4 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ | ᠪᠡᠶ᠎ᠡ ᠴᠢᠬᠢᠷᠠᠭᠵᠢᠭᠤᠯᠬᠤ ᠪᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠪᠥᠷ | ᠮᠣᠩᠭᠤᠯ ᠤᠨ ᠮᠣᠷᠢᠨ ᠤᠷᠤᠯᠳᠤᠭᠠᠨ ᠤ ᠲᠠᠯᠠᠪᠠᠶ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠭᠡᠰᠢᠭᠦᠨ ᠯᠢ ᠭᠠᠩ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ | ᠬᠤᠯᠪᠣᠭᠠᠴᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ | ᠬᠤᠶᠠᠳᠤᠭᠠᠷ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠦ᠋ ᠯᠢ ᠵᠢᠶᠦ᠋ᠨ᠂ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ | ᠲᠣᠪᠴᠢᠶᠠᠨ ᠳᠠᠷᠤᠭ᠎ᠠ ᠯᠢ ᡁᠢ ᠶᠢᠦ᠂ ᠯᠢᠦ ᠬᠤ᠋ ᠴᠧᠩ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠶᠠᠨ ᠷᠦ᠋ ᠨᠠᠷ | ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠠᠵᠢᠯᠯᠠᠭ᠎ᠠ ᠶᠢ ᠡᠷᠭᠢᠯᠡᠪᠡ᠃ | | ᠲᠤᠰ ᠤᠳᠠᠭ᠎ᠠ ᠶᠢᠨ ᠠᠵᠢᠯᠯᠠᠭ᠎ᠠ ᠶᠢ ᠡᠷᠬᠢᠯᠡᠭᠰᠡᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠤᠨ ᠠᠴᠢᠶᠠᠯᠠᠪᠤᠷᠢ ᠶᠢ | ᠪᠠᠶᠠᠯᠢᠭᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠠᠭᠤᠯᠭ᠎ᠠ ᠶᠢ ᠪᠦᠷᠢᠳᠦᠭᠦᠯᠵᠦ᠂ ᠪᠡᠶ᠎ᠡ ᠶᠢᠨ ᠲᠠᠮᠢᠷ ᠤᠨ | ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠬᠦ᠂ ᠪᠣᠳᠠᠲᠠᠶᠢᠵᠢᠬᠤ᠂ | ᠰᠡᠳᠬᠢᠯ ᠵᠢᠷᠦᠬᠡᠨ ᠳᠡᠭᠡᠨ ᠬᠠᠳᠠᠩᠰᠢᠬᠤ ᠶᠢ ᠲᠠᠰᠤᠷᠠᠯᠲᠠ ᠦᠭᠡᠢ ᠠᠬᠢᠭᠤᠯᠬᠤ ᠶᠢᠨ ᠲᠥᠯᠥᠭᠡ ᠶᠤᠮ᠃ ᠡᠭᠦᠨ ᠤ | ᠬᠠᠮᠲᠤ᠂ ᠮᠠᠨ ᠤ ᠣᠷᠣᠨ ᠳᠤ ᠤᠳᠠᠯ ᠦᠭᠡᠢ ᠡᠷᠭᠢᠯᠡᠬᠦ ᠭᠡᠵᠦ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠠᠷᠪᠠᠨ ᠲᠠᠪᠤᠳᠤᠭᠠᠷ | ᠬᠤᠭᠤᠴᠠᠭᠠᠨ ᠤ ᠪᠦᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠶᠢ ᠤᠬᠠᠭᠤᠯᠵᠦ᠂ ᠲᠣᠮᠣ | ᠤᠷᠤᠯᠳᠤᠭᠠᠨ ᠢᠶᠠᠷ ᠲᠠᠪᠴᠠᠩ ᠪᠣᠯᠭᠠᠵᠤ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠠᠷ ᠠᠷᠠᠳ ᠲᠤ ᠠᠰᠢᠭ | ᠬᠦᠷᠲᠡᠭᠡᠬᠦ ᠠᠵᠢᠯᠯᠠᠭ᠎ᠠ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠷᠤᠯᠳᠤᠭᠠᠨ ᠪᠠ ᠠᠵᠢᠯᠯᠠᠭ᠎ᠠ ᠶᠢ ᠠᠷᠠᠳ | ᠣᠯᠠᠨ ᠤ ᠳᠡᠷᠭᠡᠳᠡ ᠡᠷᠭᠢᠯᠡᠵᠦ᠂ ᠥᠷᠭᠡᠨ ᠣᠯᠠᠨ ᠲᠦᠮᠡᠨ ᠤ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ | ᠲᠠᠰᠤᠷᠠᠯᠲᠠ ᠦᠭᠡᠢ ᠪᠠᠶᠠᠯᠢᠭᠵᠢᠭᠤᠯᠤᠨ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠨᠠᠩ ᠢᠳᠡᠪᠬᠢᠲᠡᠢ᠂ ᠨᠠᠩ | ᠤᠬᠠᠮᠰᠠᠷ ᠠᠴᠠ ᠪᠠᠨ ᠣᠷᠣᠯᠴᠠᠭᠤᠯᠵᠤ᠂ ᠪᠡᠶ᠎ᠡ ᠴᠢᠭᠢᠷᠠᠭᠵᠢᠭᠤᠯᠬᠤ ᠪᠠᠷ ᠲᠠᠮᠵᠢᠨ ᠬᠦᠷᠳᠡᠭᠰᠡᠨ ᠡᠷᠡᠭᠦᠯ ᠮᠡᠨᠳᠦ ᠪᠠ | ᠪᠠᠶᠠᠷ ᠪᠠᠶᠠᠰᠤᠯ ᠢ ᠡᠳ᠋ᠯᠡᠭᠦᠯᠦᠨ᠎ᠡ᠃ | | ᠲᠤᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠶᠡᠷᠦᠩᠬᠡᠢ | ᠡᠪᠯᠡᠯ ᠠᠴᠠ ᠭᠤᠤᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ | ᠪᠣᠷᠤᠯᠠᠭᠤᠯᠭ᠎ᠠ ᠶᠢᠨ ᠬᠠᠮᠢᠶᠠᠷᠤᠯᠲᠠ ᠶᠢᠨ ᠲᠥᠪ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ | ᠲᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠶᠡᠷᠦᠩᠬᠡᠢ ᠠᠩᠭᠢ᠂ ᠥᠪᠥᠷ ᠮᠣᠩᠭᠤᠯ ᠤᠨ ᠵᠠᠮ ᠤᠨ ᠭᠦᠶᠦᠯᠲᠡ ᠶᠢᠨ ᠨᠡᠶᠢᠭᠡᠮᠯᠢᠭ᠂ ᠥᠪᠥᠷ | ᠮᠣᠩᠭᠤᠯ ᠤᠨ ᠬᠦᠷᠳᠦᠲᠦ ᠲᠡᠰᠢᠯᠲᠡ ᠶᠢᠨ ᠨᠡᠶᠢᠭᠡᠮᠯᠢᠭ᠂ ᠥᠪᠥᠷ ᠮᠣᠩᠭᠤᠯ ᠤᠨ ᠮᠥᠰᠥ ᠲᠡᠰᠢᠯᠲᠡ ᠶᠢᠨ ᠨᠡᠶᠢᠭᠡᠮᠯᠢᠭ᠂ | ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠨᠡᠶᠢᠭᠡᠮᠯᠢᠭ᠂ ᠬᠥᠬᠡᠬᠤᠲᠠ ᠶᠢᠨ ᠰᠢᠨ᠎ᠡ ᠬᠤᠲᠠ ᠲᠤᠭᠤᠷᠢᠭ | ᠤᠨ ᠯᠦᠸᠧ ᠹᠧᠩ ᠵᠡᠭᠡᠯᠢ ᠶᠢᠨ ᠪᠠᠭ᠎ᠠ ᠰᠤᠷᠭᠠᠭᠤᠯᠢ ᠠᠴᠠ ᠬᠠᠮᠵᠢᠨ ᠡᠷᠬᠢᠯᠡᠪᠡ᠃ | | ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠪᠥᠬᠦ ᠣᠷᠣᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠤ ᠠᠵᠢᠯᠯᠠᠭ᠎ᠠ᠂ | ︽ᠪᠠᠶᠠᠰᠬᠤᠯᠠᠩᠲᠤ ᠲᠠᠯ᠎ᠠ ᠨᠤᠲᠤᠭ ᠡᠷᠡᠭᠦᠯ ᠡᠩᠬᠡ ᠥᠪᠥᠷ ᠮᠣᠩᠭᠤᠯ︾ ᠪᠥᠬᠦ ᠣᠷᠣᠨ ᠤ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ | ᠭᠤᠣᠯ ᠰᠡᠳᠦᠪᠲᠦ ᠵᠢᠱᠢᠶ᠎ᠡ ᠦᠵᠡᠭᠦᠯᠬᠦ ᠠᠵᠢᠯᠯᠠᠭ᠎ᠠ ᠶᠢ ᠢᠳᠡᠪᠬᠢᠳᠡᠢ ᠵᠤᠬᠢᠶᠠᠨ ᠪᠠᠶᠢᠭᠤᠯᠵᠦ᠂ ᠡᠯ᠎ᠡ ᠱᠠᠲᠤᠨ ᠤ | ᠨᠡᠶᠢᠭᠡᠮ ᠲᠣᠭᠤᠷᠢᠭ ᠤᠨ ᠲᠠᠮᠢᠷ ᠤᠨ ᠴᠤᠭᠯᠠᠭᠠᠨ᠂ ᠣᠯᠠᠨ ᠲᠦᠮᠡᠨᠴᠢ ᠴᠢᠨᠠᠷᠲᠠᠢ ᠤᠷᠤᠯᠳᠤᠭᠠᠨ ᠤ ᠠᠵᠢᠯᠯᠠᠭ᠎ᠠ ᠪᠠᠷ | ᠭᠤᠣᠯ ᠴᠣᠭᠴᠠ ᠪᠣᠯᠭᠠᠵᠤ᠂ ᠥᠪᠥᠷ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ᠂ | ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠰᠦᠮ᠎ᠡ ᠶᠢᠨ | ᠴᠤᠭᠯᠠᠭᠠᠨ ᠵᠡᠷᠭᠡ ᠣᠨᠴᠠᠯᠢᠭᠲᠤ ᠠᠵᠢᠯᠯᠠᠭ᠎ᠠ ᠪᠠᠷ ᠭᠢᠯᠠᠰ ᠴᠡᠭ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ | ᠲᠣᠭᠤᠷᠢᠭ ︵ᠲᠣᠰᠬᠤᠨ︶ ᠢ ᠬᠠᠮᠤᠷᠤᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ | ᠠᠵᠢᠯᠯᠠᠭ᠎ᠠ ᠶᠢᠨ ᠰᠢᠰᠲ᠋ᠧᠮ ᠢ ᠪᠤᠢ ᠪᠤᠯᠭᠠᠵᠦ᠂ ᠨᠠᠩ ᠥᠨᠳᠥᠷ ᠬᠢᠷᠢ ᠲᠦᠪᠰᠢᠨ ᠪᠦᠬᠦᠢ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠳᠤ ᠪᠠᠲᠤ | ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠨᠢ ︽ᠠᠷᠠᠳ ᠲᠤ | ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠣᠯᠠᠨ | ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠣᠯᠠᠨ ᠲᠦᠮᠡᠨ ᠤ ᠳᠡᠷᠭᠡᠳᠡᠬᠢ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠲᠡᠳᠬᠦᠵᠦ᠂ ᠣᠯᠠᠨ | ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠪᠠᠶᠠᠯᠢᠭᠵᠢᠭᠤᠯᠤᠨ᠂ ᠣᠯᠠᠨ ᠲᠦᠮᠡᠨ ᠤ ᠳᠡᠷᠭᠡᠳᠡᠬᠢ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠰᠢᠨᠵᠢᠯᠡᠬᠦ ᠤᠬᠠᠭᠠᠨᠴᠢ ᠪᠠᠷ | ᠪᠡᠶ᠎ᠡ ᠴᠢᠭᠢᠷᠠᠭᠵᠢᠭᠤᠯᠬᠤ ᠵᠢᠯᠣᠭᠤᠳᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ | ᠲᠠᠮᠢᠷ ᠤᠨ ᠪᠡᠶ᠎ᠡ ᠴᠢᠭᠢᠷᠠᠭᠵᠢᠭᠤᠯᠬᠤ ᠰᠣᠶᠣᠯ ᠢ ᠪᠠᠳᠠᠷᠠᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠶᠡᠬᠡᠪᠡᠷ ᠠᠬᠢᠭᠤᠯᠵᠤ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠢᠳᠡᠪᠬᠢᠲᠡᠢ ᠪᠠᠷ ᠪᠣᠶ ᠪᠣᠯᠭᠠᠵᠤ᠂ ᠡᠷᠡᠭᠦᠯ ᠰᠠᠷᠠᠭᠤᠯ | ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠥᠷᠭᠡᠨ ᠣᠯᠠᠨ ᠲᠦᠮᠡᠨ ᠤ ᠵᠣᠯ ᠵᠢᠷᠭᠠᠯᠲᠤ | ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ | ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠢ ᠪᠡᠶᠡᠯᠡᠭᠦᠯᠬᠦ ᠳᠤ ᠪᠡᠶ᠎ᠡ ᠶᠢᠨ ᠲᠠᠮᠢᠷ ᠤᠨ ᠬᠦᠴᠦᠨ ᠴᠢᠳᠠᠯ ᠢᠶᠠᠨ ᠡᠷᠭᠦᠨ᠎ᠡ᠃ | |