ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ | ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 4 | ᠰᠠᠷ᠎ᠠ ᠶᠢᠨ 21 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠤ ᠬᠠᠮᠲᠤ | ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠥᠭᠡᠷᠡᠴᠢᠯᠡᠯᠲᠡ ᠨᠡᠭᠡᠭᠡᠯᠲᠡ ᠬᠢᠭᠰᠡᠨ 45 | ᠵᠢᠯ ᠤᠨ ᠤᠢ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ | ᠬᠤᠷᠠᠯᠳᠤᠭᠰᠠᠨ 10 ᠵᠢᠯ ᠤᠨ ᠤᠢ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠦᠳᠡᠯᠭᠡᠬᠦ ᠬᠦᠴᠦᠨ ᠪᠣᠯᠭᠠᠵᠤ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ᠂ | ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠣᠯᠭᠠᠵᠤ᠂ ᠴᠢᠭᠯᠡᠯ ᠢᠶᠠᠨ | ᠣᠨᠣᠪᠴᠢᠲᠠᠢ ᠡᠵᠡᠮᠳᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠢ | ᠠᠵᠢᠯᠯᠠᠵᠤ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ | ᠼᠠᠢ ᠴᠢ ᠬᠤᠷᠠᠯ ᠳᠤ ᠣᠷᠣᠯᠴᠠᠵᠠᠢ᠃ | ᠬᠤᠷᠠᠯ ᠠᠴᠠ ︽ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠲᠤᠬᠠᠢ ᠰᠠᠨᠠᠯ︾᠂ ︽ᠤᠯᠤᠰ ᠤᠨ ᠥᠮᠴᠢᠯᠡᠯ ᠤᠨ ᠠᠵᠤ ᠠᠬᠤᠢ ᠶᠢᠨ | ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠬᠦᠴᠦᠲᠡᠢ ᠳᠡᠮᠵᠢᠬᠦ ᠲᠤᠬᠠᠢ ᠰᠠᠨᠠᠯ︾᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ︾ ᠪᠣᠯᠣᠨ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ ᠠᠵᠢᠯ ᠤᠨ ᠳᠦᠷᠢᠮ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ ᠲᠤᠰᠬᠠᠢ ᠳᠤᠭᠤᠶᠢᠯᠠᠩ ᠤᠨ ᠠᠵᠢᠯ ᠤᠨ ᠳᠦᠷᠢᠮ︾᠂ ︽ᠲᠥᠪ ᠤᠨ ᠥᠭᠡᠷᠡᠴᠢᠯᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾᠂ ︽ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2023 ᠣᠨ ᠤ ᠠᠵᠢᠯ ᠤᠨ ᠭᠤᠣᠯᠳᠠᠯᠭ᠎ᠠ︾ ᠶᠢ | ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ | ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠤᠨ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ | ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ︽ᠬᠡᠨ ᠤ ᠲᠥᠯᠥᠭᠡ ᠰᠢᠨ᠎ᠡ ᠶᠢ ᠡᠭᠦᠳᠬᠦ᠂ ᠬᠡᠨ ᠰᠢᠨ᠎ᠡ ᠶᠢ ᠡᠭᠦᠳᠬᠦ᠂ | ᠶᠠᠭᠤ ᠶᠢ ᠰᠢᠨ᠎ᠡ ᠶᠢ ᠡᠭᠦᠳᠬᠦ᠂ ᠬᠡᠷᠬᠢᠨ ᠰᠢᠨ᠎ᠡ ᠶᠢ ᠡᠭᠦᠳᠬᠦ︾ ᠶᠢᠨ ᠲᠣᠭᠤᠷᠢᠨ ᠳᠤ᠂ ᠳᠦᠷᠢᠮ ᠤᠨ ᠪᠠᠶᠢᠭᠤᠯᠤᠯᠲᠠ ᠠᠴᠠ | ᠡᠭᠦᠰᠴᠦ᠂ ᠮᠡᠷᠭᠡᠵᠢᠯ ᠤᠨ ᠰᠢᠨ᠎ᠡ ᠶᠢ ᠡᠭᠦᠳᠬᠦ ᠰᠢᠢᠳᠪᠦᠷᠢᠲᠦ ᠪᠣᠳᠣᠯᠭ᠎ᠠ᠂ ᠰᠤᠳᠤᠯᠤᠨ ᠨᠡᠭᠡᠭᠡᠬᠦ ᠣᠷᠤᠭᠤᠯᠤᠯᠲᠠ᠂ | ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ᠂ ᠦᠷ᠎ᠡ ᠪᠦᠲᠦᠭᠡᠯ ᠢ ᠣᠨᠳᠣᠣᠰᠢᠭᠤᠯᠬᠤ ᠪᠦᠭᠦ | ᠬᠡᠯᠬᠢᠶᠡᠨ ᠤ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠬᠢᠵᠦ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ | ᠵᠦᠢᠯ᠂ ᠲᠠᠪᠴᠠᠩ᠂ ᠴᠢᠳᠠᠪᠤᠷᠢᠲᠠᠨ ᠵᠡᠷᠭᠡ ᠵᠠᠩᠭᠢᠯᠠᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠰᠲ᠋ᠧᠮ ᠤᠨ | ᠪᠠᠶᠢᠷᠢᠰᠢᠭᠤᠯᠤᠯᠲᠠ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ | ᠰᠢᠨ᠎ᠡ ᠶᠢ ᠡᠭᠦᠳᠬᠦ ᠪᠠ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ | ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ | ᠰᠤᠳᠤᠯᠭᠠᠨ ᠤ ᠥᠨᠳᠥᠷ ᠦᠷ᠎ᠡ ᠪᠦᠲᠦᠮᠵᠢᠲᠡᠢ ᠬᠠᠮᠵᠢᠯᠴᠠᠭᠰᠠᠨ ᠭᠦᠨᠵᠡᠭᠡᠢ ᠠᠭᠤᠰᠤᠯᠴᠠᠭᠰᠠᠨ ᠰᠢᠨ᠎ᠡ ᠶᠢ ᠡᠭᠦᠳᠬᠦ | ᠰᠢᠰᠲ᠋ᠧᠮ ᠢ ᠠᠬᠢᠭᠤᠯᠤᠨ ᠪᠦᠷᠢᠯᠳᠦᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠪᠠ ᠠᠵᠤ ᠦᠢᠯᠡᠰ ᠤᠨ | ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ ᠰᠢᠨ᠎ᠡ ᠶᠢ ᠡᠭᠦᠳᠬᠦ ᠳᠤ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠣᠷᠤᠯᠴᠠᠬᠤ ᠶᠢ ᠢᠳᠡᠪᠬᠢᠲᠡᠢ ᠵᠣᠷᠢᠭᠵᠢᠭᠤᠯᠤᠨ ᠪᠦᠲᠦᠮᠵᠢᠲᠡᠢ ᠬᠥᠲᠥᠯᠥᠨ | ᠵᠢᠯᠤᠭᠤᠳᠴᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠬᠤᠯᠠ | ᠶᠡᠭᠡ ᠤᠤᠭᠠᠯ ᠡᠭᠦᠳᠦᠯᠲᠡ ᠶᠢᠨ ᠮᠡᠷᠭᠡᠵᠢᠯ ᠤᠨ ᠰᠢᠪᠲᠤᠯᠤᠯᠲᠠ ᠳᠤ ᠦᠢᠯᠡᠳᠦᠯ ᠦᠵᠡᠭᠦᠯᠭᠦ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ | ᠰᠠᠶᠢᠵᠢᠷᠠᠭᠤᠯᠬᠤ ᠳᠤ᠂ ᠰᠢᠨ᠎ᠡ ᠴᠠᠭ ᠦᠶ᠎ᠡ ᠰᠢᠨ᠎ᠡ ᠠᠶᠠᠨ ᠤ ᠤᠯᠤᠰ ᠤᠨ ᠥᠮᠴᠢᠯᠡᠯ ᠤᠨ ᠠᠵᠤ ᠠᠬᠤᠢ ᠶᠢᠨ ᠡᠭᠦᠷᠭᠡᠯᠡᠵᠦ | ᠪᠠᠶᠢᠭ᠎ᠠ ᠡᠭᠦᠷᠭᠡ ᠪᠣᠯᠣᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠡᠭᠦᠰᠴᠦ᠂ ᠤᠯᠤᠰ ᠤᠨ | ᠥᠮᠴᠢᠯᠡᠯ ᠤᠨ ᠠᠵᠤ ᠠᠬᠤᠢ ᠶᠢᠨ ᠠᠮᠤᠷ ᠲᠦᠪᠰᠢᠨ ᠤ ᠬᠠᠷᠢᠭᠤᠴᠠᠯᠭ᠎ᠠ᠂ ᠶᠠᠰᠤ ᠴᠢᠨᠠᠷ ᠤᠨ ᠪᠦᠲᠦᠴᠡ᠂ ᠡᠳ᠋ ᠬᠥᠷᠥᠩᠭᠡ | ᠪᠣᠯᠣᠨ ᠠᠵᠤ ᠠᠬᠤᠶᠢᠯᠠᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ | ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ ᠪᠠᠷ ᠬᠦᠴᠦᠯᠡᠵᠦ᠂ ᠳᠡᠭᠡᠳᠦ ᠳᠠᠪᠬᠤᠷᠭ᠎ᠠ ᠠᠴᠠ ᠨᠢᠭᠡᠳᠦᠯᠲᠡᠢ | ᠲᠥᠯᠥᠪᠵᠢᠭᠦᠯᠦᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠠᠵᠢᠯᠯᠠᠭ᠎ᠠ ᠨᠢ ᠥᠨᠳᠥᠷ ᠪᠦᠲᠦᠮᠵᠢᠲᠡᠢ᠂ ᠬᠢᠨᠠᠯᠲᠠ | ᠬᠠᠮᠢᠶᠠᠷᠤᠯᠲᠠ ᠨᠢ ᠬᠦᠴᠦᠲᠡᠢ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠪᠣᠯ ᠨᠠᠮ ᠤᠨ ᠲᠥᠪ | ᠬᠤᠷᠢᠶ᠎ᠠ ᠶᠢᠨ ᠢᠮᠠᠭᠲᠠ ᠶᠢᠨ ᠴᠢᠭᠯᠡᠯᠲᠡ ᠮᠥᠨ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠬᠤ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠢ | ᠬᠦᠴᠦᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ | ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠢᠵᠠᠭᠠᠷᠯᠠᠵᠤ ᠪᠠᠶᠢᠭ᠎ᠠ ᠳᠦᠷᠢᠮ ᠤᠨ ᠬᠠᠷᠰᠢ ᠰᠠᠭᠠᠳ ᠢ | ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠴᠢᠨᠠᠷ ᠰᠠᠶᠢᠲᠠᠢ | ᠬᠥᠭᠵᠢᠯᠲᠡ ᠶᠢᠨ ᠳᠤᠮᠳᠠ ᠪᠠᠶᠢᠷᠢ ᠲᠣᠭᠲᠠᠭᠠᠯᠲᠠ ᠶᠢ ᠨᠢ ᠵᠥᠪ ᠢᠶᠠᠷ ᠣᠯᠭᠤᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ | ᠥᠭᠡᠷᠡᠴᠢᠯᠡᠯᠲᠡ ᠬᠥᠭᠵᠢᠯᠲᠡ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ᠂ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠪᠠᠷ ᠳᠠᠮᠵᠢᠭᠤᠯᠤᠨ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠣᠨᠴᠠᠯᠢᠭ ᠢ ᠭᠦᠢᠴᠡᠳ ᠪᠣᠳᠣᠯᠬᠢᠯᠠᠵᠤ᠂ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠬᠦ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠵᠣᠬᠢᠴᠠᠩᠭᠤᠢ ᠴᠢᠨᠠᠷ ᠢ | ᠴᠢᠩᠭᠠᠳᠬᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠣᠨᠣᠪᠴᠢᠲᠠᠢ ᠪᠠᠷ ᠰᠢᠭᠤᠳ ᠬᠦᠷᠬᠦ ᠶᠢ | ᠠᠬᠢᠭᠤᠯᠵᠤ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠳᠣᠲᠣᠨᠣ ᠴᠢᠬᠡᠴᠢ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠥᠲᠥᠯᠥᠨ | ᠵᠢᠯᠤᠭᠤᠳᠴᠤ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠯᠤᠲᠤ ᠶᠡᠭᠡ ᠤᠯᠤᠰ | ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠷᠠᠯᠲᠠ ᠪᠠᠷ | ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ | ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠡᠷᠬᠡ ᠶᠢ ᠳᠤᠭᠤᠯᠵᠤ᠂ ᠰᠢᠨ᠎ᠡ ᠵᠥᠷᠢᠴᠡᠯ | ᠰᠢᠨ᠎ᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ | ᠰᠣᠭᠤᠭ ᠢ ᠡᠷᠡᠰ ᠠᠷᠢᠯᠭᠠᠵᠤ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠰᠢᠨ᠎ᠡ ᠪᠠᠶᠢᠳᠠᠯ ᠢ ᠨᠡᠭᠡᠭᠡᠪᠡ᠃ ᠰᠢᠨ᠎ᠡ | ᠴᠠᠭ ᠦᠶ᠎ᠡ ᠶᠢᠨ 10 ᠵᠢᠯ ᠳᠤ᠂ ᠪᠢᠳᠡᠨ ᠤ ᠠᠬᠢᠭᠤᠯᠤᠭᠰᠠᠨ ᠥᠭᠡᠷᠡᠴᠢᠯᠡᠯᠲᠡ ᠪᠣᠯ ᠪᠦᠭᠦ ᠲᠠᠯ᠎ᠠ ᠶᠢᠨ᠂ ᠭᠦᠨ | ᠳᠠᠪᠬᠤᠷᠭ᠎ᠠ ᠶᠢᠨ᠂ ᠦᠨᠳᠦᠰᠦᠨ ᠴᠢᠨᠠᠷᠲᠠᠢ ᠶᠤᠮ᠂ ᠣᠯᠣᠭᠰᠠᠨ ᠠᠮᠵᠢᠯᠲᠠ ᠪᠣᠯ ᠲᠡᠦᠬᠡᠲᠦ ᠴᠢᠨᠠᠷᠲᠠᠢ᠂ ᠬᠤᠪᠢᠰᠬᠠᠯᠴᠢ | ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠶᠤᠮ᠃ ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠨᠢᠭᠡ ᠤᠯᠤᠰ ᠪᠣᠯᠣᠨ | ᠲᠦᠷᠦ ᠶᠢᠨ ᠨᠠᠮ ᠴᠦ ᠡᠶᠢᠮᠦ ᠤᠯᠤᠰ ᠲᠦᠷᠦ ᠶᠢᠨ ᠰᠥᠰᠥ ᠵᠣᠷᠢᠭ ᠪᠣᠯᠣᠨ ᠲᠡᠦᠬᠡᠨ ᠬᠠᠷᠢᠭᠤᠴᠠᠯᠭ᠎ᠠ ᠡᠭᠦᠷᠭᠡᠯᠡᠯ ᠪᠠᠶᠢᠵᠤ | ᠴᠢᠳᠠᠬᠤ ᠦᠭᠡᠢ ᠶᠤᠮ᠂ ᠢᠩᠭᠢᠵᠦ ᠵᠣᠷᠢᠭᠲᠠᠢ ᠪᠠᠷ ᠡᠷᠡᠰ ᠰᠢᠭᠤᠷᠬᠠᠢ ᠪᠠᠷ ᠬᠢᠲᠤᠭᠠᠨ ᠢᠷ ᠢᠶᠠᠨ ᠳᠣᠲᠣᠭᠰᠢ ᠪᠠᠨ | ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠬᠤ ᠦᠭᠡᠢ ᠶᠤᠮ᠂ ᠠᠯᠢ ᠴᠤ ᠤᠯᠤᠰ ᠪᠣᠯᠣᠨ | ᠲᠦᠷᠦ ᠶᠢᠨ ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ ᠶᠡᠭᠡ ᠬᠡᠪᠴᠢᠶ᠎ᠡ᠂ ᠡᠶᠢᠮᠦ ᠶᠡᠭᠡ ᠡᠷᠴᠢᠮ ᠲᠠᠢ | ᠥᠭᠡᠷᠡᠴᠢᠯᠡᠯᠲᠡ ᠶᠢ ᠠᠬᠢᠭᠤᠯᠵᠤ ᠴᠢᠳᠠᠬᠤ ᠦᠭᠡᠢ ᠶᠤᠮ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠤᠨ ᠢᠯᠡ ᠲᠣᠳᠣ ᠣᠨᠴᠠᠯᠢᠭ ᠪᠣᠯᠣᠨ ᠢᠯᠡᠳᠲᠡ ᠳᠠᠪᠠᠭᠤᠯᠢᠭ ᠪᠣᠯᠣᠨ᠎ᠠ᠃ | ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠬᠤ ᠳᠤ᠂ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ | ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠲᠥᠯᠦᠪᠵᠢᠭᠦᠯᠭᠡ᠂ ᠰᠢᠨ᠎ᠡ ᠶᠢ ᠡᠭᠦᠳᠬᠦ ᠰᠥᠰᠥ | ᠵᠣᠷᠢᠭ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠴᠢᠬᠤᠯᠠ ᠶᠡᠭᠡ | ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠭᠦ ᠲᠠᠯ᠎ᠠ ᠶᠢ | ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠶᠢ ᠡᠵᠡᠮᠳᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ | ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠳᠦᠭᠰᠡᠨ ᠠᠰᠢᠭᠲᠠᠢ | ᠨᠥᠬᠦᠴᠡᠯ ᠢ ᠰᠠᠶᠢᠲᠤᠷ ᠠᠰᠢᠭᠯᠠᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠠᠷᠢᠯᠭᠠᠬᠤ᠂ | ᠭᠦᠨ ᠳᠠᠪᠬᠤᠷᠭ᠎ᠠ ᠶᠢᠨ ᠠᠰᠢᠭ ᠲᠤᠰᠠ ᠶᠢᠨ ᠪᠠᠶᠢᠷᠢᠰᠢᠯ ᠳᠤ ᠲᠣᠬᠢᠷᠠᠭᠤᠯᠤᠯᠲᠠ ᠬᠢᠬᠦ ᠲᠠᠯ᠎ᠠ ᠪᠠᠷ ᠪᠠᠰᠠ ᠨᠢᠭᠡ ᠪᠦᠯᠦᠭ | ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠤᠯᠲᠠ ᠶᠢ | ᠴᠢᠩᠭᠠᠳᠬᠠᠵᠤ᠂ ᠵᠥᠷᠢᠴᠡᠯ ᠠᠰᠠᠭᠤᠳᠠᠯ ᠲᠥᠪᠯᠡᠷᠡᠭᠰᠡᠨ ᠭᠠᠵᠠᠷ ᠣᠷᠣᠨ ᠪᠠ ᠰᠠᠯᠠᠭ᠎ᠠ ᠮᠥᠴᠢᠷ ᠲᠤ ᠢᠯᠡᠭᠦᠬᠡᠨ ᠬᠦᠷᠴᠦ᠂ | ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠣᠶᠢᠯᠠᠭᠠᠨ᠂ | ᠨᠢᠭᠡ ᠨᠢᠭᠡ ᠪᠠᠷ ᠪᠠᠶᠢᠴᠠᠭᠠᠨ ᠰᠢᠨᠵᠢᠯᠡᠵᠦ᠂ ᠪᠣᠳᠠᠲᠠᠢ ᠠᠰᠠᠭᠤᠳᠠᠯ ᠢ ᠭᠦᠨᠵᠡᠭᠡᠢ ᠰᠤᠳᠤᠯᠬᠤ ᠮᠥᠷᠲᠡᠭᠡᠨ ᠪᠠᠰᠠ ᠡᠯ᠎ᠡ | ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠬᠤ ᠳᠠᠭᠠᠨ ᠴᠢᠳᠠᠮᠠᠭᠠᠢ ᠪᠠᠶᠢᠵᠤ᠂ ᠶᠡᠷᠦᠩᠬᠡᠢ ᠰᠡᠳᠬᠢᠴᠡ ᠪᠠ ᠪᠦᠭᠦ ᠲᠠᠯ᠎ᠠ ᠶᠢᠨ | ᠠᠵᠢᠯ ᠤᠨ ᠲᠠᠯ᠎ᠠ ᠪᠠᠷ ᠢᠯᠡᠭᠦᠬᠡᠨ ᠲᠠᠷᠢᠬᠢ ᠲᠣᠯᠣᠭᠠᠢ ᠪᠠᠨ ᠬᠥᠳᠡᠯᠭᠡᠵᠦ᠂ ᠢᠯᠡᠭᠦᠬᠡᠨ ᠬᠦᠴᠦ ᠣᠷᠣᠭᠤᠯᠬᠤ ᠬᠡᠷᠡᠭᠲᠡᠢ᠃ | ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠳᠣᠣᠷᠠᠳᠤ | ᠱᠠᠲᠤ ᠪᠠᠷ ᠢᠶᠠᠨ ᠬᠠᠮᠵᠢᠯᠴᠠᠬᠤ᠂ ᠬᠡᠰᠡᠭ ᠵᠤᠷᠪᠤᠰ ᠢ ᠤᠶᠠᠯᠳᠤᠭᠤᠯᠬᠤ᠂ ᠣᠨᠣᠪᠴᠢᠲᠠᠢ ᠥᠨᠳᠥᠷ ᠪᠦᠲᠦᠮᠵᠢᠲᠡᠢ | ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠶᠡᠭᠡ ᠬᠦᠴᠦ ᠣᠷᠣᠭᠤᠯᠵᠤ | ᠪᠠᠶᠢᠭᠠᠳ ᠥᠭᠡᠷᠡᠴᠢᠯᠡᠯᠲᠡ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠡᠯ᠎ᠡ | ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ ᠲᠠᠶᠢᠴᠢᠯᠠᠵᠥ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠥᠭᠡᠷᠡᠴᠢᠯᠡᠯᠲᠡ ᠶᠢᠨ ᠨᠡᠶᠢᠲᠡᠯᠢᠭ ᠲᠤᠷᠰᠢᠯᠭ᠎ᠠ ᠶᠢ ᠰᠣᠯᠢᠯᠴᠠᠵᠤ | ᠳᠡᠯᠭᠡᠷᠡᠭᠦᠯᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ | ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ |