2023 ᠣᠨ ᠤ ᠪᠥᠬᠦ ᠤᠯᠤᠰ ᠤᠨ ᠣᠯᠠᠨ ᠤᠯᠤᠰ ᠤᠨ ᠮᠠᠶ᠋ᠢᠭ ᠤᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠮᠡᠭᠲᠡᠢ ᠶᠢᠨ ᠴᠢᠯᠦᠭᠡᠳᠦ ᠪᠥᠬᠡ ᠶᠢᠨ ᠤᠷᠤᠯᠳᠤᠭᠠᠨ‌‍ᠳᠦ ᠮᠠᠨ ᠤ ᠣᠷᠣᠨ ᠤ ᠲᠠᠮᠢᠷᠴᠢᠨ ᠨᠢᠭᠡ ᠮᠥᠩᠭᠦᠨ ᠮᠧᠳᠠᠯ ᠬᠤᠶᠠᠷ ᠬᠦᠷᠡᠯ ᠮᠧᠳᠠᠯ ᠣᠯᠪᠠ
ᠨᠡᠶᠢᠲᠡᠯᠡᠭᠰᠡᠨ ᠴᠠᠭ᠄
2023/4/27
    4 ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ᠂ 2023 ᠣᠨ ᠤ ᠪᠥᠬᠦ ᠤᠯᠤᠰ ᠤᠨ ᠣᠯᠠᠨ ᠤᠯᠤᠰ ᠤᠨ ᠮᠠᠶ᠋ᠢᠭ ᠤᠨ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠡᠮᠡᠭᠲᠡᠢ ᠶᠢᠨ ᠴᠢᠯᠦᠭᠡᠲᠦ ᠮᠠᠶ᠋ᠢᠭ ᠤᠨ ᠪᠥᠬᠡ ᠶᠢᠨ ᠤᠷᠤᠯᠳᠤᠭᠠᠨ ᠵᠧᠵᠢᠶᠠᠩ ᠮᠤᠵᠢ ᠶᠢᠨ ᠸᠧᠨᠵᠸᠤ ᠬᠤᠲᠠ ᠳᠤ ᠶᠠᠪᠤᠭᠳᠠᠪᠠ᠃ ᠲᠤᠰ ᠤᠳᠠᠭ᠎ᠠ ᠶᠢᠨ ᠤᠷᠤᠯᠳᠤᠭᠠᠨ ᠳᠤ ᠪᠦᠬᠦ ᠤᠯᠤᠰ ᠤᠨ ᠡᠯ᠎ᠡ ᠭᠠᠵᠠᠷ ᠤᠨ 40 ᠲᠦᠯᠦᠭᠡᠯᠡᠭᠴᠢᠳ ᠤᠨ ᠠᠩᠭᠢ ᠶᠢᠨ 286 ᠬᠥᠮᠥᠨ ᠤᠷᠤᠯᠴᠠᠪᠠ᠃ ᠮᠠᠨ ᠤ ᠣᠷᠣᠨ 19 ᠲᠠᠮᠢᠷᠴᠢᠨ ᠲᠣᠮᠢᠯᠠᠵᠤ᠂ 9 ᠲᠡᠰ ᠤᠨ ᠤᠷᠤᠯᠳᠤᠭᠠᠨ ᠳᠤ ᠣᠷᠣᠯᠴᠠᠭᠤᠯᠪᠠ᠃     ᠭᠤᠷᠪᠠᠨ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠮᠠᠨ ᠤ ᠣᠷᠣᠨ ᠤ ᠲᠠᠮᠢᠷᠴᠢᠨ ᠨᠢᠭᠡ ᠮᠥᠩᠭᠦᠨ ᠮᠧᠳᠠᠯ᠂ ᠬᠤᠶᠠᠷ ᠬᠦᠷᠡᠯ ᠮᠧᠳᠠᠯ ᠣᠯᠵᠤ᠂ 7 ᠬᠥᠮᠥᠨ ᠲᠡᠭᠡᠷ᠎ᠡ ᠨᠡᠶᠢᠮᠠ ᠳᠤ ᠣᠷᠣᠭᠰᠠᠨ ᠪᠥᠭᠡᠳ ᠪᠦᠯᠬᠦᠮ ᠤᠨ ᠨᠠᠢᠮᠠᠳᠤᠭᠠᠷ ᠲᠤ ᠣᠷᠣᠵᠠᠢ᠃ ᠡᠭᠦᠨ ᠳᠤ᠂  ᠰᠤᠷᠤᠨ᠎ᠡ 59KG ᠲᠠᠰ ᠲᠤ ᠲᠡᠳ᠋ᠯᠠᠵᠦ᠂ ᠯᠢ ᠯᠢ 62KG ᠲᠠᠰ ᠤᠨ ᠭᠤᠷᠪᠠᠳᠤᠭᠠᠷ᠂ ᠴᠢᠨᠳᠠᠭᠠᠨᠴᠠᠭᠠᠨ 76KG ᠲᠠᠰ ᠤᠨ ᠭᠤᠷᠪᠠᠳᠤᠭᠠᠷ ᠲᠤ ᠤᠷᠤᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号