ᠪᠥᠬᠦ ᠤᠯᠤᠰ ᠤᠨ ᠮᠥᠰᠥᠨ ᠳᠡᠪᠦᠷ᠎ᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠬᠥᠯᠥᠨ ᠪᠤᠶᠢᠷ ᠲᠤ ᠡᠬᠢᠯᠡᠪᠡ
ᠨᠡᠶᠢᠲᠡᠯᠡᠭᠰᠡᠨ ᠴᠠᠭ᠄
2023/4/28
    2022 ︱ 2023 ᠤᠷᠤᠯᠳᠤᠭᠠᠨ ᠤ ᠤᠯᠠᠷᠢᠯ ᠤᠨ ᠪᠥᠬᠦ ᠤᠯᠤᠰ ᠤᠨ ᠮᠥᠰᠥᠨ ᠳᠡᠪᠦᠷ᠎ᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠡᠬᠢᠯᠡᠵᠦ᠂ ᠪᠥᠬᠦ ᠤᠯᠤᠰ ᠤᠨ 43 ᠲᠥᠯᠥᠭᠡᠯᠡᠭᠴᠢᠳ ᠤᠨ ᠠᠩᠭᠢ ᠶᠢᠨ 400 ᠭᠠᠷᠤᠢ ᠲᠠᠮᠢᠷᠴᠢᠨ ᠡᠷᠡᠭᠳᠡᠢ ᠡᠮᠡᠭᠳᠡᠢ ᠶᠢᠨ ᠬᠤᠤᠰᠯᠠᠨ ᠤᠷᠤᠯᠳᠤᠬᠤ᠂ ᠡᠷᠡᠭᠲᠡᠢ ᠶᠢᠨ ᠳᠤᠭᠤᠶᠢᠯᠠᠩ᠂ ᠡᠮᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠳᠤ ᠣᠷᠣᠯᠴᠠᠪᠠ᠃
    5 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ 4 ᠰᠠᠷ᠎ᠠ ᠶᠢᠨ 26 ᠤ ᠡᠳᠦᠷ᠂ ᠡᠷᠡᠭᠲᠡᠢ ᠡᠮᠡᠭᠲᠡᠢ ᠶᠢᠨ ᠬᠤᠤᠰᠯᠠᠨ ᠤᠷᠤᠯᠳᠤᠬᠤ ᠰᠢᠢᠳᠪᠦᠷᠢᠲᠦ ᠤᠷᠤᠯᠳᠤᠭᠠᠨ ᠳᠤ᠂ ᠪᠡᠭᠡᠵᠢᠩ ᠤᠨ ᠠᠩᠭᠢ 10᠄ 4  ᠪᠠᠷ ᠱᠠᠩᠬᠠᠢ ᠶᠢᠨ ᠠᠩᠭᠢ  ᠶᠢ ᠢᠯᠠᠵᠤ ᠮᠠᠩᠯᠠᠶᠢᠯᠠᠪᠠ᠃ ᠲᠣᠰ ᠤᠳᠠᠭᠠᠨ ᠤ ᠤᠷᠤᠯᠳᠤᠭᠠᠨ ᠨᠢ ᠮᠠᠨ ᠤ ᠤᠯᠤᠰ ᠤᠨ ᠮᠥᠰᠥᠨ ᠳᠡᠪᠦᠷ᠎ᠡ ᠶᠢᠨ ᠲᠠᠮᠢᠷᠴᠢᠳ ᠤᠨ ᠬᠢᠷᠢ ᠪᠦᠲᠦᠮᠵᠢ ᠶᠢ ᠳᠡᠭᠡᠭᠰᠢᠯᠡᠭᠦᠯᠬᠦ ᠳᠤ ᠮᠠᠰᠢ ᠶᠡᠭᠡ ᠠᠬᠢᠭᠤᠯᠬᠤ ᠦᠢᠯᠡᠳᠦᠯ ᠲᠠᠢ ᠪᠥᠭᠡᠳ ᠪᠠᠰᠠ ᠮᠥᠰᠥᠨ ᠳᠡᠪᠦᠷ᠎ᠡ ᠶᠢᠨ ᠲᠠᠮᠢᠷᠴᠢᠳ ᠤᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠪᠣᠳᠠᠲᠤ ᠬᠦᠴᠦᠨ ᠤ ᠳᠡᠭᠡᠭᠰᠢᠯᠡᠯᠲᠡ ᠳᠤ ᠮᠠᠰᠢ ᠰᠠᠶᠢᠨ ᠠᠵᠠ ᠲᠣᠬᠢᠶᠠᠯ ᠬᠠᠩᠭᠠᠪᠠ᠃
    ᠲᠣᠰ ᠤᠳᠠᠭᠠᠨ ᠤ ᠤᠷᠤᠯᠳᠤᠭᠠᠨ ᠨᠢ ᠬᠦᠯᠦᠨ ᠪᠤᠶᠢᠷ ᠬᠤᠲᠠ ᠳᠤ ᠶᠠᠪᠤᠭᠳᠠᠵᠤ᠂ ᠬᠥᠯᠥᠨ ᠪᠤᠶᠢᠷ ᠤᠨ ᠮᠥᠰᠥ ᠴᠠᠰᠤᠨ ᠤ ᠨᠠᠷᠠᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠭᠡᠳ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠠᠭᠤᠰᠤᠯᠴᠠᠯ ᠤᠨ ᠰᠠᠭᠤᠷᠢ ᠶᠢ ᠪᠠᠬᠢᠵᠢᠭᠦᠯᠵᠦ᠂ ᠪᠥᠬᠦ ᠤᠯᠤᠰ ᠤᠨ ᠲᠠᠮᠢᠷᠴᠢᠳ ᠲᠤ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ ᠤ ᠲᠠᠪᠴᠠᠩ ᠬᠠᠩᠭᠠᠵᠤ᠂ ᠮᠥᠰᠥᠨ ᠳᠡᠪᠦᠷ᠎ᠡ ᠶᠢᠨ ᠰᠢᠯᠢᠳᠡᠭ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠪᠠ᠃
    5 ᠰᠠᠷ᠎ᠠ ᠶᠢᠨ 6 ᠤ ᠡᠳᠦᠷ ᠠᠴᠠ ᠡᠷᠡᠭᠲᠡᠢ ᠶᠢᠨ ᠳᠤᠭᠤᠶᠢᠯᠠᠩ᠂ ᠡᠮᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠡᠬᠢᠯᠡᠬᠦ ᠪᠤᠯᠤᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号