ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/3
    3 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠧᠩ ᠢᠦᠢ᠂ ᠲᠤᠪᠴᠢᠶᠠᠨ ᠳᠠᠷᠤᠭ᠎ᠠ ᠳ᠋ᠦ᠋ ᠪᠥᠸᠧ ᠵᠢᠶᠦ᠋ᠨ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠵᠦᠪᠯᠡᠯ ᠤᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠲᠠᠢ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃     ᠸᠠᠩ ᠵᠧᠩ ᠢᠦᠢ ᠠᠴᠠ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠤᠨ ᠦᠢᠯᠡᠰ ᠢ ᠳᠡᠮᠵᠢᠭᠰᠡᠨ ᠳᠤ ᠲᠠᠯᠠᠷᠬᠠᠨ᠂ ᠬᠤᠶᠢᠰᠢᠳᠠ ᠶᠢᠨ ᠨᠢᠭᠡ ᠬᠤᠭᠤᠴᠠᠭᠠᠨ ᠳᠤ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ᠂ ᠴᠢᠳᠠᠪᠤᠷᠢᠲᠠᠨ ᠤ ᠡᠩᠨᠡᠭᠡ᠂ ᠲᠠᠯᠠᠪᠤᠷ ᠲᠥᠬᠦᠭᠡᠷᠦᠮᠵᠢ ᠵᠡᠷᠭᠡ ᠤᠯᠠᠨ ᠲᠠᠯ᠎ᠠ ᠠᠴᠠ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠤᠷᠤᠯᠳᠤᠭᠠᠨ ᠢ ᠬᠠᠮᠲᠤᠪᠠᠷ ᠡᠷᠬᠢᠯᠡᠵᠦ᠂ ᠡᠩᠨᠡᠭᠡ ᠶᠢ ᠬᠠᠮᠲᠤᠪᠠᠷ ᠪᠠᠶᠢᠭᠤᠯᠬᠤ ᠶᠢ ᠪᠡᠶᠡᠯᠡᠭᠦᠯᠦᠨ᠎ᠡ᠃ ᠰᠢᠨ᠎ᠡ ᠠᠷᠭ᠎ᠠ ᠬᠡᠮᠵᠢᠶ᠎ᠡ ᠡᠭᠦᠳᠴᠦ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠪᠡᠶ᠎ᠡ ᠶᠢᠨ ᠲᠠᠮᠢᠷ ᠪᠠ ᠰᠤᠷᠭᠠᠨ ᠬᠦᠮᠦᠵᠢᠯ ᠢ ᠠᠭᠤᠰᠤᠯᠴᠠᠭᠤᠯᠬᠤ ᠲᠤᠷᠰᠢᠯᠲᠠ ᠶᠢᠨ ᠴᠢᠭ᠋ ᠢᠶᠠᠷ ᠲᠠᠮᠵᠢᠭᠤᠯᠤᠨ᠂ ᠪᠡᠶ᠎ᠡ ᠶᠢᠨ ᠲᠠᠮᠢᠷ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ  ᠶᠢ ᠠᠬᠢᠭᠤᠯᠵᠦ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠬᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠬᠦ᠂ ᠴᠡᠷᠢᠭ ᠠᠴᠠ ᠬᠠᠯᠠᠭᠳᠠᠭᠰᠠᠨ ᠰᠢᠯᠢᠳᠡᠭ ᠲᠠᠮᠢᠷᠴᠢᠨ ᠢ ᠤᠷᠢᠵᠦ ᠪᠡᠶ᠎ᠡ ᠶᠢᠨ ᠲᠠᠮᠢᠷ ᠤᠨ ᠪᠠᠭᠰᠢ ᠶᠢᠨ ᠬᠦᠴᠦᠨ ᠢ ᠲᠡᠭᠦᠯᠳᠡᠷᠵᠢᠭᠦᠯᠬᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠪᠡᠶ᠎ᠡ ᠶᠢᠨ ᠲᠠᠮᠢᠷ ᠢᠶᠠᠷ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠬᠦ᠂ ᠶᠡᠭᠡ ᠳᠡᠭᠡᠳᠦ ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠠᠩᠭᠢ ᠶᠢᠨ ᠪᠠᠶᠢᠭᠤᠯᠤᠯᠲᠠ ᠪᠠ  ᠰᠤᠷᠭᠠᠭᠤᠯᠢ ᠳᠤ ᠲᠠᠰᠬᠠᠯᠵᠢᠭᠤᠯᠤᠭᠴᠢ ᠶᠢᠨ ᠠᠵᠢᠯ ᠤᠨ ᠪᠠᠶᠢᠷᠢ ᠲᠤᠬᠢᠷᠠᠭᠤᠯᠬᠤ ᠶᠢ ᠠᠬᠢᠭᠤᠯᠬᠤ ᠵᠡᠷᠭᠡ ᠠᠵᠢᠯ ᠢᠶᠠᠷ ᠲᠠᠮᠵᠢᠨ᠂ ᠪᠡᠶ᠎ᠡ ᠶᠢᠨ ᠲᠠᠮᠢᠷ ᠢᠶᠠᠷ ᠬᠥᠮᠥᠨ ᠬᠥᠮᠥᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃     ᠬᠤᠸᠠᠩ ᠶᠠ ᠯᠢ ᠠᠴᠠ ᠰᠤᠷᠭᠠᠨ ᠬᠥᠮᠦᠵᠢᠯ ᠪᠣᠯᠣᠨ ᠪᠡᠶ᠎ᠡ ᠶᠢᠨ ᠲᠠᠮᠢᠷ ᠢᠶᠠᠷ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠲᠦᠪᠰᠢᠨ ᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠬᠠᠷᠠᠯᠳᠠ ᠨᠢᠭᠡᠳᠦᠯᠳᠡᠢ ᠪᠠᠶᠢᠨ᠎ᠡ᠃ ᠰᠤᠯᠢᠯᠴᠠᠭ᠎ᠠ ᠪᠠᠨ ᠴᠢᠩᠭᠠᠳᠬᠠᠵᠤ᠂ ᠨᠡᠭᠡᠭᠡᠯᠲᠡ ᠲᠠᠢ ᠪᠠ ᠠᠭᠤᠰᠤᠯᠴᠠᠬᠤ ᠶᠢ ᠪᠠᠶᠠᠯᠡᠭᠦᠯᠦᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠮᠠᠨ ᠤ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ  ᠰᠢᠰᠲ᠋ᠧᠮ ᠪᠠ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠡᠷᠡᠮᠡᠯᠵᠡᠯᠡᠨ ᠮᠡᠳᠡᠭᠦᠯᠬᠦ ᠪᠠᠷᠢᠮᠵᠢᠶ᠎ᠠ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠩᠭᠢ ᠶᠢᠨ ᠤᠷᠤᠯᠳᠤᠭᠠᠨ ᠪᠤᠯᠪᠠᠰᠤᠷᠠᠯ ᠤᠨ ᠬᠢᠷᠢ ᠬᠡᠮᠵᠢᠶ᠎ᠡ ᠪᠠ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠪᠠᠭᠰᠢ ᠪᠠ ᠲᠠᠰᠬᠠᠯᠵᠢᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠴᠡᠷᠢᠭ ᠠᠴᠠ ᠬᠠᠯᠠᠭᠳᠠᠭᠰᠠᠨ ᠰᠢᠯᠢᠳᠡᠭ ᠲᠠᠮᠢᠷᠴᠢᠳ ᠪᠠ ᠲᠠᠰᠬᠠᠯᠵᠢᠭᠤᠯᠤᠭᠴᠢ ᠶᠢᠨ ᠰᠤᠷᠭᠠᠭᠤᠯᠢ ᠳᠤ ᠣᠷᠣᠬᠤ ᠠᠵᠢᠯ ᠤᠨ ᠲᠣᠭᠲᠠᠴᠠ ᠶᠢ ᠵᠢᠷᠤᠮᠵᠢᠭᠤᠯᠤᠨ᠎ᠠ᠃ ᠰᠤᠷᠭᠠᠭᠤᠯᠢ ᠪᠠ ᠨᠡᠶᠢᠭᠡᠮ ᠤᠨ ᠬᠥᠳᠡᠯᠭᠡᠭᠡᠨ ᠤ ᠲᠠᠯᠠᠪᠤᠷ ᠣᠷᠳᠣᠨ ᠢ ᠬᠤᠣᠰ ᠴᠢᠭᠯᠡᠯ ᠢᠶᠠᠷ ᠨᠡᠭᠡᠭᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠨᠡᠩ ᠤᠯᠠᠨ ᠬᠥᠮᠥᠰ ᠲᠤ ᠠᠰᠢᠭ ᠬᠦᠷᠲᠡᠭᠡᠨ᠎ᠡ ᠭᠡᠵᠦ ᠢᠯᠡᠳᠬᠡᠪᠡ᠃     ᠬᠤᠷᠠᠯ ᠠᠴᠠ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠤᠨ ᠬᠠᠷᠠᠯᠲᠠ ᠪᠠ ᠬᠡᠷᠡᠭᠵᠢᠭᠦᠯᠬᠦ ᠠᠷᠭ᠎ᠠ ᠵᠠᠮ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠳᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠪᠠᠷ ᠢᠶᠠᠨ ᠶᠠᠷᠢᠯᠴᠠᠬᠤ ᠬᠤᠷᠠᠯ ᠤᠨ ᠰᠤᠳᠤᠯᠤᠨ ᠲᠣᠭᠲᠠᠭᠠᠭᠰᠠᠨ ᠵᠦᠢᠯᠡᠰ ᠤᠨ ᠲᠤᠬᠠᠢ ᠪᠣᠳᠠᠲᠠᠢ ᠠᠷᠭ᠎ᠠ ᠬᠡᠮᠵᠢᠶ᠎ᠡ ᠶᠢ ᠪᠦᠷᠢᠯᠳᠦᠭᠦᠯᠵᠦ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠨ ᠠᠬᠢᠭᠤᠯᠬᠤ ᠠᠵᠢᠯ ᠢ ᠬᠠᠮᠵᠢᠯᠴᠠᠨ ᠰᠠᠶᠢᠲᠤᠷ ᠠᠳᠬᠤᠨ᠎ᠠ᠃     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠣᠨ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号