ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠬᠡᠯᠲᠡᠰ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/27
    ᠤᠶᠢᠷ᠎ᠠ ᠳᠤ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠬᠡᠯᠲᠡᠰ ᠬᠥᠮᠥᠨ ᠲᠣᠮᠢᠯᠠᠨ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ  ᠬᠢᠪᠠ᠃
    ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠬᠡᠯᠳᠡᠰ ᠤᠨ ᠠᠵᠢᠯᠲᠠᠳ ᠤᠷᠢᠳ ᠬᠤᠵᠢᠳ ᠤᠷᠤᠯᠳᠤᠭᠠᠨ ᠤ ᠪᠣᠯᠪᠠᠰᠤᠷᠠᠯ ᠤᠨ ᠲᠠᠯᠠᠪᠤᠷ᠂ ᠬᠤᠭᠤᠯᠠᠨ ᠭᠡᠷ᠂  ᠪᠠᠶᠢᠷᠢ᠂ ᠬᠤᠷᠠᠯ ᠤᠨ ᠭᠡᠷ᠂ ᠪᠡᠶ᠎ᠡ ᠴᠢᠭᠢᠷᠠᠭᠵᠢᠭᠤᠯᠬᠤ ᠭᠡᠷ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠴᠠᠭᠠᠵᠤ᠂ ᠵᠦᠢ ᠵᠣᠬᠢᠰᠲᠠᠢ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠠᠢ᠃
    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠠᠵᠢᠯ ᠢ ᠰᠠᠶᠢᠲᠤᠷ ᠬᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ 2023 ᠣᠨ ᠤ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ︵ᠡᠷᠡᠭᠲᠡᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ  U17 ᠳᠤᠭᠤᠶᠢᠯᠠᠩ︶ ᠤ ᠬᠤᠶᠢᠲᠤ ᠲᠣᠭᠤᠷᠢᠭ ᠤᠨ ᠪᠡᠯᠡᠳᠬᠡᠯ ᠤᠷᠤᠯᠳᠤᠭᠠᠨ ᠤ ᠬᠥᠬᠡᠬᠤᠲᠠ ᠶᠢᠨ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠢ ᠭᠤᠣᠯᠳᠠᠯᠭ᠎ᠠ ᠲᠠᠢ ᠪᠠᠷ ᠡᠷᠭᠢᠯᠡᠬᠦ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠠᠩᠬ᠎ᠠ ᠠᠯᠬᠤᠮ ᠤᠨ ᠰᠠᠨᠠᠯ ᠢᠶᠠᠨ ᠬᠡᠯᠡᠯᠴᠡᠨ ᠲᠣᠬᠢᠷᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号