠫᠷᠣᠹᠧᠰᠰᠣᠷ ᠬᠥᠳᠡᠯᠭᠡᠭᠡᠨ ᠤ ᠬᠡᠪ ᠪᠠᠷᠢᠮᠵᠢᠶ᠎ᠠ ᠶᠢᠨ ᠲᠠᠯ᠎ᠠ ᠠᠴᠠ ᠭᠠᠷᠳᠠᠵᠤ᠂ ᠰᠣᠷᠢᠯᠲᠠ ᠶᠢᠨ ᠬᠢᠷᠢ ᠲᠦᠪᠰᠢᠨ ᠢ ᠴᠢᠩᠭᠠᠳᠬᠠᠨ᠂ ᠨᠠᠷᠢᠨ ᠨᠢᠮᠪᠠᠢ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠵᠢᠱᠢᠶ᠎ᠡ ᠦᠵᠡᠭᠦᠯᠪᠡ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠴᠢᠬᠤᠯᠠ ᠭᠠᠷᠳᠠᠴᠠ ᠮᠥᠨ᠂ ᠳᠤᠮᠳᠠᠳᠤ ᠮᠣᠩᠭᠤᠯ ᠬᠤᠶᠠᠷ ᠤᠯᠤᠰ ᠤᠨ ᠨᠥᠬᠦᠷᠯᠡᠯ ᠢ ᠵᠤᠵᠠᠭᠠᠳᠬᠠᠬᠤ᠂ ᠭᠠᠵᠠᠷ ᠣᠷᠣᠨ ᠤ ᠬᠤᠭᠤᠷᠣᠨᠳᠣᠬᠢ ᠪᠡᠶ᠎ᠡ ᠶᠢᠨ ᠲᠠᠮᠢᠷ ᠤᠨ ᠰᠣᠶᠣᠯ ᠤᠨ ᠰᠣᠯᠢᠯᠴᠠᠭ᠎ᠠ ᠶᠢ ᠴᠢᠩᠭᠠᠳᠬᠠᠬᠤ᠂ ᠠᠷᠠᠳ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号